ᠠᠷᠠᠳ ᠤᠨ ᠶᠠᠪᠤᠳᠠᠯ ᠤᠨ ᠶᠠᠮᠤᠨ | | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠠᠷᠠᠳ ᠤᠨ ᠶᠠᠪᠤᠳᠠᠯ ᠤᠨ | ᠶᠠᠮᠤᠨ ᠵᠡᠷᠭᠡ 5 ᠰᠠᠯᠠᠭ᠎ᠠ ᠮᠥᠴᠢᠷ ᠤᠨ ᠬᠢᠨ ᠬᠠᠮᠲᠤᠷᠠᠨ ᠤᠷᠴᠢᠮ ᠳᠤ ︽2024 ᠣᠨ ᠤ ᠠᠯᠲᠠᠨ ᠨᠠᠮᠤᠷ ᠤᠨ | ᠠᠵᠢᠯᠲᠠᠨ ᠡᠯᠰᠡᠬᠦ ᠰᠠᠷ᠎ᠠ ᠶᠢᠨ ᠠᠵᠢᠯᠯᠠᠭ᠎ᠠ︾ ᠶᠢ ᠡᠬᠢᠯᠡᠭᠦᠯᠪᠡ᠃ ᠠᠵᠢᠯᠯᠠᠭ᠎ᠠ ᠨᠢ ᠨᠢᠭᠡ ᠰᠠᠷ᠎ᠠ ᠶᠢᠨ | ᠬᠤᠭᠤᠴᠠᠭ᠎ᠠ ᠲᠠᠢ ᠶᠠᠪᠤᠭᠳᠠᠵᠤ᠂ ᠦᠢᠯᠡᠴᠢᠯᠡᠬᠦ ᠡᠲᠡᠭᠡᠳ ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ | ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠳᠡᠭᠡᠳᠦ | ᠰᠤᠷᠭᠠᠭᠤᠯᠢ ᠲᠡᠭᠦᠰᠦᠭᠰᠡᠳ᠂ ᠬᠥᠯᠥᠰᠦᠨ ᠠᠵᠢᠯᠴᠢᠨ᠂ ᠴᠡᠷᠢᠭ ᠠᠴᠠ ᠬᠠᠯᠠᠭᠳᠠᠭᠰᠠᠳ᠂ ᠠᠵᠢᠯ ᠠᠯᠳᠠᠭᠰᠠᠳ ᠢᠶᠠᠷ | ᠪᠦᠷᠢᠳᠬᠡᠭᠦᠯᠬᠦ ᠪᠠᠷ ᠭᠤᠣᠯᠳᠠᠯᠭ᠎ᠠ ᠪᠣᠯᠭᠠᠨ᠎ᠠ᠃ ᠠᠵᠢᠯᠯᠠᠭ᠎ᠠ ᠶᠢᠨ ᠬᠤᠭᠤᠴᠠᠭᠠᠨ ᠳᠤ ᠡᠯ᠎ᠡ ᠭᠠᠵᠠᠷ ᠤᠨ ᠬᠢᠨ | ᠰᠦᠯᠵᠢᠶᠡᠨ ᠭᠠᠳᠠᠨ᠎ᠠ ᠠᠵᠢᠯᠲᠠᠨ ᠡᠯᠰᠡᠬᠦ ᠡᠯ᠎ᠡ ᠲᠥᠷᠥᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠬᠦᠯᠬᠦ | ᠶᠢᠨ ᠬᠠᠮᠳᠤ ᠪᠠᠰᠨ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠬᠤ ᠵᠡᠷᠭᠡ ᠰᠦᠯᠵᠢᠶ᠎ᠡ ᠪᠠᠷ | ᠠᠵᠢᠯᠲᠠᠨ ᠡᠯᠰᠡᠬᠦ ᠠᠵᠢᠯᠯᠠᠭ᠎ᠠ ᠶᠢ ᠵᠡᠷᠬᠡ ᠪᠠᠷ ᠥᠷᠨᠢᠭᠦᠯᠵᠦ᠂ ᠰᠤᠯᠨ ᠠᠵᠢᠯᠴᠢᠨ ᠲᠦᠷᠬᠡᠨ ᠡᠯᠰᠡᠬᠦ ᠦᠢᠯᠡᠴᠢᠯᠡᠭᠡ | ᠶᠢ ᠬᠠᠩᠭᠠᠬᠤ ᠶᠢᠨ ᠬᠠᠮᠲᠤ ᠠᠵᠢᠯ ᠡᠷᠢᠭᠰᠡᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠠᠵᠢᠯ | ᠮᠡᠷᠭᠡᠵᠢᠯ ᠤᠨ ᠵᠢᠯᠣᠭᠤᠳᠤᠯᠭ᠎ᠠ ᠪᠠ ᠡᠷᠬᠡ ᠠᠰᠢᠭ ᠤᠨ ᠪᠠᠲᠤᠯᠠᠭ᠎ᠠ ᠶᠢᠨ ᠲᠤᠬᠠᠢ ᠦᠢᠯᠡᠴᠢᠯᠡᠭᠡ ᠶᠢ ᠬᠠᠨᠳᠤᠯᠭ᠎ᠠ ᠲᠠᠢ | ᠬᠠᠨᠭ᠍ᠭᠠᠬᠤ ᠪᠤᠯᠤᠨ᠎ᠠ᠃ | | | ᠨᠡᠶᠢᠭᠡᠮ ᠤᠨ ᠲᠤᠰᠠᠯᠠᠮᠵᠢ | | ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 10 ᠳ᠋ᠤᠭᠠᠷ ᠰᠠᠷ᠎ᠠ ᠶᠢᠨ 11 ᠤ | ᠡᠳᠦᠷ 2024 ᠣᠨ ᠤ ᠪᠥᠬᠦ ᠬᠤᠲᠠ ᠶᠢᠨ ᠨᠡᠶᠢᠭᠡᠮ ᠤᠨ ᠲᠤᠰᠠᠯᠠᠮᠵᠢ ᠶᠢᠨ ᠠᠵᠢᠯ ᠤᠨ ᠪᠣᠯᠪᠠᠰᠤᠷᠠᠯ ᠡᠷᠭᠢᠯᠡᠪᠡ᠃ | ︽ᠪᠤᠭᠤᠲᠤ ᠬᠤᠲᠠ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ | ᠠᠷᠭ᠎ᠠ︾᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠠᠭᠠᠨ᠎ᠠ ᠴᠠᠭᠠᠨ᠎ᠠ ᠭᠡᠷ ᠪᠦᠯᠢ ᠪᠠ ᠵᠠᠶᠢᠯᠠᠰᠢ ᠦᠭᠡᠢ | ᠵᠠᠷᠤᠯᠭ᠎ᠠ ᠶᠢᠨ ᠬᠦᠴᠢᠷᠳᠡᠯ ᠲᠠᠢ ᠭᠡᠷ ᠪᠦᠯᠢ ᠶᠢ ᠮᠠᠭᠠᠳᠯᠠᠨ ᠲᠣᠭᠲᠠᠭᠠᠬᠤ᠂ ᠣᠷᠣᠯᠭ᠎ᠠ ᠪᠠᠭ᠎ᠠ ᠬᠦᠮᠦᠰ ᠤᠨ | ᠬᠥᠳᠡᠯᠦᠩᠭᠦᠢ ᠪᠠᠶᠢᠳᠠᠯ ᠢ ᠬᠢᠨᠠᠬᠤ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠬᠤ᠂ ᠨᠡᠶᠢᠭᠡᠮ ᠤᠨ ᠲᠤᠰᠠᠯᠠᠮᠵᠢ | ︽ᠨᠢᠭᠡ ᠶᠠᠪᠤᠳᠠᠯ︾ ᠤᠨ ᠲᠥᠷᠥ ᠶᠢᠨ ᠪᠣᠳᠣᠯᠭ᠎ᠠ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠶ ᠵᠣᠯᠭᠠᠭᠤᠯᠬᠤ ᠵᠡᠷᠭᠡ ᠠᠵᠢᠯ ᠢ ᠭᠤᠣᠯᠳᠠᠯᠭ᠎ᠠ ᠲᠠᠢ ᠪᠠᠷ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ | ᠭᠦᠨᠵᠡᠭᠡᠢ ᠲᠠᠶᠢᠯᠤᠮᠵᠢ ᠬᠢᠪᠡ᠃ ᠪᠤᠭᠤᠳᠤ ᠬᠤᠲᠠ ᠶᠢᠨ ᠬᠤᠰᠢᠭᠤ ᠰᠢᠶᠠᠨ ᠲᠣᠭᠤᠷᠢᠭ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ᠂ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠭᠤᠣᠯᠯᠠᠭᠴᠢ 50 ᠭᠠᠷᠤᠢ ᠬᠥᠮᠥᠨ | ᠪᠣᠯᠪᠠᠰᠤᠷᠠᠯ ᠳᠤ ᠣᠷᠣᠯᠴᠠᠵᠠᠢ᠃ | | ᠣᠷᠣᠨ ᠬᠤᠪᠢᠶᠠᠷᠢᠯᠠᠯ ᠭᠠᠵᠠᠷ ᠤᠨ ᠨᠡᠷᠡᠰ | ᠬᠥᠬᠡᠬᠤᠲᠠ ᠶᠢᠨ ᠬᠢᠨ ᠱᠦᠢ ᠮᠦᠸᠧ ᠲᠣᠰᠬᠤᠨ᠂ ᠲᠠᠶᠢᠭᠠᠳᠤ ᠲᠣᠰᠬᠤᠨ ᠪᠣᠯᠣᠨ ᠲᠠᠶᠢᠵᠢ ᠶᠢᠨ ᠠᠶᠢᠯ | ᠲᠣᠰᠬᠤᠨ ᠢᠶᠠᠷ ᠲᠤᠷᠰᠢᠯᠲᠠ ᠬᠢᠵᠦ ︽ᠬᠥᠳᠡᠭᠡ ᠲᠣᠰᠬᠤᠨ ᠤ ᠨᠡᠷᠡᠳᠦ ᠠᠵᠢᠯᠯᠠᠭ᠎ᠠ︾ ᠶᠢ ᠭᠦᠨᠵᠡᠭᠡᠢ | ᠥᠷᠨᠢᠭᠦᠯᠵᠦ᠂ ᠭᠠᠵᠠᠷ ᠤᠨ ᠨᠡᠷᠡᠰ ᠤᠨ ᠰᠣᠶᠣᠯ ᠤᠨ ᠲᠦᠷᠦᠯ ᠲᠡᠮᠳᠡᠭ ᠢ ᠡᠭᠦᠳᠬᠦ ᠶᠢ ᠴᠢᠬᠤᠯᠠᠴᠢᠯᠠᠵᠤ᠂ | ᠨᠠᠶᠢᠷᠠᠮᠳᠠᠭᠤ ᠦᠵᠡᠰᠬᠦᠯᠡᠩ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠦᠴᠦ ᠨᠡᠮᠡᠷᠢᠯᠡᠪᠡ᠃ 2024 ᠣᠨ ᠳᠤ | ᠨᠢᠭᠡᠳᠦᠭᠡᠷ ᠪᠦᠯᠦᠭ ᠤᠨ ᠲᠤᠷᠰᠢᠯᠲᠠ ᠶᠢᠨ ᠴᠡᠭ ᠤᠨ ᠬᠥᠳᠡᠭᠡ ᠲᠣᠰᠬᠤᠨ ᠳᠤ ᠲᠠᠷᠢᠶᠠᠴᠢᠳ ᠲᠤ ᠠᠰᠢᠭ | ᠬᠦᠷᠲᠡᠭᠡᠵᠦ ᠲᠠᠷᠢᠶᠠᠴᠢᠳ ᠲᠤ ᠲᠤᠰᠠᠯᠠᠬᠤ ᠳᠤᠷ᠎ᠠ ᠰᠣᠨᠢᠷᠬᠠᠯ ᠤᠨ ᠴᠡᠭ ᠢ 621 ᠴᠤᠬᠯᠠᠭᠤᠯᠪᠠ ︵ᠡᠬᠦᠨ ᠳᠤ | ᠭᠤᠤ ᠳ᠋ᠧ ᠭᠠᠵᠠᠷ ᠤᠨ ᠵᠢᠷᠤᠭ ᠲᠤ 136 ᠤᠷᠤᠭᠤᠯᠵᠤ᠂ ᠪᠠᠢ ᠳ᠋ᠦ᠋ ᠭᠠᠵᠠᠷ ᠤᠨ ᠵᠢᠷᠤᠭ ᠢ 169 ᠤᠷᠤᠭᠤᠯᠪᠠ︶ | ᠃ ᠡᠬᠦᠨ ᠤ ᠲᠤᠳᠤᠷ᠎ᠠ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ 206᠂ ᠲᠠᠷᠢᠶᠠᠴᠢᠨ ᠠᠶᠢᠯ ᠤᠨ | ᠵᠤᠭᠠᠴᠠᠯ ᠤᠨ ᠲᠥᠬᠦᠭᠡᠷᠦᠮᠵᠢ 36᠂ ᠠᠷᠠᠳ ᠤᠨ ᠣᠷᠣᠨ ᠰᠠᠭᠤᠴᠠ 69᠂ ᠲᠦᠷᠭᠡᠨ ᠬᠦᠷᠭᠡᠬᠦ ᠪᠠᠷᠠᠭᠠᠨ ᠤ | ᠭᠦᠢᠯᠭᠡᠭᠡᠨ ᠤ ᠴᠡᠭ 5 ᠪᠠᠶᠢᠭ᠎ᠠ ᠶᠤᠮ ᠪᠠᠶᠢᠨ᠎ᠠ᠃ | | ᠨᠠᠰᠤᠵᠢᠯ ᠤᠨ ᠦᠢᠯᠡᠴᠢᠯᠡᠭᠡ | | | ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠡᠷᠬᠢᠨ | ᠦᠵᠡᠵᠦ ᠲᠣᠬᠤᠨᠢᠭᠤᠯᠬᠤ᠂ ᠬᠠᠯᠠᠮᠵᠢᠯᠠᠵᠤ ᠲᠡᠳᠬᠦᠬᠦ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ᠂ ᠰᠠᠶᠢᠨ | ᠳᠤᠷ᠎ᠠ ᠶᠢᠨ ᠦᠢᠯᠡᠴᠢᠯᠡᠭᠡ᠂ ᠨᠠᠰᠤᠲᠠᠶᠢᠴᠤᠳ ᠤᠨ ᠡᠷᠬᠡ ᠠᠰᠢᠭ ᠢ ᠬᠠᠮᠠᠭᠠᠯᠠᠬᠤ᠂ ᠡᠷᠡᠭᠦᠯ ᠮᠡᠨᠳᠦ ᠶᠢᠨ ᠮᠡᠳᠡᠯᠭᠡ ᠶᠢ | ᠲᠦᠭᠡᠮᠡᠯᠵᠢᠭᠦᠯᠬᠦ ᠵᠡᠷᠭᠡ 6 ᠲᠦᠷᠦᠯ ᠤᠨ 17 ᠵᠦᠢᠯ ᠤᠨ ᠠᠭᠤᠯᠭ᠎ᠠ ᠪᠠᠷ ᠭᠤᠣᠯ ᠰᠡᠳᠦᠪ ᠪᠣᠯᠭᠠᠭᠰᠠᠨ 2024 | ᠣᠨ ᠤ ︽ᠨᠠᠰᠤᠲᠠᠶᠢᠴᠤᠳ ᠢ ᠬᠦᠨᠳᠦᠯᠡᠬᠦ ᠰᠠᠷ᠎ᠠ︾ ᠪᠠ ︽ ᠶᠢᠰᠦᠨ ᠰᠠᠷ᠎ᠠ ᠶᠢᠨ ᠶᠢᠰᠦᠨ ᠤ ᠪᠠᠶᠠᠷ︾ ᠤᠨ | ᠰᠢᠷᠢᠰ ᠠᠵᠢᠯᠯᠠᠭ᠎ᠠ ᠶᠢ ᠥᠷᠨᠢᠭᠦᠯᠵᠡᠢ᠃ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠲᠤᠬᠠᠢ ᠶᠢᠨ ᠡᠳᠦᠷ ᠪᠥᠬᠦ | ᠠᠶᠢᠮᠠᠭ ᠤᠨ ᠬᠢᠨ ᠨᠡᠶᠢᠲᠡ 100 ᠭᠠᠷᠤᠢ ᠤᠳᠠᠭᠠᠨ ᠤ ᠠᠵᠢᠯᠯᠠᠭ᠎ᠠ ᠥᠷᠨᠢᠭᠦᠯᠵᠦ ᠨᠡᠶᠢᠭᠡᠮ ᠤᠨ ᠡᠯ᠎ᠡ | ᠡᠲᠡᠭᠡᠳ ᠤᠨ ᠬᠢᠨ ᠢ ᠵᠣᠬᠢᠶᠠᠨ ᠪᠠᠶᠢᠭᠤᠯᠵᠤ ᠨᠠᠰᠤᠲᠠᠶᠢᠴᠤᠳ ᠲᠠᠢ ᠬᠠᠮᠲᠤ ᠪᠠᠷ ᠪᠠᠶᠠᠷ ᠤᠨ ᠡᠳᠦᠷ ᠢ ᠥᠩᠭᠡᠷᠡᠭᠦᠯᠪᠡ | ᠃ | | | ᠬᠡᠦᠬᠡᠳ ᠤᠨ ᠠᠰᠠᠷᠠᠮᠵᠢ | | | ᠠᠯᠠᠱᠠ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠵᠠᠰᠠᠭ ᠤᠨ ᠣᠷᠳᠣᠨ | ᠦᠢᠯᠡᠴᠢᠯᠡᠭᠡ ᠬᠤᠳᠠᠯᠳᠤᠨ ᠠᠪᠴᠤ ᠦᠭᠭᠦ ᠠᠷᠭ᠎ᠠ ᠪᠠᠷ ᠪᠥᠬᠦ ᠠᠶᠢᠮᠠᠭ ᠤᠨ ᠬᠡᠦᠬᠡᠳ ᠤᠨ ᠠᠰᠠᠷᠠᠮᠵᠢ ᠶᠢᠨ | ᠲᠥᠷᠥ ᠶᠢᠨ ᠪᠣᠳᠣᠯᠭ᠎ᠠ ᠶᠢᠨ ᠰᠦᠯᠵᠢᠶᠡᠨ ᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠵᠦ᠂ ᠡᠯ᠎ᠡ | ᠬᠤᠰᠢᠭᠤ ︵ᠲᠣᠭᠤᠷᠢᠭ︶ ᠶᠢᠨ ᠠᠷᠠᠳ ᠤᠨ ᠶᠠᠪᠤᠳᠠᠯ ᠤᠨ ᠰᠢᠰᠲ᠋ᠧᠮ ᠤᠨ ᠬᠡᠦᠬᠡᠳ ᠤᠨ ᠠᠰᠠᠷᠠᠮᠵᠢ ᠶᠢᠨ | ᠠᠵᠢᠯᠲᠠᠨ ᠤ 120 ᠭᠠᠷᠤᠢ ᠬᠥᠮᠥᠨ ᠤᠷᠤᠯᠳᠤᠭᠠᠨ ᠳᠤ ᠤᠷᠤᠯᠴᠠᠭᠤᠯᠤᠭᠠᠳ ᠨᠢᠭᠡᠳᠦᠭᠡᠷ ᠳᠡᠰ ᠲᠤ 3 ᠬᠦᠮᠦᠨ᠂ | ᠬᠤᠶᠠᠳᠤᠭᠠᠷ ᠳᠡᠰ ᠲᠤ 7 ᠬᠦᠮᠦᠨ᠂ ᠭᠤᠷᠪᠠᠳᠤᠭᠠᠷ ᠳᠡᠰ ᠲᠤ 10 ᠬᠦᠮᠦᠨ᠂ ᠰᠢᠯᠢᠳᠡᠭ ᠱᠠᠩᠨᠠᠯ ᠳᠤ 30 | ᠬᠦᠮᠦᠨ ᠢ ᠰᠢᠯᠭᠠᠷᠠᠭᠤᠯᠤᠭᠠᠳ ᠲᠤᠰ ᠲᠤᠰ 500 ᠲᠥᠭᠦᠷᠢᠭ᠂ 300 ᠲᠥᠭᠦᠷᠢᠭ᠂ 200 ᠲᠥᠭᠦᠷᠢᠭ᠂ 100 | ᠲᠥᠭᠦᠷᠢᠭ ᠢᠶᠠᠷ ᠱᠠᠩᠨᠠᠬᠰᠠᠨ ᠪᠠᠶᠢᠨ᠎ᠠ᠃ | | | | | |