ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ | ᠬᠢᠨ ᠠᠴᠠ ᠣᠶᠢᠯᠠᠭᠠᠭᠰᠠᠨ ᠢᠶᠠᠷ ᠥᠪᠥᠷ ᠮᠣᠩᠭᠤᠯ ᠤᠨ ᠬᠢᠨ 2024 ᠣᠨ ᠤ 10 ᠳ᠋ᠤᠭᠠᠷ ᠰᠠᠷ᠎ᠠ ᠶᠢᠨ 15 ᠤ | ᠡᠳᠦᠷ ᠪᠣᠯᠲᠠᠯ᠎ᠠ ᠭᠤᠷᠪᠠᠨ ᠪᠦᠯᠦᠭ ᠬᠤᠪᠢᠶᠠᠨ 1439 ᠰᠢᠨᠵᠢᠯᠡᠬᠦ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ | ᠠᠵᠤ ᠠᠬᠤᠶᠢᠯᠠᠯ ᠢ ᠬᠥᠮᠥᠷᠭᠡ ᠳᠤ ᠣᠷᠣᠭᠤᠯᠤᠭᠰᠠᠨ ᠪᠠᠶᠢᠨ᠎ᠠ᠃ | ᠣᠷᠣᠨ ᠪᠦᠰᠡ ᠶᠢᠨ ᠲᠠᠷᠬᠠᠯᠲᠠ ᠠᠴᠠ ᠦᠵᠡᠪᠡᠯ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠤᠨ | ᠲᠤᠭ᠎ᠠ ᠡᠮᠦᠨ᠎ᠡ ᠲᠠᠪᠤ ᠳᠤ ᠵᠢᠭᠰᠠᠭᠠᠭᠳᠠᠭᠰᠠᠨ ᠨᠢ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ | ᠤᠯᠠᠭᠠᠨᠬᠠᠳᠠ ᠬᠤᠲᠠ ᠪᠠ ᠬᠢᠩᠭᠠᠨ ᠠᠶᠢᠮᠠᠭ᠂ ᠲᠤᠭ᠎ᠠ ᠨᠢ ᠲᠣᠰ ᠲᠣᠰ 362᠂ 310᠂ 286᠂ 126 ᠪᠠ | 94᠂ ᠬᠥᠬᠡᠬᠤᠲᠠ ᠪᠤᠭᠤᠲᠤ ᠣᠷᠳᠣᠰ ᠭᠤᠷᠪᠠᠨ ᠭᠠᠵᠠᠷ ᠤᠨ ᠬᠥᠮᠥᠷᠭᠡ ᠳᠤ ᠣᠷᠣᠭᠤᠯᠤᠭᠰᠠᠨ ᠠᠵᠤ | ᠠᠬᠤᠶᠢᠯᠠᠯ ᠤᠨ ᠡᠵᠡᠯᠡᠬᠦ ᠬᠠᠷᠢᠴᠠᠯ ᠨᠢ 66% ᠶᠢ ᠳᠠᠪᠠᠵᠠᠢ᠃ | ᠠᠵᠢᠯ ᠲᠥᠷᠥᠯ ᠤᠨ ᠬᠦᠷᠢᠶ᠎ᠡ ᠴᠠᠷᠠᠭ᠎ᠠ ᠠᠴᠠ ᠠᠪᠴᠤ ᠦᠵᠡᠪᠡᠯ᠂ ᠦᠢᠯᠡᠳᠬᠦ ᠦᠢᠯᠡᠰ ᠤᠨ ᠬᠦᠷᠢᠶ᠎ᠡ ᠴᠠᠷᠠᠭ᠎ᠠ | ᠳᠤ ᠬᠢ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠤᠨ ᠲᠤᠭ᠎ᠠ ᠬᠠᠮᠤᠭ ᠤᠨ ᠣᠯᠠᠨ ᠂ 504 ᠠᠵᠤ | ᠠᠬᠤᠶᠢᠯᠠᠯ ᠳᠤ ᠬᠦᠷᠴᠦ᠂ 35% ᠶᠢ ᠡᠵᠡᠯᠡᠪᠡ᠃ ᠳᠠᠷᠠᠭᠠᠯᠠᠪᠠᠯ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ | ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ 381 ᠪᠠᠶᠢᠵᠤ᠂ 26% ᠶᠢ | ᠡᠵᠡᠯᠡᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠬᠥᠮᠥᠷᠭᠡ ᠳᠤ | ᠣᠷᠣᠭᠤᠯᠤᠭᠰᠠᠨ ᠠᠵᠤ ᠠᠬᠤᠶᠢᠯᠠᠯ ᠤᠨ ᠲᠤᠭ᠎ᠠ ᠨᠢ ᠭᠤᠷᠪᠠᠳᠤᠭᠠᠷ ᠲᠤ ᠣᠷᠣᠵᠤ 275 ᠠᠵᠤ ᠠᠬᠤᠶᠢᠯᠠᠯ | 19% ᠶᠢ ᠡᠵᠡᠯᠡᠪᠡ᠃ | ᠰᠢᠨ᠎ᠡ ᠶᠢ ᠡᠭᠦᠳᠬᠦ ᠴᠢᠳᠠᠪᠤᠷᠢ ᠠᠴᠠ ᠠᠪᠴᠤ ᠦᠵᠡᠪᠡᠯ᠂ ᠬᠥᠮᠥᠷᠭᠡ ᠳᠤ ᠣᠷᠣᠭᠤᠯᠤᠭᠰᠠᠨ ᠠᠵᠤ | ᠠᠬᠤᠶᠢᠯᠠᠯ ᠤᠨ ᠳᠣᠲᠣᠷ᠎ᠠ ᠳᠡᠭᠡᠳᠦ ᠰᠢᠨ᠎ᠡ ᠮᠡᠷᠭᠡᠵᠢᠯ ᠤᠨ ᠲᠥᠷᠥᠯ ᠤᠨ ᠠᠵᠤ ᠠᠬᠤᠶᠢᠯᠠᠯ ᠤᠨ ᠡᠵᠡᠯᠡᠬᠦ ᠬᠠᠷᠢᠴᠠᠯ | ᠨᠢ 42%᠂ ᠰᠤᠳᠤᠯᠤᠨ ᠨᠡᠭᠡᠭᠡᠬᠦ ᠪᠠᠶᠢᠭᠤᠯᠤᠮᠵᠢ ᠲᠠᠢ ᠠᠵᠤ ᠠᠬᠤᠶᠢᠯᠠᠯ ᠤᠨ ᠡᠵᠡᠯᠡᠬᠦ ᠬᠠᠷᠢᠴᠠᠯ ᠨᠢ 15% | ᠪᠣᠯᠣᠨ᠎ᠠ᠃ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠤᠨ ᠲᠦᠷᠦᠭᠦᠸ ᠵᠢᠯ ᠤᠨ ᠰᠤᠳᠤᠯᠤᠨ ᠨᠡᠭᠡᠭᠡᠬᠦ | ᠵᠠᠷᠤᠳᠠᠯ ᠤᠨ ᠪᠥᠬᠦ ᠲᠤᠭ᠎ᠠ 23.29 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ 40% ᠶᠢᠨ ᠠᠵᠤ | ᠠᠬᠤᠶᠢᠯᠠᠯ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠲᠥᠷᠥ ᠶᠢᠨ ᠪᠣᠳᠣᠯᠭ᠎ᠠ ᠶᠢ | ᠭᠥᠷᠳᠡᠵᠦ᠂ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠵᠣᠭᠤᠰ ᠤᠨ ᠲᠤᠭ᠎ᠠ 8.61 | ᠳ᠋ᠦᠩᠰᠢᠭᠤᠷ ᠲᠥᠭᠦᠷᠢᠭ ᠲᠤ ᠬᠥᠷᠪᠡ᠃ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠤᠨ ᠳᠣᠲᠣᠷ᠎ᠠ᠂ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠲᠤᠭ᠎ᠠ 33% ᠶᠢ ᠡᠵᠡᠯᠡᠵᠦ ᠪᠠᠶᠢᠨ᠎ᠠ᠃ ᠦᠷ᠎ᠡ ᠪᠦᠲᠦᠭᠡᠯ ᠤᠨ | ᠭᠠᠷᠭᠠᠯᠲᠠ ᠶᠢᠨ ᠲᠠᠯ᠎ᠠ ᠪᠠᠷ 1439 ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠡᠯ᠎ᠡ ᠲᠥᠷᠥᠯ ᠤᠨ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠨᠡᠶᠢᠲᠡ 15843 ᠵᠦᠢᠯ ᠡᠵᠡᠮᠰᠢᠵᠦ᠂ ᠡᠭᠦᠨ ᠳᠤ Ⅰ | ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ︵ᠡᠭᠦᠳᠦᠯᠲᠡ ᠶᠢᠨ ᠲᠤᠰᠬᠠᠢ ᠠᠰᠢᠭ᠂ ᠬᠤᠷᠠᠮᠠᠯ | ᠴᠠᠬᠢᠯᠭᠠᠨ ᠬᠡᠯᠬᠢᠶᠡᠨ ᠤ ᠪᠠᠶᠢᠷᠢᠯᠠᠭᠤᠯᠤᠯᠲᠠ ᠶᠢᠨ ᠵᠢᠷᠤᠭ ᠢ ᠵᠢᠷᠤᠵᠤ ᠲᠥᠯᠥᠪᠯᠡᠬᠦ ᠲᠤᠰᠬᠠᠢ ᠡᠷᠬᠡ︶ 1184 ᠵᠦᠢᠯ | ᠂ Ⅱ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ︵ᠬᠡᠷᠡᠭᠯᠡᠭᠡᠨ ᠤ ᠰᠢᠨ᠎ᠡ ᠬᠡᠯᠪᠡᠷᠢ ᠶᠢᠨ | ᠲᠤᠰᠬᠠᠢ ᠠᠰᠢᠭ᠂ ᠵᠥᠭᠡᠯᠡᠨ ᠬᠡᠷᠡᠭᠰᠡᠯ ᠤᠨ ᠵᠣᠬᠢᠶᠠᠯ ᠪᠦᠲᠦᠭᠡᠯ ᠤᠨ ᠡᠷᠬᠡ︶ 14659 ᠵᠦᠢᠯ ᠪᠣᠶ᠃ | ᠣᠳᠣᠬᠠᠨ ᠳᠤ ᠥᠪᠥᠷ ᠮᠣᠩᠭᠤᠯ ᠤᠨ ᠳᠥᠷᠪᠡᠳᠦᠭᠡᠷ ᠪᠦᠯᠦᠭ ᠤᠨ ᠰᠢᠨᠵᠢᠯᠡᠬᠦ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠢ ᠬᠥᠮᠥᠷᠭᠡ ᠳᠤ ᠣᠷᠣᠭᠤᠯᠬᠤ ᠠᠵᠢᠯ ᠢᠯᠡᠵᠢᠬᠦᠯᠬᠦ ᠱᠠᠲᠤᠨ ᠳᠤ ᠤᠷᠤᠭᠠᠳ | ᠪᠠᠶᠢᠨ᠎ᠠ᠃ | | | | | | | |