ᠠᠷᠠᠳ ᠤᠨ ᠶᠠᠪᠤᠳᠠᠯ ᠤᠨ ᠶᠠᠮᠤᠨ | | ᠠᠷᠠᠳ ᠤᠨ ᠶᠠᠪᠤᠳᠠᠯ ᠤᠨ ᠶᠠᠮᠤᠨ᠂ ᠪᠥᠬᠦ ᠤᠯᠤᠰ ᠤᠨ ᠨᠠᠰᠤᠲᠠᠶᠢᠴᠤᠳ ᠤᠨ ᠠᠵᠢᠯ ᠤᠨ ᠠᠯᠪᠠᠨ ᠭᠡᠷ ᠤᠨ ᠬᠢᠨ | 10 ᠳ᠋ᠤᠭᠠᠷ ᠰᠠᠷ᠎ᠠ ᠶᠢᠨ 11 ᠤ ᠡᠳᠦᠷ ︽2023 ᠣᠨ ᠤ ᠤᠯᠤᠰ ᠤᠨ ᠨᠠᠰᠤᠲᠠᠶᠢᠴᠤᠳ ᠤᠨ ᠦᠢᠯᠡᠰ ᠤᠨ | ᠬᠥᠭᠵᠢᠯᠲᠡ ᠶᠢᠨ ᠠᠯᠪᠠᠨ ᠮᠡᠳᠡᠭᠡ︾ ᠶᠢ ᠨᠡᠶᠢᠲᠡᠯᠡᠪᠡ᠃ ᠠᠯᠪᠠᠨ ᠮᠡᠳᠡᠭᠡ ᠳᠤ ᠢᠯᠡᠷᠡᠭᠦᠯᠦᠭᠰᠡᠨ ᠢᠶᠠᠷ 2023 | ᠣᠨ ᠤ ᠡᠴᠦᠰ ᠪᠣᠯᠲᠠᠯ᠎ᠠ ᠪᠥᠬᠦ ᠤᠯᠤᠰ ᠤᠨ ᠪᠦᠬᠦᠯᠢ 60 ᠨᠠᠰᠤ ᠪᠠ60 ᠨᠠᠰᠤᠨ ᠠᠴᠠ ᠳᠡᠭᠡᠭᠰᠢᠬᠢ | ᠨᠠᠰᠤᠲᠠᠶᠢᠴᠤᠳ 29697 ᠲᠦᠮᠡ ᠳᠤ ᠬᠦᠷᠴᠦ ᠪᠥᠬᠦ ᠬᠥᠮᠥᠨ ᠠᠮᠠ ᠶᠢᠨ 21.1% ᠶᠢ ᠡᠵᠡᠯᠡᠪᠡ᠃ ᠪᠥᠬᠦ | ᠤᠯᠤᠰ ᠤᠨ ᠪᠦᠬᠦᠯᠢ 65 ᠨᠠᠰᠤ ᠪᠠ65 ᠨᠠᠰᠤᠨ ᠠᠴᠠ ᠳᠡᠭᠡᠭᠰᠢᠬᠢ ᠨᠠᠰᠤᠲᠠᠶᠢᠴᠤᠳ 21676 ᠲᠦᠮᠡ᠂ ᠪᠥᠬᠦ | ᠬᠥᠮᠥᠨ ᠠᠮᠠ ᠶᠢᠨ 15.4% ᠶᠢ ᠡᠵᠡᠯᠡᠵᠦ ᠪᠠᠶᠢᠨ᠎ᠠ᠃ ᠪᠥᠬᠦ ᠤᠯᠤᠰ ᠤᠨ ᠪᠦᠬᠦᠯᠢ 65 ᠨᠠᠰᠤ ᠪᠠ65 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠢ ᠠᠰᠠᠷᠠᠨ ᠲᠡᠵᠢᠭᠡᠬᠦ ᠬᠠᠷᠢᠴᠠᠯ ᠨᠢ 22.5% ᠪᠣᠯᠣᠨ᠎ᠠ᠃ | ᠠᠷᠠᠳ ᠤᠨ ᠶᠠᠪᠤᠳᠠᠯ ᠤᠨ ᠶᠠᠮᠤᠨ ᠤ ᠬᠢᠨ ᠤᠷᠴᠢᠮ ᠳᠤ ᠪᠥᠬᠦ ᠤᠯᠤᠰ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢ ᠲᠤᠷᠰᠢᠨ ᠠᠵᠢᠯᠯᠠᠭᠤᠯᠪᠠ᠃ ᠨᠡᠶᠢᠭᠡᠮ ᠤᠨ ᠣᠯᠠᠨ ᠨᠡᠶᠢᠲᠡ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯᠲᠠᠨ ᠪᠠ ᠪᠠᠶᠢᠭᠤᠯᠤᠮᠵᠢ ᠵᠡᠷᠭᠡ ᠳᠤ ᠮᠡᠳᠡᠭᠡ ᠵᠠᠩᠭᠢ ᠯᠠᠪᠯᠠᠬᠤ | ᠂ ᠦᠢᠯᠡᠴᠢᠯᠡᠭᠡᠨ ᠤ ᠶᠠᠪᠤᠴᠨ ᠪᠠ ᠬᠡᠷᠡᠭ ᠶᠠᠪᠤᠳᠠᠯ ᠢ ᠭᠦᠢᠴᠡᠳᠬᠡᠬᠦ ᠵᠡᠷᠭᠡ ᠦᠢᠯᠡᠴᠢᠯᠡᠭᠡ ᠬᠠᠩᠭᠠᠬᠤ ᠶᠢᠨ ᠲᠥᠯᠥᠭᠡ | ᠲᠠᠪᠴᠠᠩ ᠳᠤ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ᠂ ᠦᠢᠯᠡᠴᠢᠯᠡᠭᠡᠨ ᠤ ᠪᠠᠶᠢᠴᠠᠭᠠᠨ ᠯᠠᠪᠯᠠᠬᠤ᠂ | ᠰᠦᠯᠵᠢᠶᠡᠨ ᠳᠡᠭᠡᠷ᠎ᠡ ᠭᠦᠢᠴᠡᠳᠬᠡᠬᠦ᠂ ᠨᠠᠰᠤᠵᠢᠯ ᠤᠨ ᠠᠰᠠᠷᠠᠮᠵᠢ ᠶᠢᠨ ᠭᠠᠵᠠᠷ ᠤᠨ ᠵᠢᠷᠤᠭ ᠵᠡᠷᠭᠡ ᠬᠡᠰᠡᠭ ᠢ | ᠲᠣᠬᠢᠷᠠᠭᠤᠯᠵᠠᠢ᠃ | ᠰᠦᠯᠵᠢᠶᠡᠨ ᠤ ᠬᠠᠶ᠋ᠢᠭ᠄ https://yanglao.mca.gov.cn | | | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ | | ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠬᠤᠲᠠ ᠶᠢᠨ ᠬᠢᠨ ᠤᠷᠴᠢᠮ ᠳᠤ ᠲᠣᠰ ᠱᠠᠲᠤᠨ ᠤ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ 2023 ᠣᠨ ᠤ ᠣᠨ ᠤ ᠪᠠᠶᠢᠴᠠᠭᠠᠯᠲᠠ ᠶᠢᠨ ᠠᠵᠢᠯ ᠢ ᠡᠮᠬᠢ | ᠵᠢᠷᠤᠮ ᠲᠠᠢ ᠥᠷᠨᠢᠭᠦᠯᠦᠭᠰᠡᠨ ᠪᠥᠭᠡᠳ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠯᠪᠠᠨ ᠤ ᠰᠦᠯᠵᠢᠶ᠎ᠡ ᠪᠠᠷ | ᠳᠠᠮᠵᠢᠭᠤᠯᠤᠨ ᠬᠥᠬᠡᠬᠤᠲᠠ ᠶᠢᠨ ᠲᠣᠰ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ 2023 ᠣᠨ ᠤ | ᠪᠠᠶᠢᠴᠠᠭᠠᠯᠲᠠ ᠶᠢᠨ ᠳ᠋ᠦᠩᠨᠡᠯᠲᠡ ︵ᠨᠢᠭᠡᠳᠦᠭᠡᠷ ᠪᠦᠯᠦᠭ︶ ᠶᠢ 290 ᠨᠡᠶᠢᠲᠡᠯᠡᠪᠡ᠂ ᠡᠭᠦᠨ ᠳᠤ᠄ ᠬᠢᠷᠢ ᠲᠡᠩᠴᠡᠭᠰᠡᠨ | ᠨᠢ 186᠂ ᠦᠨᠳᠦᠰᠦᠨ ᠳᠤ ᠪᠠᠨ ᠬᠢᠷᠢ ᠲᠡᠩᠴᠡᠭᠰᠡᠨ ᠨᠢ 104 ᠪᠠᠶᠢᠨ᠎ᠠ᠃ | ᠰᠢᠯᠢ ᠶᠢᠨ ᠭᠤᠣᠯ ᠠᠶᠢᠮᠠᠭ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠳᠤ ᠣᠷᠣᠯᠴᠠᠬᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠵᠠᠰᠠᠭ ᠤᠨ ᠣᠷᠳᠣᠨ ᠤ | ᠦᠢᠯᠡᠴᠢᠯᠡᠭᠡ ᠬᠤᠳᠠᠯᠳᠤᠨ ᠠᠪᠴᠤ ᠦᠭᠭᠦ ᠠᠷᠭ᠎ᠠ ᠪᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠣᠷᠣᠭᠤᠯᠤᠨ | ᠠᠪᠴᠢᠷᠠᠵᠤ ᠣᠯᠠᠨ ᠲᠦᠮᠡᠨ ᠳᠤ ᠣᠯᠠᠨ ᠡᠰᠢᠵᠢᠭᠰᠡᠨ᠂ ᠲᠤᠰᠬᠠᠶᠢᠵᠢᠭᠰᠠᠨ ᠦᠢᠯᠡᠴᠢᠯᠡᠭᠡ ᠬᠠᠨᠭ᠍ᠭᠠᠪᠠ᠃ 2024 | ᠣᠨ ᠠᠴᠠ ᠨᠠᠭᠠᠰᠢ 230 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠴᠢᠯᠡᠭᠡ ᠶᠢ 16 ᠵᠦᠢᠯ ᠬᠤᠳᠠᠯᠳᠤᠨ ᠠᠪᠴᠤ᠂ ᠬᠡᠦᠬᠡᠳ᠂ ᠨᠠᠰᠤᠵᠢᠯ ᠤᠨ ᠠᠰᠠᠷᠠᠮᠵᠢ᠂ | ᠨᠡᠶᠢᠭᠡᠮ ᠤᠨ ᠠᠵᠢᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠪᠴᠢᠭᠦᠯᠬᠦ ᠰᠠᠭᠤᠷᠢᠨ ᠭᠠᠵᠠᠷ ᠤᠨ ᠡᠵᠡᠩᠨᠡᠯᠲᠡ | ᠬᠠᠮᠢᠶᠠᠷᠤᠯᠲᠠ ᠵᠡᠷᠭᠡ ᠶᠢ ᠬᠠᠮᠤᠷᠪᠠ᠃ | | | | |