ᠵᠢᠷᠭᠤᠳᠤᠭᠠᠷ ᠬᠤᠭᠤᠴᠠᠭᠠᠨ ᠤ ᠬᠠᠲᠤᠨ ᠭᠤᠣᠯ ᠤᠨ ᠠᠮᠢ ᠠᠬᠤᠢ ᠶᠢᠨ ᠪᠣᠯᠪᠠᠰᠤᠨ ᠤ ᠣᠯᠠᠨ ᠤᠯᠤᠰ ᠤᠨ ᠶᠠᠷᠢᠶᠠᠨ ᠤ ᠲᠠᠪᠴᠠᠩ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2024/10/21
ᠸᠠᠩ ᠴᠠᠩ ᠯᠢᠨ᠂ ᠪᠦᠦ ᠰᠢᠶᠠᠨ ᠬᠤᠸᠠ᠂ ᠲᠠᠹᠢᠷᠨ ᠨᠠᠷ ᠪᠠᠶᠠᠷ ᠤᠨ ᠦᠭᠡ ᠬᠡᠯᠡᠵᠡᠢ     ᠵᠢᠷᠭᠤᠳᠤᠭᠠᠷ ᠬᠤᠭᠤᠴᠠᠭᠠᠨ ᠤ ᠬᠠᠳᠤᠨ ᠭᠤᠣᠯ ᠤᠨ ᠠᠮᠢ ᠠᠬᠤᠢ ᠶᠢᠨ ᠪᠣᠯᠪᠠᠰᠤᠨ ᠤ ᠤᠯᠠᠨ ᠤᠯᠤᠰ ᠤᠨ ᠶᠠᠷᠢᠶᠠᠨ ᠤ ᠲᠠᠪᠴᠠᠩ ᠢ 10 ᠳ᠋ᠤᠭᠠᠷ ᠰᠠᠷ᠎ᠠ ᠶᠢᠨ 19  ᠤ ᠡᠳᠦᠷ ᠬᠦᠬᠡᠬᠤᠳᠠ ᠳᠤ ᠡᠷᠬᠢᠯᠡᠯ᠎ᠡ᠃    ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠎ᠠ ᠸᠠᠩ ᠴᠠᠩ ᠯᠢᠨ᠂  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠡᠸ᠋ᠽᠢᠤᠫᠢᠶ᠎ᠠ ᠶᠢᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠲᠠᠹᠸᠢᠷᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃    ᠲᠤᠰ ᠶᠠᠷᠢᠶᠠᠨ ᠤ ᠲᠠᠪᠴᠠᠩ ᠨᠢ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷᠯᠢᠭ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ︾ ᠪᠠᠷ ᠭᠤᠣᠯ ᠰᠡᠳᠦᠪ ᠪᠣᠯᠭᠠᠪᠠ᠃ ᠶᠠᠷᠢᠶᠠᠨ ᠤ ᠲᠠᠪᠴᠠᠩ ᠳᠤ ᠡᠬᠢᠯᠡᠯᠲᠡ ᠶᠢᠨ ᠶᠣᠰᠣᠯᠠᠯ ᠭᠤᠣᠯ ᠵᠤᠷᠢᠯᠳᠠᠳᠤ ᠶᠠᠷᠢᠶ᠎ᠠ ᠢᠯᠡᠳᠬᠡᠯ ᠪᠣᠯᠣᠨ ᠬᠤᠶᠠᠷ ᠲᠠᠯᠠᠪᠤᠷ ᠵᠡᠷᠭᠡᠴᠡᠭᠡ ᠶᠠᠷᠢᠶᠠᠨ ᠤ ᠲᠠᠪᠴᠠᠩ ᠭᠡᠬᠦ ᠭᠤᠷᠪᠠᠨ ᠠᠭᠤᠯᠭ᠎ᠠ ᠶᠢ ᠪᠠᠭᠲᠠᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ 50 ᠭᠠᠷᠤᠢ ᠬᠦᠨᠳᠦᠲᠦ ᠵᠣᠴᠢᠳ ᠤᠨ ᠲᠥᠯᠥᠭᠡᠯᠡᠭᠴᠢ ᠬᠠᠳᠤᠨ ᠭᠤᠣᠯ ᠤᠨ ᠠᠮᠢ ᠠᠬᠤᠢ ᠶᠢᠨ ᠪᠣᠯᠪᠠᠰᠤᠨ ᠤ ᠲᠣᠭᠤᠷᠢᠨ ᠳᠤ ᠬᠦᠷᠢᠶᠡᠨ ᠤ ᠡᠮᠦᠨ᠎ᠡ ᠵᠠᠬ᠎ᠠ ᠶᠢ ᠬᠤᠪᠢᠶᠠᠯᠴᠠᠵᠤ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢᠶᠠᠨ ᠰᠣᠯᠢᠯᠴᠠᠪᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号