2024 ᠣᠨ ᠤ 10 ᠰᠠᠷ᠎ᠠ ᠶᠢᠨ 14 ᠤ ᠡᠳᠦᠷ ᠪᠣᠯ 55 ᠳ᠋ᠤᠭᠠᠷ ᠳᠡᠯᠡᠬᠡᠢ ᠶᠢᠨ ᠪᠠᠷᠢᠮᠵᠢᠶᠠᠵᠢᠭᠤᠯᠤᠯᠳᠠ | ᠡᠳᠦᠷ ᠪᠣᠯᠣᠨ᠎ᠠ᠂ ᠲᠤᠰ ᠡᠳᠦᠷ ︽ᠪᠠᠷᠢᠮᠵᠢᠶ᠎ᠠ ᠪᠠᠷ ᠳᠠᠭᠠᠭᠤᠯᠬᠤ ᠶᠢ ᠴᠢᠩᠭᠠᠳᠬᠠᠵᠤ ᠴᠢᠨᠠᠷᠯᠢᠭ ᠬᠥᠭᠵᠢᠯᠲᠡ ᠶᠢ | ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠥᠪᠥᠷ ᠮᠣᠩᠭᠤᠯ ᠤᠨ ᠤᠬᠠᠭᠤᠯᠭ᠎ᠠ ᠶᠢᠨ ᠠᠵᠢᠯᠯᠠᠭ᠎ᠠ | ᠬᠥᠬᠡᠬᠤᠲᠠ ᠳᠤ ᠶᠠᠪᠤᠭᠳᠠᠪᠠ᠃ ᠠᠵᠢᠯᠯᠠᠭ᠎ᠠ ᠳᠡᠭᠡᠷ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠷᠢᠮᠵᠢᠶᠠᠵᠢᠭᠤᠯᠤᠯᠲᠠ ᠶᠢᠨ ᠠᠵᠢᠯ ᠤᠨ 2023 ᠣᠨ ᠤ ᠴᠠᠭᠠᠨ ᠭᠠᠳᠠᠷᠲᠤ ᠪᠢᠴᠢᠭ︾ ᠢ ᠨᠡᠶᠢᠲᠡᠯᠡᠪᠡ᠃ | ᠥᠪᠥᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠬᠢᠨ ᠤ ᠪᠠᠷᠢᠮᠵᠢᠶᠠᠵᠢᠭᠤᠯᠤᠯᠲᠠ ᠶᠢᠨ ᠠᠵᠢᠯ ᠤᠷᠴᠢᠮ | ᠤᠨ ᠬᠡᠳᠤᠨ ᠵᠢᠯ ᠮᠡᠳᠡᠭᠳᠡᠮ᠎ᠡ ᠦᠷ᠎ᠡ ᠪᠦᠲᠦᠮᠵᠢ ᠣᠯᠵᠤ᠂ ᠪᠠᠷᠢᠮᠵᠢᠶ᠎ᠠ ᠪᠠᠷ ᠵᠠᠰᠠᠬᠤ ᠣᠳᠣᠬᠢᠴᠢᠯᠠᠯᠲᠠ ᠶᠢᠨ | ᠲᠦᠪᠰᠢᠨ ᠲᠣᠭᠲᠠᠭᠤᠨ ᠢᠶᠠᠷ ᠳᠡᠭᠡᠭᠰᠢᠯᠡᠵᠡᠢ᠃ ᠡᠭᠦᠨ ᠳᠤ 134 ᠵᠦᠢᠯ ᠤᠨ ᠴᠢᠨᠠᠷᠯᠢᠭ ᠬᠥᠭᠵᠢᠯᠲᠡ ᠶᠢᠨ | ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ ᠤᠯᠠᠨ ᠤᠯᠤᠰ ᠤᠨ ᠪᠠᠷᠢᠮᠵᠢᠶ᠎ᠠ ᠶᠢ | 17 ᠵᠦᠢᠯ᠂ ᠤᠯᠤᠰ ᠤᠨ ᠪᠠᠷᠢᠮᠵᠢᠶ᠎ᠠ ᠶᠢ 1442 ᠵᠦᠢᠯ᠂ ᠠᠵᠢᠯ ᠲᠦᠷᠦᠯ ᠤᠨ ᠪᠠᠷᠢᠮᠵᠢᠶ᠎ᠠ ᠶᠢ 1707 ᠵᠦᠢᠯ᠂ | ᠣᠷᠣᠨ ᠨᠤᠲᠤᠭ ᠤᠨ ᠪᠠᠷᠢᠮᠵᠢᠶ᠎ᠠ ᠶᠢ 4383 ᠵᠦᠢᠯ᠂ ᠪᠦᠯᠬᠦᠮ ᠤᠨ ᠪᠠᠷᠢᠮᠵᠢᠶ᠎ᠠ ᠶᠢ 833 ᠵᠦᠢᠯ᠂ ᠡᠯ᠎ᠡ | ᠲᠦᠷᠦᠯ ᠤᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ 523 | ᠪᠠᠶᠢᠭᠤᠯᠤᠬᠰᠠᠨ ᠪᠦᠬᠡᠳ ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠢ 2 | ᠪᠠᠶᠢᠭᠤᠯᠤᠬᠰᠠᠨ ᠪᠠᠶᠢᠨ᠎ᠠ᠃ ︽ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠬᠡᠮᠵᠢᠯᠲᠡ ᠶᠢᠨ ᠬᠢᠨᠠᠨ | ᠬᠡᠮᠵᠢᠬᠦ ᠨᠡᠷ᠎ᠡ ᠲᠣᠮᠢᠶ᠎ᠠ︾ ᠵᠡᠷᠭᠡ 2 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠪᠠᠷ ᠦᠪᠤᠷ ᠮᠤᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠨᠡᠷ᠎ᠡ ᠲᠣᠮᠢᠶ᠎ᠠ ᠪᠠ | ᠨᠡᠭᠦᠷᠡᠰᠦᠲᠥ᠋ᠷᠥᠭᠴᠢ ᠶᠢᠨ ᠬᠠᠳᠠᠭᠠᠯᠠᠭᠳᠠᠴᠠ ᠶᠢ ᠪᠠᠶᠢᠴᠠᠭᠠᠵᠤ ᠲᠣᠭᠠᠴᠠᠭ᠎ᠠ ᠬᠢᠬᠦ ᠬᠤᠭᠤᠰᠤᠨ ᠢ ᠨᠥᠬᠦᠪᠦᠷᠢᠯᠡᠪᠡ᠃ | ︽ᠬᠠᠲᠤᠨ ᠭᠤᠣᠯ ᠤᠨ ᠤᠰᠤᠯᠠᠯᠲᠠ ᠶᠢᠨ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠠᠯᠬᠠᠪᠴᠢ | ᠣᠶ ᠳᠠᠷᠢᠬᠤ ᠮᠡᠷᠭᠡᠵᠢᠯ ᠤᠨ ᠳᠦᠷᠢᠮ︾ ᠵᠡᠷᠭᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠣᠷᠣᠨ ᠨᠤᠲᠤᠭ ᠤᠨ | ᠪᠠᠷᠢᠮᠵᠢᠶ᠎ᠠ ᠶᠢ ᠪᠦᠲᠦᠮᠵᠢᠲᠡᠶ ᠬᠡᠷᠡᠭᠵᠢᠭᠦᠯᠬᠦ ᠠᠵᠢᠯ ᠢ ᠠᠬᠢᠭᠤᠯᠵᠤ᠂ ᠬᠠᠲᠤᠨ ᠭᠤᠣᠯ ᠤᠨ ᠤᠰᠤᠯᠠᠯᠲᠠ ᠶᠢᠨ | ᠣᠷᠣᠨ ᠤ ︽ᠪᠢᠯᠬᠠᠳᠠᠯ᠎ᠠ ᠤᠰᠤᠯᠠᠬᠤ︾ ᠠᠰᠠᠭᠤᠳᠠᠯ ᠢ ᠰᠢᠢᠳᠪᠦᠷᠢᠯᠡᠨ᠂ ᠬᠠᠲᠤᠨ ᠭᠤᠣᠯ ᠤᠨ ᠤᠰᠤ ᠶᠢ 50% | ᠠᠴᠠ ᠳᠡᠭᠡᠭᠰᠢ ᠠᠷᠪᠢᠯᠠᠵᠤ᠂ ᠪᠣᠷᠳᠣᠭᠤᠷ ᠢ 20% ᠠᠴᠠ ᠳᠡᠭᠡᠭᠰᠢ ᠠᠷᠪᠢᠯᠠᠵᠤ᠂ ᠬᠠᠲᠤᠨ ᠭᠤᠣᠯ ᠤᠨ ᠡᠮᠦᠨ᠎ᠡ | ᠡᠷᠭᠢ ᠶᠢᠨ ᠤᠰᠤᠯᠠᠯᠲᠠ ᠶᠢᠨ ᠣᠷᠣᠨ ᠤ ᠬᠤᠵᠢᠷ ᠬᠠᠮᠤᠭ ᠠᠴᠠ ᠵᠤᠵᠠᠭᠠᠨ ᠬᠤᠵᠢᠷᠯᠢᠭ ᠭᠠᠵᠠᠷ ᠤᠨ ᠨᠢᠭᠡ ᠪᠣᠯᠬᠤ | ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠬᠡᠪ ᠤᠨ ᠤᠨᠠᠯᠲᠠ ᠳᠤ ᠬᠦᠷᠬᠦ ᠴᠢᠬᠤᠯᠠ ᠶᠡᠭᠡ ᠮᠡᠷᠭᠡᠵᠢᠯ ᠤᠨ | ᠰᠢᠪᠲᠤᠯᠤᠯᠲᠠ ᠶᠢ ᠪᠡᠶᠡᠯᠡᠭᠦᠯᠪᠡ᠃ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ ᠮᠠᠨ ᠤ ᠣᠷᠣᠨ ᠤ | ᠪᠠᠷᠢᠮᠵᠢᠶᠠᠵᠢᠭᠤᠯᠤᠯᠲᠠ ᠶᠢᠨ ᠠᠵᠢᠯ ᠶᠠᠭ ︽ᠳᠠᠭᠠᠵᠤ ᠬᠦᠶᠤᠵᠤ︾ ᠪᠠᠶᠢᠭᠰᠠᠨ ᠠᠴᠠ ᠪᠠᠨ ︽ᠵᠡᠷᠬᠡᠴᠡᠨ ᠭᠦᠶᠦᠬᠦ︾ | ︽ᠳᠠᠭᠠᠭᠤᠯᠤᠨ ᠭᠦᠶᠦᠬᠦ︾ ᠲᠡᠶᠢᠰᠢ ᠠᠯᠬᠤᠮ ᠠᠯᠬᠤᠮ ᠢᠶᠠᠷ ᠬᠤᠪᠢᠷᠠᠵᠤ ᠪᠠᠶᠢᠭ᠎ᠠ ᠶᠤᠮ ᠪᠠᠶᠢᠨ᠎ᠠ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠨᠢ ᠪᠠᠷᠢᠮᠵᠢᠶᠠᠵᠢᠭᠤᠯᠤᠨ ᠵᠠᠰᠠᠬᠤ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ ᠪᠠᠷᠢᠮᠵᠢᠶᠠᠵᠢᠭᠤᠯᠤᠨ | ᠵᠠᠰᠠᠬᠤ ᠦᠷ᠎ᠡ ᠪᠦᠲᠦᠮᠵᠢ ᠶᠢ ᠴᠢᠩᠭᠠᠷᠠᠭᠤᠯᠤᠨ ᠲᠡᠷᠢᠭᠦᠨ ᠤ ᠦᠢᠯᠡᠳᠬᠦ ᠦᠢᠯᠡᠰ ᠤᠨ ᠪᠠᠷᠢᠮᠵᠢᠶ᠎ᠠ ᠪᠠᠷ ᠰᠠᠭᠤᠷᠢ ᠶᠢ | ᠴᠢᠩᠭᠠᠳᠬᠠᠬᠤ᠂ ᠭᠤᠣᠯᠳᠠᠯᠭ᠎ᠠ ᠲᠠᠢ ᠠᠵᠤ ᠦᠢᠯᠡᠰ ᠤᠨ ᠪᠠᠷᠢᠮᠵᠢᠶ᠎ᠠ ᠪᠠᠷ ᠶᠠᠰᠤ ᠴᠢᠨᠠᠷ ᠢ ᠳᠡᠭᠡᠭᠰᠢᠯᠡᠭᠦᠯᠬᠦ᠂ | ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠪᠠᠷᠢᠮᠵᠢᠶ᠎ᠠ ᠪᠠᠷ ᠳᠠᠭᠠᠭᠤᠯᠬᠤ᠂ ᠨᠡᠶᠢᠭᠡᠮ ᠤᠨ ᠵᠠᠰᠠᠯᠲᠠ ᠶᠢᠨ | ᠪᠠᠷᠢᠮᠵᠢᠶ᠎ᠠ ᠶᠢ ᠲᠠᠰ ᠳᠡᠪᠰᠢᠭᠦᠯᠬᠦ ᠵᠡᠷᠭᠡ ᠠᠵᠢᠯ ᠢ ᠭᠤᠣᠯᠳᠠᠯᠭ᠎ᠠ ᠲᠠᠢ ᠠᠬᠢᠭᠤᠯᠤᠭᠠᠳ ᠪᠠᠷᠢᠮᠵᠢᠶᠠᠵᠢᠭᠤᠯᠤᠯᠲᠠ ᠶᠢᠨ | ᠮᠡᠷᠭᠡᠵᠢᠯ ᠤᠨ ᠲᠤᠯᠭᠠᠭᠤᠷᠢᠯᠠᠬᠤ ᠪᠠ ᠳᠠᠭᠠᠭᠤᠯᠬᠤ ᠦᠢᠯᠡᠳᠦᠯ ᠢ ᠪᠥᠬᠦ ᠲᠠᠯ᠎ᠠ ᠪᠠᠷ ᠪᠠᠳᠠᠷᠠᠭᠤᠯᠵᠤ ᠪᠠᠶᠢᠨ᠎ᠠ᠃ | | | | | | | | |