ᠠᠷᠠᠳ ᠤᠨ ᠶᠠᠪᠤᠳᠠᠯ ᠤᠨ  ᠰᠢᠭᠤᠷᠬᠠᠢ ᠮᠡᠳᠡᠭᠡ  10.24
ᠨᠡᠶᠢᠲᠡᠯᠡᠭᠰᠡᠨ ᠴᠠᠭ᠄
2024/10/24
ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ    ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠲᠥᠷᠥᠯ ᠵᠦᠢᠯ ᠤᠨ ᠠᠵᠢᠯᠯᠠᠭᠠᠨ ᠢᠶᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠤᠨ ᠲᠡᠳᠬᠦᠬᠦ ᠠᠵᠢᠯ ᠢ ᠴᠢᠩᠭᠠᠳᠬᠠᠵᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠠᠷ ᠵᠢᠯᠤᠭᠤᠳᠴᠤ ᠪᠠᠶᠢᠭᠠᠳ ᠨᠡᠶᠢᠭᠡᠮ ᠤᠨ ᠦᠢᠯᠡᠴᠢᠯᠡᠭᠡ ᠳᠤ ᠣᠷᠣᠯᠴᠠᠭᠤᠯᠵᠤ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠶᠢ ᠨᠢ ᠪᠠᠳᠠᠷᠠᠭᠤᠯᠤᠨ  ᠲᠠᠭᠠᠭᠠᠮᠠᠭᠠᠢ ᠬᠥᠭᠵᠢᠯᠲᠡ ᠶᠢᠨ ᠴᠢᠳᠠᠪᠤᠷᠢ ᠶᠢ ᠨᠢ ᠲᠡᠭᠡᠭᠰᠢᠯᠡᠬᠦᠯᠤᠬᠡᠳ ᠣᠲᠣ ᠪᠣᠯᠲᠠᠯ᠎ᠠ  ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ ᠲᠤᠰᠠᠯᠠᠮᠵᠢ  ᠶᠢᠨ ᠲᠥᠷᠥᠯ ᠵᠦᠢᠯ᠂ ᠭᠡᠷ  ᠲᠤ ᠨᠢ ᠬᠦᠷᠴᠤ ᠠᠰᠠᠷᠠᠬᠤ ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠷᠥᠯ ᠵᠦᠢᠯ ᠵᠡᠷᠭᠡ ᠪᠠᠷ ᠳᠠᠮᠵᠢᠭᠤᠯᠤᠨ ᠦᠬᠠᠢ ᠬᠤᠲᠠ ᠶᠢᠨ 1600 ᠭᠠᠷᠤᠢ ᠬᠦᠴᠢᠷᠳᠡᠯᠲᠡᠢ ᠣᠯᠠᠨ ᠲᠦᠮᠡᠨ ᠳᠤ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ ᠲᠤᠰᠠᠯᠠᠮᠵᠢ ᠶᠢ 1.3 ᠲᠦᠮᠡ ᠰᠢᠬᠠᠮ ᠤᠳᠠᠭ᠎ᠠ ᠬᠠᠩᠭᠠᠵᠤ 413 ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ 3000 ᠰᠢᠬᠠᠮ ᠤᠳᠠᠭ᠎ᠠ ᠬᠠᠨᠭ᠍ᠭᠠᠭᠠᠳ ᠨᠡᠶᠢᠭᠡᠮ ᠤᠨ ᠠᠵᠢᠯᠲᠠᠨ ᠤ ᠲᠤᠰᠬᠠᠢ ᠦᠢᠯᠡᠴᠢᠯᠡᠭᠡ ᠶᠢ 473 ᠤᠳᠠᠭ᠎ᠠ ᠥᠷᠨᠢᠭᠦᠯᠵᠦ᠂ 7 ᠲᠦᠮᠡ ᠰᠢᠬᠠᠮ ᠤᠳᠠᠭ᠎ᠠ ᠳᠤ ᠠᠰᠢᠭ ᠬᠦᠷᠲᠡᠭᠡᠪᠡ᠃ ᠣᠷᠣᠨ ᠬᠤᠪᠢᠶᠠᠷᠢᠯᠠᠯ ᠭᠠᠵᠠᠷ ᠤᠨ ᠨᠡᠷᠡᠰ   ᠣᠷᠳᠣᠰ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠦᠢᠯᠡᠴᠢᠯᠡᠭᠡᠨ ᠤ ᠲᠤᠷᠰᠢᠯᠲᠠ ᠶᠢ ᠭᠦᠨᠵᠡᠭᠡᠶᠢᠷᠡᠭᠦᠯᠦᠭᠰᠡᠨ ᠰᠠᠭᠤᠷᠢᠨ ᠳᠡᠭᠡᠷ᠎ᠡ ᠬᠥᠳᠡᠭᠡ ᠲᠣᠰᠬᠤᠨ ᠤ ᠭᠠᠵᠠᠷ ᠤᠨ ᠨᠡᠷᠡᠰ ᠢ ᠨᠡᠷᠡᠶᠢᠳᠦᠨ ᠪᠠᠷᠢᠮᠵᠢᠶ᠎ᠠ ᠲᠣᠭᠲᠠᠭᠠᠬᠤ᠂ ᠮᠡᠳᠡᠭᠡ ᠵᠠᠩᠭᠢ ᠶᠢᠨ ᠦᠢᠯᠡᠴᠢᠯᠡᠭᠡ᠂ ᠬᠡᠷᠡᠭᠯᠡᠭᠡᠨ ᠤ ᠡᠨᠧᠷᠭᠢ ᠣᠯᠭᠤᠬᠤ ᠶᠢ ᠪᠥᠬᠦ ᠲᠠᠯ᠎ᠠ ᠪᠠᠷ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ ᠪᠠᠶᠢᠨ᠎ᠠ᠃ ᠬᠥᠳᠡᠭᠡ ᠲᠣᠰᠬᠤᠨ ᠤ ᠨᠡᠷᠡᠳᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠲᠡᠮᠳᠡᠭ ᠢ 5876 ᠪᠠᠶᠢᠷᠢᠯᠠᠭᠤᠯᠵᠤ᠂ ᠠᠰᠠᠷ ᠤᠨ ᠡᠭᠦᠳᠡᠨ ᠫᠠᠶᠢᠰᠠ ᠶᠢ 6420 ᠤᠭᠰᠠᠷᠠᠵᠤ ᠬᠠᠮᠠᠭᠠᠯᠠᠭᠠᠳ ᠳᠡᠭᠡᠷᠡᠬᠢ ᠵᠢᠷᠤᠭ ᠤᠨ ᠲᠤᠭ᠎ᠠ ᠪᠠᠷᠢᠮᠲᠠ ᠶᠢ 1877 ᠵᠤᠷᠪᠤᠰ ᠪᠣᠯᠭᠠᠪᠠ᠃ ᠬᠤᠪᠢᠰᠬᠠᠯᠳᠤ ᠭᠠᠵᠠᠷ ᠤᠨ ᠨᠡᠷᠡᠰ ᠢ 55 ᠡᠮᠬᠢᠳᠬᠡᠵᠦ᠂ ︽ᠣᠷᠳᠣᠰ ᠤᠨ  ᠬᠤᠪᠢᠰᠬᠠᠯᠳᠤ ᠭᠠᠵᠠᠷ ᠤᠨ ᠨᠡᠷᠡᠰ ᠤᠨ ᠵᠢᠭᠰᠠᠭᠠᠯᠲᠠ︾ ᠶᠢ ᠬᠡᠪᠯᠡᠭᠦᠯᠪᠡ᠃ᠨᠠᠰᠤᠵᠢᠯ ᠤᠨ ᠦᠢᠯᠡᠴᠢᠯᠡᠭᠡ   ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠨᠠᠰᠤᠲᠠᠶᠢᠴᠤᠳ ᠤᠨ ᠠᠮᠤᠷ ᠲᠦᠪᠰᠢᠨ ᠂ ᠡᠷᠡᠭᠦᠯ ᠮᠡᠨᠳᠦ ᠵᠡᠷᠭᠡ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ︽ᠪᠡᠶ᠎ᠡ ᠵᠠᠰᠠᠬᠤ ᠪᠠ ᠪᠡᠶ᠎ᠡ ᠤᠬᠢᠶᠠᠬᠤ ᠶᠢᠨ ᠠᠮᠤᠷ ᠲᠦᠪᠰᠢᠨ᠂ ᠭᠡᠷ ᠳᠣᠲᠣᠷ᠎ᠠ ᠶᠠᠪᠤᠵᠤ ᠰᠠᠭᠤᠬᠤ ᠳᠤ ᠲᠥᠬᠦᠮ᠂ ᠭᠡᠷ ᠪᠦᠯᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠣᠶᠤᠨᠴᠢ ᠬᠢᠨᠠᠨ ᠬᠡᠮᠵᠢᠯᠲᠡ ᠶᠢ ᠳᠠᠭᠠᠵᠤ ᠬᠢᠬᠦ᠂ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ︾ ᠵᠡᠷᠭᠡ ᠲᠠᠪᠤᠨ ᠲᠠᠯ᠎ᠠ ᠶᠢᠨ ᠴᠢᠳᠠᠮᠵᠢ ᠶᠢᠨ ᠲᠣᠭᠤᠷᠢᠨ ᠳᠤ ᠪᠤᠭᠤᠲᠤ ᠬᠤᠲᠠ ᠶᠢᠨ ᠣᠨᠴᠠ ᠬᠦᠴᠢᠷᠳᠡᠯᠲᠡᠢ ᠨᠠᠰᠤᠲᠠᠶᠢᠴᠤᠳ ᠲᠤ ᠨᠠᠰᠤᠵᠢᠯᠲᠠ ᠶᠢᠨ ᠥᠭᠡᠷᠡᠴᠢᠯᠡᠯᠲᠡ ᠬᠢᠪᠡ᠃ ᠡᠷᠦᠬᠡ ᠪᠦᠷᠢ ᠳᠤ 3000 ᠲᠥᠭᠦᠷᠢᠭ ᠠᠴᠠ ᠥᠯᠥ ᠬᠡᠲᠦᠷᠡᠬᠦ ᠪᠠᠷᠢᠮᠵᠢᠶ᠎ᠠ ︵ᠡᠭᠦᠨ ᠳᠤ 60 ︱ 79 ᠪᠦᠬᠦᠯᠢ ᠨᠠᠰᠤᠨ ᠤ ᠨᠠᠰᠤᠲᠠᠶᠢᠴᠤᠳ ᠲᠤ 70% ᠶᠢᠨ ᠨᠥᠬᠦᠪᠦᠷᠢ ᠥᠭᠴᠦ᠂ 80 ᠪᠦᠬᠦᠯᠢ ᠨᠠᠰᠤ ︵ᠪᠠᠭᠲᠠᠨ᠎ᠠ︶ ᠠᠴᠠ ᠳᠡᠭᠡᠭᠰᠢᠬᠢ ᠨᠠᠰᠤᠲᠠᠶᠢᠴᠤᠳ ᠲᠤ 90% ᠶᠢᠨ ᠨᠥᠬᠦᠪᠦᠷᠢ ᠥᠭᠭᠦᠨ᠎ᠡ︶ ᠶᠣᠰᠣᠭᠠᠷ ᠨᠢᠭᠡ ᠡᠷᠦᠬᠡ ᠳᠤ ᠨᠢᠭᠡ ᠨᠥᠬᠦᠪᠦᠷᠢ ᠥᠭᠴᠦ ᠨᠥᠬᠦᠪᠦᠷᠢ ᠶᠢᠨ ᠪᠡᠯᠡ ᠮᠥᠩᠭᠦ ᠶᠢ ᠬᠡᠷᠡᠭᠯᠡᠵᠦ ᠳᠠᠭᠤᠰᠲᠠᠯ᠎ᠠ ᠬᠡᠨ ᠭᠤᠶᠤᠴᠢᠯᠠᠪᠠᠯ ᠬᠡᠨ ᠳᠤ ᠤᠷᠢᠳ ᠢᠶᠠᠷ ᠨᠦᠬᠦᠪᠤᠷᠢ ᠤᠯᠭᠤᠬᠤ ᠪᠤᠯᠤᠨ᠎ᠠ᠃    ᠤᠯᠠᠭᠠᠨᠬᠠᠳᠠ ᠬᠤᠳᠠ ᠶᠢᠨ ᠬᠢᠨ ᠰᠢᠶᠠᠩ ᠪᠠᠯᠭᠠᠰᠤᠨ ᠤ ᠨᠠᠰᠤᠲᠠᠶᠢᠴᠤᠳ ᠲᠤ ᠦᠢᠯᠡᠴᠢᠯᠡᠬᠦ ᠡᠬᠢ ᠪᠠᠶᠠᠯᠢᠭ ᠬᠤᠪᠣᠷᠳᠠᠵᠤ ᠪᠠᠶᠢᠭ᠎ᠠ ᠪᠠᠶᠢᠳᠠᠯ ᠳᠤ ᠴᠢᠭᠯᠡᠭᠦᠯᠦᠨ ᠡᠯ᠎ᠡ ᠭᠠᠵᠠᠷ ᠤᠨ ᠬᠢᠨ ᠤ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠬᠤ ᠲᠡᠶᠢᠰᠢ ᠵᠢᠯᠤᠭᠤᠳᠴᠤ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠨᠡᠶᠢᠳᠬᠡᠬᠦ ᠪᠠ ᠥᠭᠡᠷᠡᠴᠢᠯᠡᠵᠦ ᠰᠢᠶᠠᠩ ᠪᠠᠯᠭᠠᠰᠤᠨ ᠤ ᠣᠷᠣᠨ ᠪᠦᠰᠡ ᠳᠤ ᠪᠠᠷᠢᠮᠵᠢᠶᠠᠵᠢᠭᠰᠠᠨ᠂ ᠶᠡᠷᠦᠩᠬᠡᠶᠢᠯᠡᠭᠰᠡᠨ ᠬᠡᠯᠪᠡᠷᠢ ᠶᠢᠨ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠬᠦᠴᠦᠯᠡᠨ ᠪᠠᠶᠢᠭᠤᠯᠵᠠᠢ᠃ ᠣᠲᠣ ᠪᠣᠯᠲᠠᠯ᠎ᠠ ᠤᠯᠠᠭᠠᠨᠬᠠᠳᠠ ᠬᠤᠲᠠ ᠳᠤ ᠨᠢᠭᠡᠨᠲᠡ 93 ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠪᠠᠶᠢᠭᠤᠯᠵᠤ 82 ᠭᠠᠵᠠᠷ ᠢ ᠨᠢ ᠨᠠᠰᠤᠲᠠᠨ ᠢ ᠠᠰᠠᠷᠠᠬᠤ ᠬᠦᠷᠢᠶᠡᠯᠡᠩ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠡᠷᠭᠡ ᠶᠢ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠪᠠᠶᠢᠨ᠎ᠠ᠃ ᠵᠢᠱᠢᠯᠲᠡ ᠪᠠᠷ 2025 ᠣᠨ ᠤ ᠡᠴᠦᠰ ᠪᠣᠯᠬᠤ ᠳᠤ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠦᠷᠬᠦᠴᠡ ᠶᠢ ᠶᠡᠷᠦᠩᠬᠡᠢ ᠳᠤ ᠨᠢ ᠪᠦᠷᠬᠦᠬᠦᠯᠪᠡ᠃    ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠤᠨ ᠵᠢᠯ ᠭᠡᠷ ᠪᠦᠯᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠦᠨᠡᠯᠡᠯᠳᠡ ᠪᠠᠷ ᠳᠠᠮᠵᠢᠭᠤᠯᠤᠨ ᠪᠥᠬᠦ ᠬᠤᠲᠠ ᠶᠢᠨ ᠣᠨᠴᠠᠭᠠᠶ ᠬᠦᠴᠢᠷᠳᠡᠯᠲᠡᠢ ᠨᠠᠰᠤᠲᠠᠶᠢᠴᠤᠳ ᠲᠤ ᠭᠡᠷ ᠪᠦᠯᠢ ᠶᠢᠨ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢᠨ ᠲᠥᠰᠥᠯ ᠢ ᠲᠣᠭᠲᠠᠭᠠᠨ ᠨᠠᠰᠤᠲᠠᠶᠢᠴᠤᠳ ᠤᠨ ᠦᠨᠡᠯᠡᠯᠳᠡ ᠶᠢᠨ ᠬᠡᠷᠡᠭᠴᠡᠭᠡ ᠶᠢ ᠦᠨᠳᠦᠰᠦᠯᠡᠨ ᠠᠶᠤᠯ ᠦᠬᠡᠢ ᠲᠦᠰᠢᠭᠦᠷ᠂ ᠵᠣᠷᠯᠣᠩ᠂ ᠱᠠᠯᠨ ᠶᠢ ᠨᠢ ᠲᠡᠭᠰᠢᠯᠡᠬᠦ᠂ ᠡᠭᠦᠳᠡ ᠴᠣᠩᠬᠤ ᠶᠢ ᠨᠢ ᠰᠡᠯᠪᠢᠬᠦ᠂ ᠠᠷᠢᠭᠤᠨ ᠴᠡᠪᠡᠷ ᠤᠨ ᠲᠠᠰᠤᠯᠭ᠎ᠠ ᠳᠤ ᠭᠤᠯᠭᠤᠬᠤ ᠠᠴᠠ ᠰᠡᠷᠭᠡᠶᠢᠯᠡᠬᠦ ᠳᠡᠪᠢᠰᠬᠡᠷ ᠵᠡᠷᠭᠡ ᠶᠢ ᠲᠠᠭᠠᠷᠠᠭᠤᠯᠤᠬᠰᠠᠨ ᠤ ᠬᠠᠮᠲᠤ ᠨᠠᠰᠤᠵᠢᠯᠲᠠ ᠳᠤ ᠲᠣᠬᠢᠷᠠᠬᠤ ᠲᠤᠰᠠᠯᠠᠬᠤ ᠪᠠᠭᠠᠵᠢ ᠬᠡᠷᠡᠭᠰᠡᠯ ᠤᠨ ᠬᠡᠷᠡᠭᠯᠡᠯᠲᠡ ᠶᠢᠨ ᠵᠢᠯᠣᠭᠤᠳᠤᠯᠭ᠎ᠠ ᠪᠠ ᠰᠢᠨ᠎ᠡ ᠣᠷᠴᠢᠨ ᠲᠣᠭᠤᠷᠢᠨ ᠳᠤ ᠵᠣᠬᠢᠴᠠᠬᠤ ᠦᠢᠯᠡᠴᠢᠯᠡᠭᠡ ᠶᠢ ᠢᠵᠢ ᠪᠦᠷᠢᠳᠦᠭᠦᠯᠦᠨ ᠬᠠᠩᠭᠠᠵᠤ  ᠨᠠᠰᠤᠲᠠᠶᠢᠴᠤᠳ ᠤᠨ ᠭᠡᠷ ᠪᠦᠯᠢ ᠶᠢᠨ ᠠᠳᠡᠯ ᠤᠨ ᠰᠢᠷᠬᠠᠲᠤᠯ ᠤᠨ ᠡᠭᠦᠰᠬᠦ ᠶᠢ ᠪᠠᠭᠠᠰᠬᠠᠬᠰᠠᠨ ᠪᠠᠶᠢᠨ᠎ᠠ᠃ ᠣᠲᠣ ᠪᠣᠯᠲᠠᠯ᠎ᠠ ᠪᠥᠬᠦ ᠬᠤᠲᠠ ᠳᠤ ᠣᠨᠴᠠ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢᠨ ᠪᠡᠯᠡ ᠮᠥᠩᠭᠦ 439.3 ᠲᠦᠮᠡᠨ ᠲᠥᠭᠦᠷᠢᠭ ᠪᠠᠭᠤᠯᠭᠠᠯ᠎ᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号