ᠴᠢᠬᠤᠯᠠ ᠮᠡᠳᠡᠭᠡ | ᠲᠥᠷᠥ ᠶᠢᠨ ᠶᠠᠪᠤᠳᠠᠯ ᠤᠨ ᠭᠡᠰᠢᠭᠦᠨ ᠴᠧᠨ ᠢ ᠴᠢᠨ ᠤᠷᠴᠢᠮ ᠳᠤ ᠬᠠᠶᠢᠨᠠᠨ ᠳᠤ ᠰᠣᠶᠣᠯ ᠤᠨ ᠪᠠᠷᠢᠭᠠᠳᠠ᠂ | ᠠᠷᠠᠳ ᠤᠨ ᠶᠠᠪᠤᠳᠠᠯ ᠵᠡᠷᠭᠡ ᠠᠵᠢᠯ ᠢ ᠪᠠᠶᠢᠴᠠᠭᠠᠨ ᠰᠤᠳᠤᠯᠬᠤ ᠳᠤ ᠪᠠᠨ᠄ ︽ᠰᠢ ᠶᠢᠨ ᠫᠢᠩ ᠶᠡᠷᠦᠩᠬᠡᠢ ᠱᠦᠵᠢ ᠶᠢᠨ | ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷ᠎ᠡ ᠲᠠᠯᠪᠢᠭᠰᠠᠨ ᠣᠳᠣᠬᠠᠨ ᠤ ᠠᠵᠤ ᠠᠬᠤᠢ ᠶᠢᠨ | ᠪᠠᠶᠢᠳᠠᠯ ᠪᠣᠯᠣᠨ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ ᠬᠡᠷᠡᠭᠯᠡᠭᠡ ᠶᠢ ᠠᠬᠢᠭᠤᠯᠬᠤ | ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠤᠶᠠᠯᠳᠤᠭᠤᠯᠤᠨ ᠰᠣᠶᠣᠯ ᠤᠨ ᠵᠢᠭᠤᠯᠴᠢᠯᠠᠯ᠂ | ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠢᠳᠡᠪᠬᠢᠲᠡᠢ ᠥᠷᠭᠡᠳᠬᠡᠵᠦ ᠠᠷᠠᠳ ᠤᠨ | ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠴᠢᠩᠭᠠᠳᠬᠠᠨ ᠪᠥᠬᠦ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠬᠦᠬᠦ ᠬᠡᠷᠡᠭᠳᠡᠢ︾ ᠭᠡᠵᠤ | ᠴᠢᠬᠤᠯᠠᠴᠢᠯᠠᠨ ᠲᠤᠷᠠᠳᠤᠬᠰᠠᠨ ᠪᠠᠶᠢᠨ᠎ᠠ᠃ | ᠨᠠᠰᠤᠵᠢᠯ ᠤᠨ ᠦᠢᠯᠡᠴᠢᠯᠡᠭᠡ | ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 10 ᠳ᠋ᠤᠭᠠᠷ ᠰᠠᠷ᠎ᠠ ᠶᠢᠨ 19 ᠤ | ᠡᠳᠦᠷ ᠬᠤᠶᠠᠳᠤᠭᠠᠷ ᠬᠤᠭᠤᠴᠠᠭᠠᠨ ᠤ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠬᠢᠭᠡᠳ ᠪᠤᠭᠤᠷᠤᠯᠴᠤᠳ ᠤᠨ | ᠠᠵᠤ ᠠᠬᠤᠢ ᠶᠢᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ ᠪᠥᠬᠦ ᠤᠯᠤᠰ ᠤᠨ ᠡᠯ᠎ᠡ ᠭᠠᠵᠠᠷ ᠤᠨ | ᠲᠤᠰᠬᠠᠢ ᠮᠡᠷᠭᠡᠵᠢᠯᠲᠡᠨ ᠡᠷᠳᠡᠮᠲᠡᠨ ᠪᠠ ᠠᠵᠢᠯ ᠲᠥᠷᠥᠯ ᠤᠨ ᠰᠣᠳᠣᠨ 200 ᠭᠠᠷᠤᠢ ᠬᠥᠮᠥᠨ ᠣᠷᠣᠯᠴᠠᠵᠠᠢ᠃ | ᠴᠢᠳᠠᠪᠤᠷᠢᠲᠠᠨ ᠢ ᠬᠥᠮᠥᠵᠢᠭᠦᠯᠬᠦ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ᠂ | ᠪᠤᠭᠤᠷᠤᠯᠴᠤᠳ ᠤᠨ ᠠᠵᠤ ᠠᠬᠤᠢ ᠶᠢᠨ ᠪᠠᠷᠢᠴᠨ ᠪᠠ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ | ᠰᠤᠳᠤᠯᠭᠠᠨ ᠤ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠯᠭᠡᠭᠰᠨᠨ ᠪᠦᠬᠡᠳ ᠲᠤᠷᠰᠢᠯᠭ᠎ᠠ ᠪᠠᠨ | ᠰᠣᠯᠢᠯᠴᠠᠵᠤ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠣᠳᠣᠬᠢ ᠪᠠᠶᠢᠳᠠᠯ ᠪᠠ ᠠᠭᠤᠰᠤᠯᠴᠠᠯ ᠵᠡᠷᠭᠡ | ᠬᠠᠯᠠᠮᠰᠢᠯ ᠠᠰᠠᠭᠤᠳᠠᠯ ᠤᠨ ᠲᠤᠬᠠᠢ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃ | ᠰᠢᠯᠢ ᠶᠢᠨ ᠭᠤᠣᠯ ᠠᠶᠢᠮᠠᠭ ᠤᠨ ᠬᠢᠨ ᠤᠷᠴᠢᠮ ᠳᠤ ︽ᠢᠳᠡᠬᠡᠮᠵᠢ ᠪᠠ ᠭᠠᠮᠨᠠᠬᠤ ᠶᠢ ᠡᠷᠬᠢᠮᠯᠡᠵᠦ ᠢᠳᠡᠭᠡᠨ ᠤ | ᠠᠮᠤᠷ ᠲᠦᠪᠰᠢᠨ ᠢ ᠬᠠᠮᠲᠤ ᠪᠠᠷ ᠡᠳ᠋ᠯᠡᠬᠦ︾ ᠭᠤᠣᠯ ᠰᠡᠳᠦᠪᠲᠦ ᠨᠠᠰᠤᠵᠢᠯ ᠤᠨ ᠠᠰᠠᠷᠠᠮᠵᠢ ᠶᠢᠨ ᠬᠦᠷᠢᠶ᠎ᠡ ᠴᠠᠷᠠᠭ᠎ᠠ | ᠳᠤ ᠬᠢ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠵᠦ᠂ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ | ᠬᠠᠮᠲᠤᠷᠠᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ᠂ ᠬᠠᠲᠠᠭᠤ ᠲᠣᠨᠤᠭ ᠲᠥᠬᠦᠭᠡᠷᠦᠮᠵᠢ᠂ ᠬᠥᠨᠥᠭᠡᠯᠲᠡᠢ ᠪᠣᠳᠠᠰ ᠢ | ᠰᠡᠷᠭᠡᠶᠢᠯᠡᠨ ᠵᠠᠰᠠᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠵᠡᠷᠭᠡ 11 ᠲᠠᠯ᠎ᠠ ᠶᠢᠨ ᠲᠣᠭᠤᠷᠢᠨ ᠳᠤ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠤᠰᠬᠠᠢ ᠲᠤᠰᠢᠶᠠᠯᠲᠤ ᠠᠵᠢᠯᠲᠠᠨ ᠳᠤ ᠰᠢᠰᠲ᠋ᠧᠮ ᠲᠠᠢ | ᠪᠤᠯᠪᠠᠰᠤᠷᠠᠭᠤᠯᠤᠯᠠ᠃ ᠠᠵᠢᠯᠯᠠᠭ᠎ᠠ ᠶᠢᠨ ᠬᠤᠭᠤᠴᠠᠭᠠᠨ ᠳᠤ ᠰᠢᠯᠢ ᠶᠢᠨ ᠭᠤᠤᠯ ᠠᠶᠢᠮᠠᠭ ᠤᠨ ᠬᠢᠨ ᠡᠯ᠎ᠡ | ᠲᠥᠷᠥᠯ ᠤᠨ ᠤᠬᠠᠭᠤᠯᠭ᠎ᠠ ᠶᠢᠨ ᠦᠢᠯᠡᠳᠬᠦᠨ ᠢ 396 ᠦᠢᠯᠡᠳᠴᠦ ᠤᠬᠠᠭᠤᠯᠭ᠎ᠠ ᠶᠢᠨ ᠠᠵᠢᠯᠯᠠᠭ᠎ᠠ ᠶᠢ 25 | ᠤᠳᠠᠭ᠎ᠠ ᠦᠷᠨᠢᠬᠦᠯᠤᠬᠡᠳ ᠵᠠᠭᠤᠴᠢᠯᠠᠭᠤᠷ ᠤᠨ ᠬᠢᠨ 19 ᠤᠳᠠᠭ᠎ᠠ ᠮᠡᠳᠡᠭᠡᠯᠡᠭᠰᠡᠨ ᠪᠠᠶᠢᠨ᠎ᠠ᠃ | ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠦᠬᠠᠢ ᠬᠤᠲᠠ ᠶᠢᠨ | ᠨᠠᠰᠤᠵᠢᠯ ᠤᠨ ᠠᠰᠠᠷᠠᠮᠵᠢ ᠶᠢᠨ ᠰᠤᠪᠢᠯᠠᠭᠴᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠭᠢᠯᠡᠪᠡ᠃ | ᠪᠤᠯᠪᠠᠰᠤᠷᠠᠯ ᠤᠨ ᠠᠭᠤᠯᠭ᠎ᠠ ᠳᠤ ᠨᠠᠰᠤᠲᠠᠶᠢᠴᠤᠳ ᠤᠨ ᠰᠤᠪᠢᠯᠠᠯᠲᠠ ᠶᠢᠨ ᠮᠡᠳᠡᠯᠭᠡ᠂ ᠰᠡᠳᠬᠢᠴᠡ ᠶᠢᠨ ᠡᠷᠡᠭᠦᠯ | ᠮᠡᠨᠳᠦ ᠶᠢᠨ ᠬᠠᠪᠰᠤᠷᠤᠨ ᠵᠢᠯᠣᠭᠤᠳᠤᠯᠭ᠎ᠠ ᠪᠠ ᠠᠵᠢᠯ ᠮᠡᠷᠭᠡᠵᠢᠯ ᠤᠨ ᠶᠣᠰᠣ ᠮᠣᠷᠠᠯ ᠪᠠ ᠬᠡᠪ ᠪᠣᠯᠪᠠᠰᠤᠷᠠᠯ ᠤᠨ | ᠳᠡᠭᠡᠭᠰᠢᠯᠡᠯᠲᠡ ᠵᠡᠷᠭᠡ ᠶᠢ ᠬᠠᠮᠤᠷᠴᠤ᠂ ᠬᠢᠴᠢᠶᠡᠯ ᠤᠨ ᠲᠠᠩᠬᠢᠮ ᠤᠨ ᠲᠠᠶᠢᠯᠤᠮᠵᠢ᠂ ᠬᠡᠷᠡᠭ ᠤᠨ ᠵᠢᠱᠢᠶ᠎ᠡ ᠶᠢᠨ | ᠵᠠᠳᠠᠯᠤᠯᠲᠠ᠂ ᠰᠣᠷᠢᠯᠲᠠ ᠵᠡᠷᠭᠡ ᠣᠯᠠᠨ ᠵᠦᠢᠯ ᠤᠨ ᠬᠡᠯᠪᠡᠷᠢ ᠪᠠᠷ ᠨᠠᠰᠤᠵᠢᠯ ᠤᠨ ᠠᠰᠠᠷᠠᠮᠵᠢ ᠶᠢᠨ ᠠᠵᠢᠯ | ᠡᠷᠬᠢᠯᠡᠭᠰᠡᠳ ᠤᠨ ᠴᠢᠳᠠᠪᠤᠷᠢ ᠶᠢ ᠲᠡᠭᠡᠭᠰᠢᠯᠡᠬᠦᠯᠪᠡ᠃ ᠡᠨᠡ ᠬᠦ ᠪᠤᠯᠪᠠᠰᠤᠷᠠᠯ ᠳᠤ ᠦᠬᠠᠢ ᠬᠤᠲᠠ ᠶᠢᠨ 361 | ᠨᠠᠰᠤᠵᠢᠯ ᠤᠨ ᠠᠰᠠᠷᠠᠮᠵᠢ ᠶᠢᠨ ᠠᠵᠢᠯᠲᠠᠨ ᠪᠣᠯᠪᠠᠰᠤᠷᠠᠯ ᠳᠤ ᠣᠷᠣᠯᠴᠠᠪᠠ᠃ | ᠨᠢᠬᠦᠯᠡᠰᠤᠩᠭᠦᠢ ᠶᠢᠨ ᠦᠢᠯᠡᠰ | ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠦᠨᠤ ᠵᠢᠯ ︽ᠢᠯᠨ | ᠨᠢᠭᠦᠯᠡᠰᠦᠩᠭᠦᠢ ᠶᠢᠨ ᠢᠨᠵᠧᠨᠧᠷᠢᠩ ︾ ᠢ ᠢᠳᠡᠪᠬᠢᠲᠡᠢ ᠪᠠᠶᠢᠭᠤᠯᠵᠤ᠂ ︽ᠨᠢᠭᠦᠯᠡᠰᠦᠩᠭᠦᠢ ᠶᠢᠨ ᠵᠣᠬᠢᠶᠠᠨ | ᠪᠠᠶᠢᠭᠤᠯᠤᠯᠲᠠ ᠶᠢᠨ ᠮᠡᠳᠡᠭᠡ ᠵᠠᠩᠭᠢ ᠶᠢ ᠢᠯᠡᠵᠢᠬᠦᠯᠬᠦ ᠬᠠᠤᠯᠢ︾ ᠶᠢ ᠴᠢᠩᠭ᠎ᠠ ᠨᠠᠶᠢᠳᠠᠪᠤᠷᠢᠵᠢᠭᠤᠯᠤᠨ ︽ | ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠶᠢ ᠤᠶᠠᠯᠳᠤᠭᠤᠯᠬᠤ ᠠᠷᠭ᠎ᠠ ᠪᠠᠷ ᠤᠯᠠᠭᠠᠨᠴᠠᠪ ᠬᠤᠲᠠ ᠶᠢᠨ | ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠳᠤ ᠲᠤᠰᠬᠠᠢ ᠵᠦᠢᠯ ᠤᠨ ᠪᠠᠶᠢᠴᠠᠭᠠᠯᠲᠠ ᠬᠢᠪᠡ᠃ ᠬᠦᠨᠳᠡᠯᠡᠨ ᠤ | ᠲᠤᠰᠬᠠᠢ ᠮᠡᠷᠭᠡᠵᠢᠯ ᠤᠨ ᠠᠵᠢᠯᠲᠠᠨ ᠢ ᠤᠷᠢᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠪᠴᠠᠩ︾ ︽ᠨᠢᠭᠦᠯᠡᠰᠦᠩᠭᠦᠢ ᠶᠢᠨ ᠳᠤᠮᠳᠠᠳᠤ | ᠤᠯᠤᠰ︾ ᠵᠡᠷᠭᠡ ᠲᠠᠪᠴᠠᠩ ᠳᠤ ᠬᠡᠷᠡᠭᠯᠡᠬᠦ ᠬᠠᠮᠢᠶᠠᠷᠤᠯᠲᠠ ᠶᠢᠨ ᠠᠵᠢᠯ ᠤᠨ ᠪᠣᠯᠪᠠᠰᠤᠷᠠᠯ ᠡᠷᠬᠢᠯᠡᠬᠡᠳ | ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠡᠷᠬᠢᠯᠡᠭᠰᠡᠳ ᠤᠨ ᠠᠵᠢᠯ ᠤᠨ ᠴᠢᠳᠠᠪᠤᠷᠢ ᠶᠢ | ᠲᠡᠭᠡᠭᠰᠢᠯᠡᠬᠦᠯᠦᠭᠰᠡᠨ ᠪᠠᠶᠢᠨ᠎ᠠ᠃ | | |