ᠵᠠᠰᠠᠪᠤᠷᠢ ᠣᠷᠣᠭᠤᠯᠤᠭᠰᠠᠨ ︽ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠳᠦᠷᠢᠮ︾ ᠢ ᠬᠡᠷᠡᠭᠵᠢᠭᠦᠯᠦᠭᠰᠡᠨ ᠠᠴᠠ ᠨᠠᠭᠠᠰᠢ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠶ︖ ︽ᠬᠥᠳᠡᠭᠡ ᠲᠣᠰᠬᠤᠨ ᠤ ᠨᠠᠷᠠᠲᠤ ᠠᠵᠢᠯᠯᠠᠭ᠎ᠠ︾ ᠨᠢ ᠶᠠᠮᠠᠷ ᠶᠠᠮᠠᠷ ᠠᠵᠢᠯ ᠤᠨ ᠬᠢᠯᠠᠰ ᠴᠡᠭ ᠲᠠᠢ ᠪᠣᠶ︖ — ︽ᠠᠷᠠᠳ ᠤᠨ ᠶᠠᠪᠤᠳᠠᠯ ᠤᠨ ᠡᠨᠡ ᠲᠠᠪᠤᠨ ᠵᠢᠯ︾ ᠬᠡᠬᠦ ᠤᠨ ᠰᠣᠨᠢᠨ ᠮᠡᠳᠡᠭᠡ ᠨᠡᠶᠢᠲᠡᠯᠡᠬᠦ ᠬᠤᠷᠠᠯ
ᠨᠡᠶᠢᠲᠡᠯᠡᠭᠰᠡᠨ ᠴᠠᠭ᠄
2024/10/25
    ᠠᠷᠠᠳ ᠤᠨ ᠶᠠᠪᠤᠳᠠᠯ ᠤᠨ ᠶᠠᠮᠤᠨ ᠤ ᠬᠢᠨ 10 ᠳ᠋ᠤᠭᠠᠷ ᠰᠠᠷ᠎ᠠ ᠶᠢᠨ 21 ᠤ ᠡᠳᠦᠷ  ︽ᠠᠷᠠᠳ ᠤᠨ ᠶᠠᠪᠤᠳᠠᠯ ᠤᠨ ᠡᠨᠡ ᠲᠠᠪᠤᠨ ᠵᠢᠯ︾ ᠬᠡᠬᠦ ᠰᠢᠷᠢᠰ ᠲᠤᠰᠬᠠᠢ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ︵ᠨᠢᠭᠡᠳᠦᠭᠡᠷ ᠲᠠᠯᠠᠪᠤᠷ︶ ᠬᠢᠵᠦ ᠠᠷᠠᠳ ᠤᠨ ᠶᠠᠪᠤᠳᠠᠯ ᠤᠨ ᠶᠠᠮᠤᠨ ᠤ ᠣᠷᠣᠨ ᠤ ᠬᠤᠪᠢᠶᠠᠷᠢᠯᠠᠯ ᠭᠠᠵᠠᠷ ᠤᠨ ᠨᠡᠷᠡᠰ ᠤᠨ ᠵᠤᠷᠭᠠᠨ ᠤ ᠳᠡᠳ᠋ ᠳᠠᠷᠤᠭ᠎ᠠ ᠸᠠᠩ ᠰᠢᠶᠣᠣ ᠳ᠋ᠦᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ︽ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠳᠦᠷᠢᠮ︾ ᠢ ᠬᠡᠷᠡᠭᠵᠢᠭᠦᠯᠦᠭᠰᠡᠨ ᠦᠷ᠎ᠡ ᠪᠦᠲᠦᠮᠵᠢ᠂ ︽ᠬᠥᠳᠡᠭᠡ ᠲᠣᠰᠬᠤᠨ ᠤ ᠨᠠᠷᠠᠲᠤ ᠠᠵᠢᠯᠯᠠᠭ᠎ᠠ︾ ᠶᠢᠨ ᠠᠵᠢᠯ ᠤᠨ ᠬᠢᠯᠠᠰ ᠴᠡᠭ ᠵᠡᠷᠭᠡ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃   2022 ᠣᠨ ᠤ 3 ᠳ᠋ᠤᠭᠠᠷ ᠰᠠᠷ᠎ᠠ ᠳᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠢᠨ ᠵᠠᠰᠠᠪᠤᠷᠢ ᠣᠷᠣᠭᠤᠯᠤᠭᠰᠠᠨ ︽ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠳᠦᠷᠢᠮ︾ ᠠᠷᠠᠳ ᠤᠨ ᠶᠠᠪᠤᠳᠠᠯ ᠤᠨ ᠶᠠᠮᠤᠨ ᠲᠥᠷᠥ ᠶᠢᠨ ᠶᠠᠪᠤᠳᠠᠯ ᠤᠨ ᠬᠤᠷᠢᠶᠠᠨ ᠤ ᠭᠠᠵᠠᠷ ᠤᠨ  ᠨᠡᠷᠡᠰ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ︽ᠳᠦᠷᠢᠮ︾ ᠢ ᠬᠡᠷᠡᠭᠵᠢᠭᠦᠯᠦᠭᠰᠡᠨ ᠠᠴᠠ ᠨᠠᠭᠠᠰᠢ ᠶᠠᠮᠠᠷ ᠶᠠᠮᠠᠷ ᠪᠣᠳᠠᠲᠠᠢ ᠠᠵᠢᠯ ᠬᠢᠵᠦ᠂ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠶ︖   ᠸᠠᠩ ᠰᠢᠶᠣᠣ ᠳ᠋ᠦᠩ᠄ ᠭᠠᠵᠠᠷ ᠤᠨ  ᠨᠡᠷᠡᠰ ᠨᠢ ᠬᠥᠮᠥᠰ ᠤᠨ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠭᠠᠵᠠᠷ ᠤᠨ ᠨᠡᠷᠡᠰ ᠤᠨ ᠬᠠᠮᠢᠶᠠᠷᠤᠯᠲᠠ ᠪᠣᠯ ᠨᠡᠶᠢᠭᠡᠮ ᠤᠨ ᠵᠠᠰᠠᠯᠲᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠬᠤ ᠪᠥᠭᠡᠳ ᠠᠷᠠᠳ ᠤᠨ ᠶᠠᠪᠤᠳᠠᠯ ᠤᠨ ᠠᠵᠢᠯ ᠤᠨ ᠴᠢᠬᠤᠯᠠ ᠠᠭᠤᠯᠭ᠎ᠠ ᠪᠣᠯᠣᠨ᠎ᠠ᠃  ᠤᠷᠴᠢᠮ ᠤᠨ ᠵᠢᠯ ᠪᠢᠳᠡ ︽ᠭᠠᠵᠠᠷ ᠤᠨ  ᠨᠡᠷᠡᠰ ᠤᠨ ᠬᠠᠮᠢᠶᠠᠷᠤᠯᠲᠠ ᠶᠢᠨ ᠳᠦᠷᠢᠮ︾ ᠳᠤ ᠵᠠᠰᠠᠪᠤᠷᠢ ᠣᠷᠣᠭᠤᠯᠬᠤ ᠪᠠ ᠬᠡᠷᠡᠭᠵᠢᠭᠦᠯᠬᠦ ᠪᠠᠷ ᠭᠤᠣᠯ ᠰᠢᠵᠢᠮ ᠪᠣᠯᠭᠠᠵᠤ  ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠦᠢᠯᠡᠴᠢᠯᠡᠭᠡ ᠪᠠ ᠰᠣᠶᠣᠯ ᠤᠨ ᠬᠠᠮᠠᠭᠠᠯᠠᠯᠲᠠ ᠤᠯᠠᠮᠵᠢᠯᠠᠯ ᠢ ᠶᠡᠭᠡ ᠪᠠᠷ ᠠᠬᠢᠭᠤᠯᠤᠭᠠᠳ ᠨᠡᠯᠢᠶᠡᠳ ᠢᠯᠡᠷᠬᠡᠢ ᠦᠷ᠎ᠡ ᠪᠦᠲᠦᠮᠵᠢ ᠣᠯᠣᠭᠰᠠᠨ ᠪᠠᠶᠢᠨ᠎ᠠ᠃    ᠨᠢᠭᠡᠳᠦᠭᠡᠷ ᠲᠤ᠂ ᠭᠠᠵᠠᠷ ᠤᠨ ᠨᠡᠷᠡᠰ ᠤᠨ ᠠᠵᠢᠯ ᠤᠨ ᠰᠢᠰᠲ᠋ᠧᠮ ᠤᠨ ᠰᠢᠨ᠎ᠡ ᠪᠠᠶᠢᠷᠢᠰᠢᠯ ᠢ ᠤᠯᠠᠮ ᠴᠢᠨᠠᠬᠰᠢᠳᠠ ᠪᠣᠶ ᠪᠣᠯᠭᠠᠪᠠ᠃ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠬᠤᠯᠪᠣᠭᠳᠠᠬᠤ ᠬᠡᠪᠴᠢᠶ᠎ᠡ ᠨᠢ ᠥᠷᠭᠡᠨ᠂ ᠣᠷᠣᠯᠴᠠᠬᠤ ᠰᠠᠯᠠᠭ᠎ᠠ ᠮᠥᠴᠢᠷ ᠨᠢ ᠣᠯᠠᠨ ᠪᠠᠶᠢᠳᠠᠭ᠃ ︽ᠳᠦᠷᠢᠮ︾ ᠳᠤ ︽ᠨᠢᠭᠡᠳᠦᠯᠲᠡᠢ ᠬᠢᠨᠠᠨ ᠬᠠᠮᠢᠶᠠᠷᠬᠤ᠂ ᠱᠠᠲᠤ ᠬᠤᠪᠢᠶᠠᠨ ᠲᠥᠷᠥᠯ ᠬᠤᠪᠢᠶᠠᠨ ᠬᠠᠷᠢᠭᠤᠴᠠᠬᠤ︾ ᠬᠠᠮᠢᠶᠠᠷᠤᠯᠲᠠ ᠶᠢᠨ ᠪᠠᠶᠢᠭᠤᠯᠤᠯ ᠢ ᠲᠣᠳᠣᠷᠬᠠᠢ ᠲᠣᠭᠲᠠᠭᠠᠵᠤ᠂ 24 ᠰᠠᠯᠠᠭ᠎ᠠ ᠮᠥᠴᠢᠷ ᠣᠷᠣᠯᠴᠠᠭᠰᠠᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠤᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠲᠡᠭᠦᠯᠳᠡᠷᠵᠢᠭᠦᠯᠦᠨ ᠭᠠᠵᠠᠷ ᠤᠨ ᠨᠡᠷᠡᠰ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠨ ᠶᠡᠷᠦᠩᠬᠡᠶᠢᠯᠡᠨ ᠠᠳᠬᠤᠬᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠪᠠᠶᠢᠷᠢᠰᠢᠯ ᠢ ᠪᠦᠲᠦᠮᠵᠢᠲᠡᠶ ᠪᠣᠶ ᠪᠤᠯᠭᠠᠪᠠ᠃ ᠭᠠᠵᠠᠷ ᠤᠨ ᠨᠡᠷᠡᠰ  ᠤᠨ ᠬᠦᠷᠢᠶ᠎ᠡ ᠴᠠᠷᠠᠭ᠎ᠠ ᠳᠤ ᠬᠢ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ  ᠬᠠᠮᠢᠶᠠᠷᠤᠯᠲᠠ ᠶᠢᠨ ᠤᠶᠢᠯᠠᠭᠠᠬᠳᠠᠬᠤᠨ ᠢ ᠨᠠᠩ ᠰᠢᠨᠵᠢᠯᠡᠬᠦ ᠤᠬᠠᠭᠠᠨᠴᠢ᠂ ᠬᠠᠮᠢᠶᠠᠷᠤᠯᠲᠠ ᠶᠢᠨ ᠠᠷᠭ᠎ᠠ ᠪᠠᠷᠢᠯ ᠢ ᠨᠠᠩ ᠥᠨᠳᠥᠷ ᠪᠦᠲᠦᠮᠵᠢᠲᠡᠶ ᠪᠣᠯᠭᠠᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠤ ᠬᠢ ᠭᠠᠵᠠᠷ ᠤᠨ ᠨᠡᠷᠡᠰ ᠤᠨ ᠠᠵᠢᠯ ᠤᠨ ᠪᠠᠶᠢᠷᠢ ᠰᠠᠭᠤᠷᠢ ᠶᠢ ᠨᠠᠩ ᠢᠯᠡᠷᠬᠡᠢ ᠪᠤᠯᠭᠠᠬᠰᠠᠨ ᠶᠤᠮ᠃     ᠬᠤᠶᠠᠳᠤᠭᠠᠷ ᠲᠤ᠂ ᠭᠠᠵᠠᠷ ‍ᠤᠨ‌ᠨᠡᠷᠡᠰ ᠤᠨ ᠨᠡᠷᠡᠶᠢᠳᠬᠦ ᠪᠠ ᠬᠠᠯᠠᠬᠤ ᠬᠠᠮᠢᠶᠠᠷᠤᠯᠲᠠ ᠶᠢᠨ ᠰᠢᠨ᠎ᠡ ᠱᠠᠭᠠᠷᠳᠠᠯᠭ᠎ᠠ ᠶᠢ ᠤᠯᠠᠮ  ᠲᠣᠳᠣᠷᠬᠠᠶᠢᠯᠠᠪᠠ᠃ ᠭᠠᠵᠠᠷ ᠤᠨ ᠨᠡᠷᠡᠰ ᠢ ᠨᠡᠷᠡᠶᠢᠳᠴᠦ ᠬᠠᠯᠠᠬᠤ ᠶᠢ ᠵᠢᠷᠤᠮᠵᠢᠭᠤᠯᠵᠤ᠂ ᠵᠢᠷᠤᠮᠵᠢᠯ ᠦᠭᠡᠢ ᠭᠠᠵᠠᠷ ᠤᠨ ᠨᠡᠷᠡᠰ ᠢ ᠪᠣᠶ ᠪᠣᠯᠬᠤ ᠶᠢ ᠬᠤᠷᠢᠭᠯᠠᠬᠤ ᠪᠣᠯ ︽ᠳᠦᠷᠢᠮ︾ ᠳᠤ ᠵᠠᠰᠠᠪᠤᠷᠢ ᠣᠷᠣᠭᠤᠯᠬᠤ ᠶᠢᠨ ᠨᠢᠭᠡᠨ ᠴᠢᠬᠤᠯᠠ ᠠᠩᠬᠠᠷᠤᠯ ᠤᠨ ᠴᠡᠭ ᠪᠠ ᠲᠤᠰᠤᠯᠲᠠ ᠶᠢᠨ ᠴᠡᠭ ᠪᠣᠯᠣᠨ᠎ᠠ᠃ ᠪᠢᠳᠡ ︽ᠳᠦᠷᠢᠮ︾ ᠤᠨ ᠳᠦᠷᠢᠮ ᠤᠨ ᠲᠣᠬᠢᠷᠠᠭᠤᠯᠤᠯᠲᠠ ᠶᠢᠨ ᠰᠠᠭᠤᠷᠢᠨ ᠳᠡᠭᠡᠷ᠎ᠡ ︽ᠭᠠᠵᠠᠷ ᠤᠨ  ᠨᠡᠷᠡᠰ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠨᠠᠷᠢᠯᠢᠭᠵᠢᠭᠤᠯᠤᠨ ᠨᠡᠶᠢᠲᠡᠯᠡᠵᠦ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠵᠢᠯᠤᠭᠤᠳᠴᠤ ᠪᠠᠶᠢᠭᠠᠳ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠢᠵᠢ ᠪᠦᠷᠢᠳᠦᠭᠦᠯᠬᠦ ᠳᠦᠷᠢᠮ ᠪᠠᠶᠢᠭᠤᠯᠬᠤ ᠶᠢ ᠠᠬᠢᠭᠤᠯᠵᠤ ᠭᠠᠵᠠᠷ ᠤᠨ ᠨᠡᠷᠡᠰ ᠤᠨ ᠪᠦᠷᠢᠳᠬᠡᠨ ᠳᠠᠩᠰᠠᠯᠠᠬᠤ ᠠᠯᠪᠠᠨ ᠵᠠᠷ ᠤᠨ ᠳᠦᠷᠢᠮ ᠢ ᠨᠠᠶᠢᠳᠠᠪᠤᠷᠢᠵᠢᠭᠤᠯᠤᠨ 15.2 ᠲᠦᠮᠡ ᠭᠠᠷᠤᠢ ᠭᠠᠵᠠᠷ ᠤᠨ ᠨᠡᠷ᠎ᠡ ᠶᠢ ᠪᠦᠷᠢᠳᠬᠡᠨ ᠳᠠᠩᠰᠠᠯᠠᠭᠤᠯᠪᠠ᠃ ᠰᠢᠨ᠎ᠡ ᠪᠠᠷ ᠪᠣᠶ ᠪᠣᠯᠤᠭᠰᠠᠨ ᠭᠠᠵᠠᠷ ᠤᠨ ᠨᠡᠷᠡᠰ ᠤᠨ ᠳᠣᠲᠣᠷ᠎ᠠ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠣᠶ ᠪᠣᠯᠭᠠᠨ ᠳᠣᠪᠤᠶᠢᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠠᠭᠤᠴᠢᠨ ᠭᠠᠵᠠᠷ ᠤᠨ ᠨᠡᠷᠡᠰ ᠢ ᠳᠤᠷ᠎ᠠ ᠪᠠᠷ ᠢᠶᠠᠨ ᠥᠭᠡᠷᠡᠴᠢᠯᠡᠬᠦ ᠦᠭᠡᠢ᠂ ᠵᠢᠷᠤᠮᠵᠢᠭᠤᠨ ᠭᠠᠵᠠᠷ ᠤᠨ ᠨᠡᠷᠡᠰ ᠪᠣᠶ ᠪᠣᠯᠬᠤ ᠶᠢ ᠡᠬᠢ ᠡᠭᠦᠰᠦᠯ ᠠᠴᠠ  ᠨᠢ ᠰᠡᠷᠭᠡᠶᠢᠯᠡᠨ᠎ᠡ᠃    ᠭᠤᠷᠪᠠᠳᠤᠭᠠᠷ ᠲᠤ᠂ ᠭᠠᠵᠠᠷ ᠤᠨ ᠨᠡᠷᠡᠰ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢᠨ ᠰᠢᠨ᠎ᠡ ᠦᠨ᠎ᠡ ᠥᠷᠲᠡᠭ ᠢ ᠤᠯᠠᠮ ᠢᠯᠡᠷᠡᠭᠦᠯᠪᠡ᠃ ᠭᠠᠵᠠᠷ ᠤᠨ ᠨᠡᠷᠡᠰ ᠤᠨ ᠠᠵᠢᠯ ᠨᠢ ᠣᠯᠠᠨ ᠲᠦᠮᠡᠨ ᠤ ᠠᠮᠢᠳᠤᠷᠠᠯ᠂ ᠨᠡᠶᠢᠭᠡᠮ ᠤᠨ ᠵᠠᠰᠠᠯᠲᠠ᠂ ᠰᠣᠶᠣᠯ ᠤᠨ ᠤᠯᠠᠮᠵᠢᠯᠠᠯ᠂ ᠭᠠᠳᠠᠭᠠᠳᠤ ᠲᠠᠢ ᠰᠣᠯᠢᠯᠴᠠᠭ᠎ᠠ ᠬᠢᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠣᠯᠠᠨ ᠲᠠᠯ᠎ᠠ ᠯᠤᠭ᠎ᠠ ᠬᠤᠯᠪᠣᠭᠳᠠᠵᠤ ᠢᠯᠡ ᠲᠣᠳᠣ ᠤᠯᠤᠰ ᠲᠥᠷᠥ ᠶᠢᠨ ᠰᠢᠨᠵᠢ ᠴᠢᠨᠠᠷ᠂ ᠰᠣᠶᠣᠯ ᠤᠨ ᠰᠢᠨᠵᠢ ᠴᠢᠨᠠᠷ ᠪᠠ ᠵᠠᠰᠠᠯᠲᠠ ᠶᠢᠨ ᠰᠢᠨᠵᠢ ᠴᠢᠨᠠᠷ ᠲᠠᠢ ᠪᠠᠶᠢᠳᠠᠭ᠃    ᠤᠯᠤᠰ ᠤᠨ ᠪᠠᠶᠢᠯᠳᠤᠬᠤ ᠪᠣᠳᠣᠯᠭ᠎ᠠ ᠶᠢᠨ ᠶᠡᠭᠡ ᠲᠠᠯ᠎ᠠ ᠳᠤ ᠦᠢᠯᠡᠴᠢᠯᠡᠬᠦ ᠶᠠᠪᠤᠳᠠᠯ ᠢ ᠨᠡᠩ ᠲᠡᠷᠢᠭᠦᠨ ᠴᠢᠬᠤᠯᠠ ᠪᠠᠶᠢᠷᠢᠨ ᠳᠤ ᠲᠠᠯᠪᠢᠵᠤ  ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠬᠢ ᠭᠠᠵᠠᠷ ᠤᠨ ᠨᠡᠷᠡᠰ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ︽ᠬᠥᠳᠡᠭᠡ ᠲᠣᠰᠬᠤᠨ ᠤ ᠠᠯᠳᠠᠷᠲᠤ ᠠᠵᠢᠯᠯᠠᠭ᠎ᠠ︾ ᠶᠢ ᠥᠷᠨᠢᠭᠦᠯᠦᠨ 45 ᠲᠦᠮᠡᠨ ᠵᠤᠷᠪᠤᠰ ᠬᠥᠳᠡᠭᠡ ᠲᠣᠰᠬᠤᠨ ᠤ ᠭᠠᠵᠠᠷ ᠤᠨ ᠨᠡᠷᠡᠰ ᠢ ᠵᠢᠷᠤᠮᠵᠢᠭᠤᠯᠤᠨ ᠨᠡᠷᠡᠶᠢᠳᠴᠦ ᠤᠯᠤᠰ ᠤᠨ ᠡᠷᠬᠡ ᠠᠰᠢᠭ ᠢ ᠪᠦᠲᠦᠮᠵᠢᠲᠡᠶ ᠬᠠᠮᠠᠭᠠᠯᠠᠬᠤ ᠪᠠ ᠬᠥᠳᠡᠭᠡ ᠲᠣᠰᠬᠤᠨ ᠤ ᠪᠠᠶᠢᠭᠤᠯᠤᠯᠲᠠ ᠳᠤ ᠦᠢᠯᠡᠴᠢᠯᠡᠨ᠎ᠡ᠃  ᠭᠠᠵᠠᠷ ᠤᠨ ᠨᠡᠷᠡᠰ ᠤᠨ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠨᠡᠩ ᠴᠢᠬᠤᠯᠠ ᠪᠠᠶᠢᠷᠢᠨ ᠳᠤ ᠲᠠᠯᠪᠢᠵᠤ ᠳᠤᠮᠳᠠᠳᠤ ᠶᠢᠨ ᠰᠢᠯᠢᠳᠡᠭ ᠭᠠᠵᠠᠷ ᠤᠨ ᠨᠡᠷᠡᠰ ᠤᠨ ᠰᠣᠶᠣᠯ ᠢ ᠶᠡᠭᠡ ᠪᠠᠷ ᠪᠠᠳᠠᠷᠠᠭᠤᠯᠵᠤ  ᠲᠥᠪ ᠲᠧᠯᠸᠢᠰ  ᠤᠨ ᠬᠢᠨ ᠲᠠᠢ ᠬᠠᠮᠲᠤᠷᠠᠨ ︽ᠳᠤᠮᠳᠠᠳᠤ ᠤᠯᠤᠰ ᠤᠨ ᠭᠠᠵᠠᠷ ᠤᠨ ᠨᠡᠷᠡᠰ ᠤᠨ ᠶᠡᠭᠡ ᠬᠤᠷᠠᠯ︾  ᠤᠨ ᠫᠷᠣᠭ᠍ᠷᠠᠮ ᠢ ᠦᠢᠯᠡᠳᠦᠨ ᠨᠠᠪᠲᠠᠷᠡᠭᠦᠯᠵᠦ ᠲᠥᠪ ᠤᠨ ᠸᠢᠳᠢᠤ᠋ ᠲᠠᠢ ᠬᠠᠮᠲᠤᠷᠠᠨ ︽ᠭᠠᠵᠠᠷ ᠤᠨ ᠨᠡᠷᠡᠰ ᠤᠨ ᠰᠣᠶᠣᠯ ᠤᠨ ᠰᠢᠷᠢᠰ ᠦᠯᠢᠭᠡᠷ︾ ᠤᠨ ᠣᠬᠤᠷ ᠸᠢᠳᠢᠤ᠋ ᠶᠢ ᠦᠢᠯᠡᠳᠦᠨ ᠨᠠᠪᠲᠠᠷᠡᠭᠦᠯᠵᠦ ᠪᠦᠬᠦ ᠰᠦᠯᠵᠢᠶᠡᠨ ᠤ ᠵᠠᠭᠤᠴᠢᠯᠠᠭᠤᠷ ᠠᠯᠤᠰᠯᠠᠭᠰᠠᠨ ᠬᠦᠯᠢᠶᠡᠨ ᠠᠪᠤᠭᠴᠢᠳ 30 ᠳ᠋ᠦᠩᠰᠢᠭᠤᠷ ᠤᠳᠠᠭ᠎ᠠ ᠳᠤ ᠬᠦᠷᠴᠡᠢ᠃ ᠭᠠᠵᠠᠷ ᠤᠨ ᠨᠡᠷᠡᠰ ᠤᠨ ᠰᠣᠶᠣᠯ ᠤᠨ ︽ᠭᠠᠳᠠᠭᠰᠢ ᠭᠠᠷᠬᠤ︾ ᠶᠢ ᠠᠬᠢᠭᠤᠯᠵᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠭᠠᠵᠠᠷ ᠤᠨ ᠨᠡᠷᠡᠰ ᠤᠨ ᠠᠵᠢᠯ ᠤᠨ ᠬᠤᠷᠠᠯᠳᠤᠭᠠᠨ ᠳᠤ ᠢᠳᠡᠪᠬᠢᠲᠡᠢ ᠣᠷᠣᠯᠴᠠᠵᠤ ︽ᠳᠤᠮᠳᠠᠳᠤ ᠤᠯᠤᠰ ᠤᠨ ᠭᠠᠵᠠᠷ ᠤᠨ ᠨᠡᠷᠡᠰ ᠤᠨ ᠶᠡᠭᠡ ᠬᠤᠷᠠᠯ︾ ᠤᠨ ᠫᠷᠣᠭ᠍ᠷᠠᠮ ᠰᠠᠶᠢᠨ ᠦᠨᠡᠯᠡᠯᠳᠡ ᠤᠯᠪᠠ᠃     ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ  ᠳᠤᠮᠳᠠᠳᠤ ᠤᠯᠤᠰ · ᠤᠯᠤᠰ ᠤᠨ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠬᠥᠮᠥᠷᠭᠡ ᠶᠢ ᠦᠷᠭᠦᠯᠵᠢᠯᠡᠨ ᠰᠢᠨᠡᠳᠬᠡᠨ  ᠲᠡᠬᠦᠯᠳᠡᠷᠵᠢᠬᠦᠯᠤᠬᠡᠳ 1400 ᠭᠠᠷᠤᠢ ᠲᠦᠮᠡᠨ ᠵᠤᠷᠪᠤᠰ ᠲᠤᠭ᠎ᠠ ᠪᠠᠷᠢᠮᠲᠠ ᠶᠢ ᠰᠢᠩᠭᠡᠬᠡᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢᠨ ᠦᠢᠯᠡᠴᠢᠯᠡᠭᠡ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠨᠠᠷᠢᠨ ᠲᠠᠩᠰᠠᠨ ᠳᠤ ᠣᠷᠣᠭᠤᠯᠵᠤ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠤ ᠰᠠᠭᠤᠷᠢ ᠮᠡᠳᠡᠭᠡ ᠵᠠᠩᠭᠢ ᠶᠢᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ᠳᠤᠮᠳᠠᠳᠤ ᠤᠯᠤᠰ ᠤᠨ ᠰᠣᠨᠢᠨ ᠮᠡᠳᠡᠭᠡᠨ ᠤ ᠬᠤᠷᠢᠶᠠᠨ ᠤ ᠰᠤᠷᠪᠤᠯᠵᠢᠯᠠᠬᠴᠢ᠄    ᠠᠷᠠᠳ ᠤᠨ ᠶᠠᠪᠤᠳᠠᠯ ᠤᠨ ᠶᠠᠮᠤᠨ 2023 ᠣᠨ ᠤ 5 ᠳ᠋ᠤᠭᠠᠷ ᠰᠠᠷ᠎ᠠ ᠠᠴᠠ ᠡᠬᠢᠯᠡᠨ ︽ᠬᠥᠳᠡᠭᠡ ᠲᠣᠰᠬᠤᠨ ᠤ ᠨᠠᠷᠠᠲᠤ ᠠᠵᠢᠯᠯᠠᠭ᠎ᠠ︾ ᠶᠢ ᠦᠷᠨᠢᠬᠦᠯᠦᠭᠰᠡᠨ ᠳᠤ ᠶᠠᠮᠠᠷ ᠶᠠᠮᠠᠷ ᠠᠵᠢᠯ ᠤᠨ ᠬᠢᠯᠠᠰ ᠴᠡᠭ ᠪᠠᠶᠢᠬᠤ ᠪᠣᠶ︖ ᠲᠠᠷᠠᠭᠠᠴᠢ  ᠪᠠᠷ ᠪᠠᠰᠠ ᠶᠠᠮᠠᠷ ᠶᠠᠮᠠᠷ ᠠᠵᠢᠯ ᠢ ᠭᠤᠣᠯᠳᠠᠯᠭ᠎ᠠ ᠲᠠᠢ ᠠᠵᠢᠯ ᠢ ᠠᠳᠬᠤᠬᠤ ᠪᠤᠢ︖     ᠸᠠᠩ ᠰᠢᠶᠣᠣ ᠳ᠋ᠦᠩ᠄ ︽ᠬᠥᠳᠡᠭᠡ ᠲᠣᠰᠬᠤᠨ ᠤ ᠠᠯᠳᠠᠷᠲᠤ ᠠᠵᠢᠯᠯᠠᠭ᠎ᠠ︾ ᠪᠣᠯ ᠰᠢᠨ᠎ᠡ ᠴᠠᠭ ᠦᠶ᠎ᠡ ᠶᠢᠨ ᠭᠠᠵᠠᠷ ᠤᠨ ᠨᠡᠷᠡᠰ ᠤᠨ ᠠᠵᠢᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠰᠢᠨ᠎ᠡ ᠶᠢ ᠡᠭᠦᠳᠬᠦ ᠦᠢᠯᠡᠳᠦᠯᠭᠡ ᠪᠣᠯᠣᠨ᠎ᠠ᠃ ᠨᠢᠳᠤᠨᠤᠨ ᠡᠬᠢᠯᠡᠭᠦᠯᠦᠭᠰᠡᠨ ᠠᠴᠠ ᠨᠠᠭᠠᠰᠢ ᠡᠯ᠎ᠡ ᠭᠠᠵᠠᠷ ᠤᠨ ᠬᠢᠨ ᠭᠠᠵᠠᠷ ᠤᠨ ᠨᠡᠷᠡᠰ ᠤᠨ ᠦᠨ᠎ᠡ ᠥᠷᠲᠡᠭ ᠪᠠ ᠦᠢᠯᠡᠳᠦᠯ ᠢ ᠢᠳᠡᠪᠬᠢᠲᠡᠢ ᠪᠠᠳᠠᠷᠠᠭᠤᠯᠵᠤ ᠬᠥᠳᠡᠭᠡ ᠲᠣᠰᠬᠤᠨ ᠤ  ᠴᠢᠨᠠᠷᠯᠢᠭ ᠬᠥᠭᠵᠢᠯᠲᠡ ᠳᠤ ᠬᠦᠴᠦᠨ ᠨᠡᠮᠡᠷᠢᠯᠡᠪᠡ᠃ 2024 ᠣᠨ ᠤ 10 ᠰᠠᠷ᠎ᠠ ᠶᠢᠨ ᠳᠤᠮᠳᠠᠴᠢ ᠪᠣᠯᠲᠠᠯ᠎ᠠ ᠪᠦᠬᠦ ᠤᠯᠤᠰ ᠢᠶᠠᠷ ᠢᠶᠠᠨ ᠬᠥᠳᠡᠭᠡ ᠲᠣᠰᠬᠤᠨ ᠤ 45 ᠲᠦᠮᠡᠨ ᠭᠠᠵᠠᠷ ᠤᠨ  ᠨᠡᠷᠡᠰ ᠢ ᠵᠢᠷᠤᠮᠵᠢᠭᠤᠯᠤᠨ ᠨᠡᠷᠡᠯᠡᠵᠦ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠲᠡᠮᠳᠡᠭ ᠢ 35 ᠲᠦᠮᠨ ᠪᠠᠶᠢᠷᠢᠯᠠᠭᠤᠯᠵᠤ᠂ ᠠᠰᠠᠷ ᠤᠨ ᠡᠭᠦᠳᠡᠨ ᠤ ᠫᠠᠶᠢᠰᠠ ᠶᠢ 1450 ᠲᠦᠮᠡᠨ ᠬᠡᠰᠡᠭ ᠲᠠᠭᠠᠷᠠᠭᠤᠯᠵᠤ᠂ ᠬᠥᠳᠡᠭᠡ ᠲᠣᠰᠬᠤᠨ ᠤ 900 ᠭᠠᠷᠤᠢ ᠲᠦᠮᠡᠨ ᠭᠠᠵᠠᠷ ᠤᠨ  ᠨᠡᠷᠡᠰ ᠢ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠲᠠᠪᠴᠠᠩ ᠳᠤ ᠵᠢᠷᠤᠮᠵᠢᠯ ᠲᠠᠢ ᠲᠠᠶᠢᠯᠪᠤᠷᠢ  ᠬᠠᠳᠠᠭᠠᠳ ᠭᠠᠵᠠᠷ ᠤᠨ ᠨᠡᠷᠡᠰ ᠪᠠ ᠬᠢᠭᠡᠳ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠤᠶᠠᠯᠳᠤᠭᠤᠯᠬᠤ ᠶᠢ  ᠠᠬᠢᠭᠤᠯᠵᠤ᠂ ᠭᠠᠵᠠᠷ ‍ᠤᠨ‌ᠨᠡᠷᠡᠰ ᠤᠨ ᠠᠵᠢᠯ ᠤᠨ ᠬᠥᠳᠡᠭᠡ ᠲᠣᠰᠬᠤᠨ ᠤ ᠵᠠᠰᠠᠯᠲᠠ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ᠂ ᠠᠵᠤ ᠦᠢᠯᠡᠰ ᠤᠨ ᠬᠥᠭᠵᠢᠯ ᠮᠠᠨᠳᠤᠯ ᠪᠠ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠲᠠᠯ᠎ᠠ ᠳᠤ ᠦᠢᠯᠡᠴᠢᠯᠡᠬᠦ ᠦᠢᠯᠡᠳᠦᠯ ᠢ ᠬᠦᠴᠦᠲᠡᠢ ᠢᠯᠡᠷᠡᠭᠦᠯᠪᠡ᠃     ᠬᠥᠳᠡᠭᠡ ᠲᠣᠰᠬᠤᠨ ᠤ ᠭᠠᠵᠠᠷ ᠤᠨ  ᠨᠡᠷᠡᠰ ᠨᠢ ᠭᠦᠨ ᠵᠤᠵᠠᠭᠠᠨ ᠲᠡᠦᠬᠡ ᠪᠠ ᠰᠣᠶᠣᠯ ᠢ ᠬᠤᠷᠠᠮᠳᠤᠭᠤᠯᠤᠭᠰᠠᠨ ᠪᠥᠭᠡᠳ ᠪᠠᠰᠠ ᠢᠯᠡ ᠲᠣᠳᠣ ᠪᠣᠳᠠᠲᠤ ᠤᠯᠠ ᠮᠥᠷ ᠢ ᠠᠴᠢᠶᠠᠯᠠᠵᠤ ᠪᠠᠶᠢᠳᠠᠭ᠃ ᠴᠠᠭ ᠦᠶ᠎ᠡ ᠶᠢᠨ ᠬᠤᠪᠢᠷᠠᠯᠲᠠ᠂ ᠬᠥᠳᠡᠭᠡ ᠲᠣᠰᠬᠤᠨ ᠤ ᠬᠤᠪᠢᠷᠠᠯᠲᠠ ᠨᠢ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠭᠦᠨᠵᠡᠭᠡᠢ ᠬᠤᠪᠢᠰᠤᠯᠲᠠ ᠶᠢ ᠱᠠᠭᠠᠷᠳᠠᠬᠤ ᠨᠢ ᠵᠠᠶᠢᠯᠠᠰᠢ ᠦᠭᠡᠢ ᠶᠤᠮ᠃ ︽ᠬᠥᠳᠡᠭᠡ ᠲᠣᠰᠬᠤᠨ ᠤ ᠠᠯᠳᠠᠷᠲᠤ ᠠᠵᠢᠯᠯᠠᠭ᠎ᠠ︾ ᠪᠣᠯ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠭᠰᠡᠨ ᠠᠮᠢᠳᠤᠯᠢᠭ ᠦᠢᠯᠡᠳᠦᠯᠭᠡ᠂ ᠦᠷ᠎ᠡ ᠪᠦᠲᠦᠮᠵᠢ ᠦᠷ᠎ᠡ ᠪᠦᠲᠦᠭᠡᠯ ᠢ ᠪᠦᠷᠢᠯᠳᠦᠭᠦᠯᠬᠦ ᠶᠢᠨ ᠬᠠᠮᠲᠤ ᠪᠢᠳᠡᠨ ᠳᠤ ᠭᠦᠨ ᠰᠡᠩᠬᠡᠷᠡᠭᠦᠯᠦᠯ ᠥᠭᠴᠡᠢ᠄   ᠤᠨᠢᠨ ᠳᠡᠭᠡᠷ᠎ᠡ ᠨᠢ ᠵᠢᠯᠤᠭᠤᠳᠴᠤ ᠳᠠᠭᠠᠭᠤᠯᠬᠤ ᠶᠢ ᠴᠢᠩᠭᠠᠳᠬᠠᠬᠤ ᠬᠡᠷᠡᠭᠲᠡᠢ᠃ ᠮᠠᠨ ᠤ ᠤᠯᠤᠰ ᠪᠣᠯ ᠲᠠᠷᠢᠶᠠᠯᠠᠩ ᠤᠨ ᠲᠣᠮᠣ ᠤᠯᠤᠰ ᠮᠥᠨ᠃ ᠬᠤᠯᠪᠣᠭᠳᠠᠯ ᠪᠦᠬᠦᠢ ᠪᠦᠷᠢᠳᠬᠡᠯ ᠢ ᠦᠨᠳᠦᠰᠦᠯᠡᠪᠡᠯ᠂ ᠬᠥᠳᠡᠭᠡ ᠲᠣᠰᠬᠤᠨ ᠤ ᠭᠠᠵᠠᠷ ᠣᠷᠣᠨ ᠨᠢ ᠤᠯᠤᠰ ᠤᠨ ᠨᠤᠲᠤᠭ ᠳᠡᠪᠢᠰᠬᠡᠷ ᠤᠨ ᠶᠡᠷᠦᠩᠬᠡᠢ ᠲᠠᠯᠠᠪᠠᠢ ᠶᠢᠨ 90% ᠠᠴᠠ ᠳᠡᠭᠡᠭᠰᠢᠬᠢ ᠶᠢ ᠡᠵᠡᠯᠡᠵᠦ᠂ ᠬᠥᠳᠡᠭᠡ ᠲᠣᠰᠬᠤᠨ ᠤ ᠲᠤᠭ᠎ᠠ ᠬᠡᠮᠵᠢᠶ᠎ᠡ ᠨᠢ ᠤᠯᠠᠨ᠂ ᠪᠠᠶᠢᠭᠠᠯᠢ ᠶᠢᠨ ᠲᠥᠷᠥᠯᠬᠢ ᠠᠪᠢᠶᠠᠰ ᠨᠢ ᠲᠤᠰ ᠲᠤᠰ ᠠᠳᠠᠯᠢ ᠦᠭᠡᠢ ᠪᠠᠶᠢᠳᠠᠭ᠃ ︽ᠬᠥᠳᠡᠭᠡ ᠲᠣᠰᠬᠤᠨ ᠤ ᠠᠯᠳᠠᠷᠲᠤ ᠠᠵᠢᠯᠯᠠᠭ᠎ᠠ︾ ᠪᠣᠯ ᠦᠢᠯᠡᠳᠦᠯᠭᠡ ᠶᠢᠨ ᠴᠢᠨᠠᠷ ᠢᠶᠠᠷ ᠮᠠᠰᠢ ᠴᠢᠩᠭ᠎ᠠ ᠨᠢᠭᠡ ᠵᠦᠢᠯ ᠤᠨ ᠠᠵᠢᠯ ᠪᠣᠯᠣᠨ᠎ᠠ᠂ ᠡᠷᠬᠡᠪᠰᠢ ᠦᠨᠡᠨ ᠠᠴᠠ ᠵᠥᠪ ᠢ ᠡᠷᠢᠵᠦ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠠᠵᠢᠯ ᠤᠨ ᠳᠤᠮᠳᠠ ᠪᠢᠳᠡ ︽ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠪᠠᠶᠢᠭᠤᠯᠤᠯᠲᠠ ᠶᠢᠨ ᠵᠦᠭᠯᠡᠭᠦᠷ 1.0︾ ᠢ ᠨᠠᠶᠢᠷᠠᠭᠤᠯᠤᠨ  ᠣᠨᠴᠠᠯᠢᠭᠲᠤ ᠬᠠᠮᠠᠭᠠᠯᠠᠯᠲᠠ᠂ ᠲᠥᠪᠯᠡᠷᠡᠭᠦᠯᠦᠨ ᠳᠡᠭᠡᠭᠰᠢᠯᠡᠭᠦᠯᠬᠦ᠂ ᠬᠤᠲᠠ ᠶᠢᠨ ᠲᠡᠭᠦᠷᠭᠡ ᠶᠢ ᠠᠭᠤᠰᠤᠯᠴᠠᠭᠤᠯᠬᠤ᠂ ᠨᠡᠭᠦᠯᠭᠡᠨ ᠬᠠᠰᠤᠵᠤ ᠨᠡᠶᠢᠯᠡᠭᠦᠯᠬᠦ ᠵᠡᠷᠭᠡ ᠠᠳᠠᠯᠢ ᠪᠤᠰᠤ ᠲᠥᠷᠥᠯ ᠬᠡᠯᠪᠡᠷᠢ ᠳᠤ ᠴᠢᠭᠯᠡᠭᠦᠯᠦᠨ ᠡᠯ᠎ᠡ ᠲᠥᠷᠥᠯ ᠤᠨ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠪᠠᠶᠢᠭᠤᠯᠤᠯᠲᠠ ᠶᠢᠨ ᠭᠤᠣᠯᠳᠠᠯᠭ᠎ᠠ ᠶᠢ ᠲᠣᠭᠲᠠᠭᠠᠵᠤ ᠡᠭᠦᠷᠭᠡ ᠠᠷᠭ᠎ᠠ ᠂ ᠠᠷᠭ᠎ᠠ ᠵᠠᠮ ᠢ ᠲᠣᠳᠣᠷᠬᠠᠶᠢᠯᠠᠨ  ᠡᠯ᠎ᠡ ᠭᠠᠵᠠᠷ ᠤᠨ ᠪᠣᠳᠠᠲᠠᠢ ᠳᠤ ᠨᠡᠶᠢᠴᠡᠭᠰᠡᠨ᠂ ᠣᠨᠴᠠᠯᠢᠭ ᠢᠶᠠᠷ ᠢᠯᠡ ᠲᠣᠳᠣ᠂ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠶ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠵᠠᠭᠪᠤᠷ ᠢ ᠡᠭᠦᠳᠦᠨ ᠪᠠᠶᠢᠭᠤᠯᠬᠤ ᠶᠢ ᠵᠢᠭᠠᠨ ᠵᠢᠯᠣᠭᠤᠳᠪᠠ᠃ ᠵᠦᠭᠯᠡᠭᠦᠷ ᠲᠠᠢ ᠬᠠᠷᠢᠴᠠᠭᠤᠯᠵᠤ ᠦᠵᠡᠪᠡᠯ 2025 ᠣᠨ ᠤ ᠡᠴᠦᠰ ᠪᠣᠯᠬᠤ ᠳᠤ ᠪᠥᠬᠦ ᠤᠯᠤᠰ ᠤᠨ ᠭᠤᠷᠪᠠᠨ ᠤ ᠨᠢᠭᠡ ᠬᠤᠪᠢ ᠶᠢᠨ ᠰᠢᠶᠠᠨ ︵ᠬᠤᠲᠠ᠂ ᠲᠣᠭᠤᠷᠢᠭ︶ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠳᠤ ᠬᠦᠷᠴᠦ  2027 ᠣᠨ ᠤ ᠡᠴᠦᠰ ᠪᠣᠯᠬᠤ ᠳᠤ ᠪᠥᠬᠦ ᠤᠯᠤᠰ ᠤᠨ 90% ᠶᠢᠨ ᠰᠢᠶᠠᠨ ︵ᠬᠤᠲᠠ᠂ ᠲᠣᠭᠤᠷᠢᠭ︶ ᠤ ᠲᠣᠭᠲᠠᠭᠰᠠᠨ ᠬᠠᠷᠠᠯᠲᠠ ᠶᠢ ᠪᠡᠶᠡᠯᠡᠭᠦᠯᠦᠨ᠎ᠡ᠃ ᠪᠢᠳᠡ ᠡᠯ᠎ᠡ ᠭᠠᠵᠠᠷ ᠢ ᠵᠢᠯᠣᠭᠤᠳᠤᠨ ᠬᠡᠷᠡᠭᠵᠢᠭᠦᠯᠵᠦ ᠪᠣᠯᠬᠤ᠂ ᠬᠡᠮᠵᠢᠶᠡᠵᠢᠭᠦᠯᠵᠦ ᠪᠣᠯᠬᠤ᠂ ᠨᠡᠬᠡᠮᠵᠢᠯᠡᠵᠦ ᠪᠣᠯᠬᠤ᠂ ᠦᠨᠡᠯᠡᠵᠤ ᠪᠣᠯᠬᠤ ᠱᠠᠭᠠᠷᠳᠠᠯᠭ᠎ᠠ ᠶᠣᠰᠣᠭᠠᠷ ᠲᠣᠰ ᠭᠠᠵᠠᠷ ᠣᠷᠣᠨ ᠤ ᠠᠵᠢᠯ ᠤᠨ ᠶᠡᠷᠦᠩᠬᠡᠢ  ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠡᠯ᠎ᠡ ᠵᠦᠢᠯ ᠤᠨ ᠡᠭᠦᠷᠭᠡ ᠶ᠋᠊ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃   ᠨᠡᠶᠢᠲᠡᠯᠢᠭ ᠵᠢᠱᠢᠶ᠎ᠡ ᠦᠵᠡᠭᠦᠯᠦᠨ ᠬᠥᠳᠡᠯᠭᠡᠬᠦ ᠬᠦᠴᠦᠨ ᠢ ᠴᠢᠩᠭᠠᠳᠬᠠᠬᠤ ᠬᠡᠷᠡᠭᠲᠡᠢ᠃ ︽ᠬᠥᠳᠡᠭᠡ ᠲᠣᠰᠬᠤᠨ ᠤ ᠠᠯᠳᠠᠷᠲᠤ ᠠᠵᠢᠯᠯᠠᠭ᠎ᠠ︾ ᠨᠢ ᠦᠨᠳᠦᠰᠦᠨ ᠱᠠᠲᠤᠨ ᠠᠴᠠ ᠢᠷᠡᠯᠲᠡ ᠲᠠᠢ ᠪᠣᠯᠬᠤᠷ ᠡᠷᠬᠡᠪᠰᠢ ᠦᠨᠳᠦᠰᠦᠨ ᠱᠠᠲᠤ ᠪᠠ ᠣᠯᠠᠨ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠢᠴᠡᠳ ᠬᠦᠨᠳᠦᠳᠬᠡᠬᠦ ᠬᠡᠷᠡᠭᠲᠡᠢ᠃ ᠦᠢᠯᠡᠳᠦᠯᠭᠡ ᠶᠢᠨ ᠳᠤᠮᠳᠠ ᠱᠠᠨᠳᠦ᠋ᠩ ᠤᠨ ᠳ᠋ᠦᠩ ᠶᠢᠩ ᠤᠨ ︽ᠬᠥᠳᠡᠭᠡ ᠲᠣᠰᠬᠤᠨ ᠨᠡᠷ᠎ᠡ ᠠᠯᠳᠠᠷᠲᠠᠢ ᠂ ᠰᠢᠤᠳᠠᠨ ᠤ ᠵᠠᠮ ᠰᠠᠭᠠᠳ ᠦᠭᠡᠢ ᠨᠡᠪᠲᠡᠷᠡᠬᠦ︾᠂ ᠵᠧᠵᠢᠶᠠᠩ ᠤᠨ ᠳ᠋ᠦ᠋ ᠴᠢᠩ ᠤᠨ ︽ᠲᠣᠭᠠᠴᠢᠯᠠᠭᠰᠠᠨ ᠭᠠᠵᠠᠷ ‍ᠤᠨ‌ᠨᠡᠷᠡᠰ ᠤᠨ ᠲᠡᠮᠳᠡᠭ︾᠂ ᠭᠤᠸᠠᠩᠵᠧᠦ ᠬᠤᠲᠠ ᠶᠢᠨ ᠨᠠᠨᠱᠠ ᠲᠣᠭᠤᠷᠢᠭ ᠤᠨ ︽ᠭᠠᠵᠠᠷ ᠤᠨ ᠨᠡᠷᠡᠰ ᠤᠨ ᠦᠢᠯᠡᠴᠢᠯᠡᠭᠡᠨ ᠤ ᠵᠢᠷᠤᠭ︾᠁ ᠡᠯ᠎ᠡ ᠭᠠᠵᠠᠷ ᠤᠨ ᠡᠭᠦᠳᠦᠭᠰᠡᠨ ᠠᠮᠵᠢᠯᠲᠠ ᠲᠠᠢ ᠲᠤᠷᠰᠢᠯᠭ᠎ᠠ ᠶᠢ ᠴᠠᠭ ᠲᠤᠬᠠᠢ  ᠳᠤ ᠨᠢ‌‍ᠲ᠋ᠡᠯᠭᠡᠷᠡᠭᠦᠯᠪᠡᠯ ᠰᠠᠢᠢ ᠨᠡᠩ ᠤᠯᠠᠨ ᠭᠠᠵᠠᠷ ᠣᠷᠣᠨ ᠢ ᠳᠠᠭᠠᠭᠤᠯᠵᠤ ᠠᠵᠢᠯ ᠤᠨ ᠬᠥᠳᠡᠯᠭᠡᠬᠦ ᠬᠦᠴᠦᠨ ᠢ ᠨᠡᠮᠡᠭᠳᠡᠭᠦᠯᠵᠦ ᠴᠢᠳᠠᠨ᠎ᠠ᠃ 2023 ᠣᠨ ᠳᠤ ᠪᠢᠳᠡ ᠪᠦᠬᠦ ᠤᠯᠤᠰ ᠲᠤ ᠲᠤᠷᠰᠢᠯᠲᠠ ᠶᠢᠨ ᠠᠵᠢᠯ ᠥᠷᠨᠢᠭᠦᠯᠵᠦ 70 ᠲᠤᠷᠰᠢᠯᠲᠠ ᠶᠢᠨ ᠭᠠᠵᠠᠷ ᠣᠷᠣᠨ ᠶᠡᠭᠡ ᠬᠡᠮᠵᠢᠶᠡᠨ ᠤ ᠠᠮᠢᠳᠤᠯᠢᠭ ᠲᠤᠷᠰᠢᠯᠭ᠎ᠠ ᠶᠢ ᠡᠭᠦᠳᠴᠡᠢ᠃ ᠡᠨᠡ ᠵᠢᠯ ᠪᠠᠰᠠ ᠨᠢᠭᠡᠳᠦᠭᠡᠷ ᠪᠦᠯᠦᠭ ︽ᠬᠥᠳᠡᠭᠡ ᠲᠣᠰᠬᠤᠨ ᠤ ᠨᠠᠷᠠᠲᠤ ᠠᠵᠢᠯᠯᠠᠭ᠎ᠠ︾ ᠶᠢᠨ ᠬᠡᠷᠡᠭᠵᠢᠭᠦᠯᠦᠭᠰᠡᠨ ᠣᠷᠣᠨ ᠤ ᠨᠡᠶᠢᠲᠡᠯᠢᠭ ᠲᠤᠷᠰᠢᠯᠭ᠎ᠠ ᠶᠢ ᠰᠢᠯᠢᠨ ᠰᠣᠩᠭᠤᠪᠠ᠃ ᠲᠠᠷᠠᠭᠠᠴᠢ  ᠪᠠᠷ ᠪᠢᠳᠡ ᠬᠤᠶᠠᠳᠤᠭᠠᠷ ᠪᠦᠯᠦᠭ ᠤᠨ ᠤᠷᠢᠳ  ᠢᠶᠠᠷ ᠬᠡᠷᠡᠭᠵᠢᠭᠦᠯᠬᠦ ᠣᠷᠣᠨ ᠤ ᠨᠡᠶᠢᠲᠡᠯᠢᠭ ᠲᠤᠷᠰᠢᠯᠭ᠎ᠠ ᠶᠢ ᠰᠢᠯᠢᠨ ᠰᠣᠩᠭᠤᠬᠤ ᠠᠵᠢᠯ ᠢ ᠦᠷᠭᠦᠯᠵᠢᠯᠡᠨ ᠥᠷᠨᠢᠭᠦᠯᠬᠦ ᠶᠢᠨ ᠬᠠᠮᠲᠤ ᠡᠯ᠎ᠡ ᠭᠠᠵᠠᠷ ᠤᠨ ᠬᠢᠨ ᠤ ᠲᠣᠰ ᠭᠠᠵᠠᠷ ᠤᠨ ᠠᠵᠢᠯ ᠤᠨ ᠨᠡᠶᠢᠲᠡᠯᠢᠭ ᠵᠢᠱᠢᠶ᠎ᠡ ᠶᠢ ᠰᠣᠩᠭᠤᠨ ᠭᠠᠷᠭᠠᠬᠤ ᠶᠢ ᠵᠣᠷᠢᠭᠵᠢᠭᠤᠯᠤᠨ ᠳᠡᠮᠵᠢᠵᠦ ᠠᠵᠢᠯ ᠢᠶᠠᠨ ᠠᠬᠢᠭᠤᠯᠬᠤ ᠳᠠᠭᠤᠷᠢᠶᠠᠯ ᠤᠨ ᠵᠢᠭᠰᠠᠭᠠᠯ ᠢ ᠦᠷᠭᠦᠯᠵᠢᠯᠡᠨ ᠪᠣᠶ ᠪᠣᠯᠭᠠᠨ᠎ᠠ᠃    ︽ᠨᠡᠷᠡᠳᠤ ᠠᠵᠢᠯᠯᠠᠭ᠎ᠠ︾ ᠶᠢ ᠬᠦᠴᠦᠷᠬᠡᠭᠵᠢᠭᠦᠯᠦᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ︽ᠬᠥᠳᠡᠭᠡ ᠲᠣᠰᠬᠤᠨ ᠳᠤ ᠠᠯᠳᠠᠷᠲᠠᠢ︾ ᠨᠢ ᠡᠷᠬᠡᠪᠰᠢ ᠬᠥᠭᠵᠢᠯᠲᠡ ᠶᠢ ᠳᠡᠮᠵᠢᠬᠦ ᠬᠡᠷᠡᠭᠲᠡᠢ᠃ ᠪᠢ ᠭᠤᠸᠠᠩᠰᠢ ᠶᠢᠨ ᠰᠢᠩ ᠠᠨ  ᠳᠤ ᠪᠠᠶᠢᠴᠠᠭᠠᠨ ᠰᠤᠳᠤᠯᠬᠤ ᠳᠤ ᠪᠠᠨ ᠣᠶᠢᠯᠠᠭᠠᠭᠰᠠᠨ ᠢᠶᠠᠷ ︽ᠠᠯᠳᠠᠷᠲᠤ ᠠᠵᠢᠯᠯᠠᠭ᠎ᠠ︾ ᠶᠢ ᠴᠤᠭᠯᠠᠭᠤᠯᠵᠤ ᠠᠯᠳᠠᠷᠰᠢᠯ ᠢᠶᠠᠨ ᠥᠷᠭᠡᠳᠬᠡᠵᠦ ᠡᠯᠥᠺᠲᠷᠤᠨ ᠬᠤᠳᠠᠯᠳᠤᠭᠠᠨ ᠤ ᠠᠵᠤ ᠠᠬᠤᠢ ᠶᠢ ᠬᠥᠭᠵᠢᠶᠡᠨᠲᠡᠢ ᠪᠣᠯᠭᠠᠭᠰᠠᠨ ᠠᠴᠠ ᠦᠵᠦᠮ ᠤᠨ ᠬᠤᠳᠠᠯᠳᠤᠨ ᠠᠪᠬᠤ ᠦᠨ᠎ᠡ ᠥᠰᠴᠦ ᠤᠯᠠᠨ ᠲᠦᠮᠡᠨ ᠳᠤ ᠪᠣᠳᠠᠲᠤ ᠠᠰᠢᠭ ᠬᠦᠷᠲᠡᠭᠡᠭᠰᠡᠨ ᠪᠠᠶᠢᠨ᠎ᠠ᠃ ᠣᠳᠣᠬᠠᠨ ᠳᠤ ᠡᠯ᠎ᠡ ᠭᠠᠵᠠᠷ ᠤᠨ ᠬᠢᠨ ᠤᠯᠠᠨ ᠲᠦᠮᠡᠨ ᠢ ᠲᠠᠶᠢᠴᠢᠯᠠᠨ ᠲᠠᠷᠢᠶᠠᠴᠢᠨ ᠠᠶᠢᠯ ᠤᠨ ᠵᠤᠭᠠᠴᠠᠯ᠂ ᠵᠢᠮᠢᠰ ᠲᠡᠭᠦᠬᠦ ᠬᠦᠷᠢᠶᠡᠯᠡᠩ ᠵᠡᠷᠭᠡ ᠳᠤᠷ᠎ᠠ ᠰᠣᠨᠢᠷᠬᠠᠯ ᠤᠨ ᠴᠡᠭ ᠲᠤ ᠪᠡᠶ᠎ᠡ ᠪᠠᠨ ᠳᠠᠭᠠᠭᠠᠨ ᠣᠷᠣᠯᠴᠠᠭᠤᠯᠵ᠊᠂ ᠡᠳᠦᠷ ᠤᠨ ᠰᠢᠨ᠎ᠡ ᠪᠠᠷ ᠨᠡᠮᠡᠭᠳᠡᠭᠰᠡᠨ ᠲᠤᠭ᠎ᠠ ᠪᠠᠷᠢᠮᠲᠠ ᠶᠢᠨ ᠬᠡᠮᠵᠢᠶ᠎ᠡ ᠲᠦᠮᠡ ᠭᠠᠷᠤᠢ ᠵᠤᠷᠪᠤᠰ ᠢ ᠳᠠᠪᠠᠵᠠᠢ︔ ᠭᠠᠵᠠᠷ ᠤᠨ  ᠨᠡᠷᠡᠰ ᠤᠨ ᠰᠣᠶᠣᠯ ᠤᠨ ᠠᠵᠢᠯᠯᠠᠭ᠎ᠠ ᠶᠢ ᠣᠯᠠᠨ ᠶᠠᠩᠵᠤ ᠶᠢᠨ ᠬᠡᠯᠪᠡᠷᠢ ᠪᠠᠷ 3.3 ᠲᠦᠮᠡᠨ ᠤᠳᠠᠭ᠎ᠠ ᠥᠷᠨᠢᠭᠦᠯᠵᠦ᠂ ᠠᠷᠠᠳ ᠲᠤ 8000 ᠭᠠᠷᠤᠢ ᠲᠦᠮᠡᠨ ᠤᠳᠠᠭ᠎ᠠ ᠠᠰᠢᠭ ᠬᠦᠷᠲᠡᠭᠡᠪᠡ᠃ ᠬᠥᠳᠡᠭᠡ ᠲᠣᠰᠬᠤᠨ ᠤ 3 ᠲᠦᠮᠡ ᠭᠠᠷᠤᠢ ᠬᠠᠭᠤᠴᠢᠨ ᠭᠠᠵᠠᠷ ᠤᠨ ᠨᠡᠷᠡᠰ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ ᠠᠷᠠᠳ ᠲᠦᠮᠡᠨ ᠤ ᠤᠶᠤᠨ ᠰᠠᠨᠠᠭᠠᠨ ᠤ ᠭᠡᠷ ᠣᠷᠣᠨ ᠢ ᠰᠠᠬᠢᠨ ᠬᠠᠮᠠᠭᠠᠯᠠᠪᠠ᠃ ᠵᠠᠯᠭᠠᠭᠠᠳ ᠪᠢᠳᠡ ︽ᠠᠯᠳᠠᠷᠲᠤ ᠠᠵᠢᠯᠯᠠᠭ᠎ᠠ ︾ ᠶᠢ ᠲᠡᠰ ᠳᠡᠪᠰᠢᠭᠦᠯᠬᠦ ᠠᠵᠢᠯ ᠢ ᠲᠦᠷᠭᠡᠳᠬᠡᠵᠦ ᠨᠢᠭᠡ ᠪᠦᠯᠦᠭ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠰᠣᠶᠣᠯ ᠤᠨ ᠥᠪ ᠢ ᠬᠠᠮᠠᠭᠠᠯᠠᠬᠤ᠂ ᠨᠢᠭᠡ ᠪᠦᠯᠦᠭ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠰᠣᠶᠣᠯ ᠤᠨ ᠦᠷ᠎ᠡ ᠪᠦᠲᠦᠭᠡᠯ ᠢ ᠡᠭᠦᠳᠬᠦ᠂ ᠨᠢᠭᠡ ᠪᠦᠯᠦᠭ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠪᠦᠲᠦᠭᠡᠭᠳᠡᠬᠦᠨ ᠢ ᠠᠬᠢᠭᠤᠯᠬᠤ ᠵᠡᠷᠭᠡ ᠤᠯᠠᠨ ᠠᠷᠭ᠎ᠠ  ᠪᠠᠷ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ︽ᠨᠡᠷ᠎ᠡ ᠠᠯᠳᠠᠷ︾ ︽ᠨᠡᠷ᠎ᠡ ᠨᠢᠳᠡᠷ︾ ᠪᠤᠯᠭᠠᠨ᠎ᠠ᠃      ᠡᠭᠦᠨ ᠠᠴᠠ ᠭᠠᠳᠠᠨ᠎ᠠ ᠪᠣᠯᠪᠠᠰᠤᠷᠠᠯ ᠢ ᠭᠦᠨᠵᠡᠭᠡᠶᠢᠷᠡᠭᠦᠯᠦᠨ ᠴᠢᠳᠠᠪᠤᠷᠢ ᠶᠢ ᠨᠢ ᠴᠢᠩᠭᠠᠳᠬᠠᠬᠤ ᠬᠡᠷᠡᠭᠲᠡᠢ᠃  ᠴᠢᠨᠠᠷᠵᠢᠭᠤᠨ ᠠᠵᠢᠯ ᠨᠢ ᠰᠢᠯᠭᠠᠷᠠᠭᠰᠠᠨ ᠡᠩᠨᠡᠭᠡ ᠠᠴᠠ ᠰᠠᠯᠵᠤ ᠴᠢᠳᠠᠬᠤ ᠦᠭᠡᠢ ᠶᠤᠮ᠃ ᠪᠢᠳᠡ ᠨᠢᠭᠡᠨᠲᠡ ᠬᠥᠳᠡᠭᠡ ᠲᠣᠰᠬᠤᠨ ᠤ ᠭᠠᠵᠠᠷ ᠤᠨ  ᠨᠡᠷᠡᠰ ᠤᠨ ᠠᠵᠢᠯ ᠤᠨ ᠰᠦᠯᠵᠢᠶᠡᠨ ᠤ ᠬᠢᠴᠢᠶᠡᠯ ᠤᠨ ᠲᠠᠩᠬᠢᠮ ᠢ ᠡᠬᠢᠯᠡᠨ ᠪᠠᠶᠢᠭᠤᠯᠵᠤ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠪᠣᠯᠪᠠᠰᠤᠷᠠᠯ ᠢ  ᠴᠢᠩᠭᠠᠳᠬᠠᠨ᠎ᠠ᠃ ᠬᠥᠳᠡᠭᠡ ᠲᠣᠰᠬᠤᠨ ᠤ ᠠᠷᠠᠳ ᠢᠷᠭᠡᠳ ᠲᠤ ᠬᠠᠨᠳᠤᠭᠤᠯᠤᠭᠰᠠᠨ ᠵᠢᠷᠤᠭ ᠴᠤᠭᠯᠠᠭᠤᠯᠬᠤ ᠪᠣᠯᠪᠠᠰᠤᠷᠠᠯ ᠢ ᠥᠷᠨᠢᠭᠦᠯᠬᠦ ᠶᠢ ᠵᠣᠷᠢᠭᠵᠢᠭᠤᠯᠵᠤ ᠤᠯᠠᠨ ᠨᠡᠶᠢᠲᠡ ᠶᠢᠨ ᠲᠣᠭᠠᠴᠢᠯᠠᠭᠰᠠᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠠᠵᠢᠯᠯᠠᠭᠴᠢᠳ ᠢ ᠳᠠᠶᠢᠴᠢᠯᠠᠨ ᠬᠥᠳᠡᠭᠡ ᠲᠣᠰᠬᠤᠨ ᠤ ᠭᠠᠵᠠᠷ ᠤᠨ  ᠨᠡᠷᠡᠰ ᠤᠨ ᠠᠵᠢᠯ ᠳᠤ ᠥᠷᠭᠡᠨ ᠢᠶᠠᠷ ᠣᠷᠣᠯᠴᠠᠭᠤᠯᠵᠤ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠦᠨᠳᠦᠰᠦᠨ ᠱᠠᠲᠤᠨ ᠤ ᠰᠠᠭᠤᠷᠢ ᠶᠢ ᠤᠯᠠᠮ ᠪᠠᠲᠤᠳᠬᠠᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号