ᠠᠯᠠᠱᠠ ᠠᠶᠢᠮᠠᠭ᠄ ︽ᠤᠷᠤᠭ ᠤᠨ ᠵᠠᠩᠰᠢᠯ ᠤᠨ ᠥᠭᠡᠷᠡᠴᠢᠯᠡᠯᠲᠡ + ᠰᠣᠶᠣᠯ ᠢᠶᠠᠷ ᠳᠠᠭᠠᠭᠤᠯᠬᠤ︾  ᠪᠠᠷ ᠬᠥᠳᠡᠯᠭᠡᠭᠦᠷ ᠪᠣᠯᠭᠠᠵᠤ  ᠤᠷᠤᠭ ᠤᠨ ᠵᠠᠩᠰᠢᠯ ᠤᠨ ᠰᠢᠨ᠎ᠡ ᠬᠡᠪ ᠰᠤᠷᠲᠠᠯ ᠢ ᠪᠢᠴᠢᠭᠯᠡᠵᠤ ᠪᠠᠶᠢᠨ᠎ᠠ
ᠨᠡᠶᠢᠲᠡᠯᠡᠭᠰᠡᠨ ᠴᠠᠭ᠄
2024/10/28
   ᠠᠯᠠᠱᠠ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ  ︽ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠲᠤᠬᠠᠢ ᠵᠢᠯᠤᠭᠤᠳᠬᠤ ᠰᠠᠨᠠᠯ︾  ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠶᠢᠨ ᠲᠥᠯᠥᠭᠡ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠬᠠᠮᠲᠤ ᠶᠢᠨ ᠬᠤᠷᠢᠮ ᠤᠨ ᠶᠣᠰᠣᠯᠠᠯ ᠢᠶᠠᠷ ᠠᠴᠢᠶᠠᠯᠠᠪᠤᠷᠢ ᠪᠣᠯᠭᠠᠵᠤ ᠭᠤᠣᠯ ᠰᠡᠳᠦᠪᠲᠦ ᠪᠦᠲᠦᠭᠡᠯᠴᠢ ᠠᠵᠢᠯᠯᠠᠭ᠎ᠠ ᠪᠠᠷ ᠪᠠᠷᠢᠴᠨ ᠪᠣᠯᠭᠠᠵᠤ ᠬᠤᠷᠢᠮ ᠤᠨ ᠶᠠᠪᠤᠳᠠᠯ ᠢ ᠳᠥᠭᠦᠮᠴᠢᠯᠡᠨ ᠰᠢᠨ᠎ᠡ ᠪᠠᠷ ᠡᠷᠬᠢᠯᠡᠬᠦ ᠪᠠᠷ ᠴᠢᠷᠮᠠᠶᠢᠵᠤ ᠨᠡᠶᠢᠭᠡᠮ ᠤᠨ ᠪᠣᠯᠪᠠᠰᠤᠨ ᠤ ᠰᠢᠨ᠎ᠡ ᠰᠤᠷᠲᠠᠯ ᠢ ᠢᠳᠡᠪᠬᠢᠲᠡᠢ  ᠪᠠᠳᠠᠷᠠᠭᠤᠯᠤᠭᠠᠳ ᠤᠷᠤᠭ ᠤᠨ ᠵᠠᠩ ᠤᠨ ᠰᠢᠨ᠎ᠡ ᠬᠡᠪ ᠰᠤᠷᠲᠠᠯ ᠤᠨ ᠭᠤᠶᠢᠳᠠ ᠰᠠᠶᠢᠬᠠᠨ ᠵᠢᠷᠤᠭ ᠢ ᠵᠢᠷᠤᠭᠯᠠᠵᠠᠢ᠃

W020241024356723987448.png

    ᠲᠥᠷᠥ ᠶᠢᠨ ᠪᠣᠳᠣᠯᠭ᠎ᠠ ᠪᠠᠷ ᠵᠢᠯᠤᠭᠤᠳᠴᠤ ᠣᠷᠤᠭ ᠤᠨ ᠵᠠᠩᠰᠢᠯ  ᠤᠨ ᠥᠭᠡᠷᠡᠴᠢᠯᠡᠯᠲᠡ ᠶᠢ ᠠᠬᠢᠭᠤᠯᠪᠠ᠃

ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠲᠥᠷᠥ ᠶᠢᠨ

ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠳᠠᠭᠠᠵᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ

ᠬᠡᠷᠡᠭᠵᠢᠬᠦᠯᠤᠬᠡᠳ ︽ᠪᠥᠬᠦ ᠠᠶᠢᠮᠠᠭ ᠤᠨ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢ

ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂  ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ

ᠠᠷᠭ᠎ᠠ ᠵᠠᠮ ᠢ ᠲᠣᠳᠣᠷᠬᠠᠢ ᠲᠣᠭᠲᠠᠭᠠᠪᠠ᠃ ᠠᠯᠠᠱᠠ ᠵᠡᠭᠦᠨ ᠬᠤᠰᠢᠭᠤ ᠲᠤᠷᠰᠢᠯᠲᠠ ᠶᠢᠨ ᠭᠠᠵᠠᠷ ᠣᠷᠣᠨ

ᠪᠣᠯᠤᠭᠰᠠᠨ ᠤ ᠬᠤᠪᠢ ᠳᠤ ᠵᠢᠱᠢᠶ᠎ᠡ ᠦᠵᠡᠭᠦᠯᠬᠦ ᠦᠢᠯᠡᠳᠦᠯ ᠢᠯᠡᠳᠲᠡ ᠪᠠᠶᠢᠯ᠎ᠠ᠃ ᠲᠡᠳᠡ ︽ᠤᠷᠤᠭ ᠤᠨ

ᠵᠠᠩᠰᠢᠯ ᠤᠨ ᠥᠭᠡᠷᠡᠴᠢᠯᠡᠯᠲᠡ ᠶᠢ ᠥᠷᠨᠢᠭᠦᠯᠬᠦ ᠰᠠᠨᠠᠯ︾ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠲᠣᠭᠲᠠᠭᠠᠵᠤ᠂ 

︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠲᠦᠷᠦᠭᠦᠯᠡᠬᠦ᠂ ᠰᠠᠯᠠᠭ᠎ᠠ ᠮᠥᠴᠢᠷ ᠬᠠᠮᠵᠢᠯᠴᠠᠬᠤ᠂

ᠨᠡᠶᠢᠭᠡᠮ ᠨᠡᠶᠢᠲᠡ ᠪᠠᠷ ᠢᠶᠠᠨ ᠣᠷᠣᠯᠴᠠᠬᠤ︾ ᠠᠵᠢᠯ ᠤᠨ ᠲᠣᠭᠲᠠᠴᠠ  ᠶᠢ ᠪᠠᠶᠢᠭᠤᠯᠤᠨ᠂ ᠣᠷᠤᠭ ᠤᠨ  ᠪᠠᠳᠤᠯᠠᠪᠤᠷᠢ

ᠣᠯᠭᠤᠬᠤ ᠦᠢᠯᠡᠴᠢᠯᠡᠭᠡ ᠶᠢ ᠵᠢᠷᠤᠮᠵᠢᠭᠤᠯᠵᠤ ᠣᠷᠤᠭ ᠭᠡᠷ ᠪᠦᠯᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ

ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠵᠤ  ᠤᠷᠤᠭ ᠤᠨ ᠵᠠᠩᠰᠢᠯ ᠤᠨ

ᠰᠣᠶᠣᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ ᠡᠯ᠎ᠡ ᠬᠤᠰᠢᠭᠤ ᠣᠷᠣᠨ ᠢ ᠵᠢᠱᠢᠶ᠎ᠡ ᠦᠵᠡᠭᠦᠯᠦᠨ ᠳᠠᠶᠢᠴᠢᠯᠠᠵᠤ

ᠪᠠᠶᠢᠭᠠᠳ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯ ᠢ ᠬᠠᠮᠵᠢᠯᠴᠠᠨ ᠠᠬᠢᠭᠤᠯᠵᠤ᠂ ᠳᠡᠭᠡᠷ᠎ᠡ ᠳᠣᠣᠷ᠎ᠠ

ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ

ᠪᠠᠶᠢᠳᠠᠯ ᠢ ᠪᠣᠶ ᠪᠣᠯᠭᠠᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃

W020241024356724033104.jpg

   

    ᠲᠠᠪᠴᠠᠩ ᠢ ᠪᠠᠶᠢᠭᠤᠯᠵᠤ᠂ ᠤᠷᠤᠭ ᠤᠨ ᠵᠠᠩᠰᠢᠯ ᠤᠨ ᠰᠢᠨ᠎ᠡ ᠬᠡᠪ ᠰᠤᠷᠲᠠᠯ ᠢ ᠪᠣᠶ ᠪᠤᠯᠭᠠᠯ᠎ᠠ᠃ ᠡᠬᠢ

ᠪᠠᠶᠠᠯᠢᠭ ᠢ ᠭᠦᠢᠴᠡᠳ ᠡᠮᠬᠢᠯᠡᠨ ᠰᠢᠷᠢᠰ ᠣᠨᠴᠠᠯᠢᠭᠲᠤ ᠠᠵᠢᠯᠯᠠᠭ᠎ᠠ ᠶᠢ ᠨᠢᠮᠪᠠᠢ ᠲᠥᠯᠥᠪᠯᠡᠵᠦ ᠡᠵᠡᠨ᠎ᠡ ᠬᠤᠰᠢᠭᠤᠨ ᠤ

ᠤᠯᠠᠮᠵᠢᠯᠠᠯᠲᠤ ᠰᠣᠶᠣᠯ ᠢᠶᠠᠷ ᠬᠦᠴᠦᠯᠡᠴᠡ ᠪᠠᠨ ᠪᠣᠯᠭᠠᠵᠤ ᠥᠷᠨᠢᠭᠦᠯᠦᠭᠰᠡᠨ ︽ᠲᠤᠯᠤᠭᠠᠨ ᠰᠠᠷ᠎ᠠ ᠶᠢᠨ ᠲᠤᠯᠤᠭᠠᠨ ᠤ

ᠪᠤᠯᠵᠤᠭ᠎ᠠ᠂ ᠪᠣᠳᠠᠰ ᠤᠨ ᠪᠤᠰᠤ ᠰᠤᠶᠤᠯ ᠤᠨ ᠦᠪ ᠯᠦᠭᠡ ᠶᠢᠨ ᠪᠠᠷᠢᠯᠳᠤᠯᠭ᠎ᠠ︾ ᠠᠴᠠ ᠠᠯᠠᠱᠠ ᠠᠶᠢᠮᠠᠭ ᠤᠨ

ᠡᠮᠡᠭᠲᠡᠶᠢᠴᠦᠳ ᠤᠨ ᠬᠤᠯᠪᠣᠭ᠎ᠠ᠂ ᠠᠵᠢᠯᠴᠢᠨ ᠤ ᠡᠪᠯᠡᠯ ᠵᠡᠷᠭᠡ ᠠᠷᠪᠠᠨ ᠨᠢᠬᠡᠴᠢ ᠶᠢᠨ ᠬᠢᠨ ᠤ ᠬᠠᠮᠲᠤᠷᠠᠨ ᠡᠷᠬᠢᠯᠡᠭᠰᠡᠨ

︽ᠵᠢᠷᠭᠠᠯ ᠤᠨ ᠬᠤᠯᠪᠣᠭ᠎ᠠ ︿ᠡᠮᠡᠭᠲᠡᠶᠢᠴᠦᠳ ᠵᠠᠯᠠᠭᠤ ᠨᠠᠰᠤᠨ ᠤ ᠪᠠᠷᠢᠯᠳᠤᠯᠭ᠎ᠠ﹀︾ ᠬᠦᠷᠲᠡᠯ᠎ᠡ᠂ ᠠᠯᠠᠱᠠ

ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤ ᠭᠤᠣᠯᠯᠠᠨ ᠡᠷᠬᠢᠯᠡᠭᠰᠡᠨ ︽  ᠢᠷᠤᠬᠡᠯ

ᠪᠠᠷᠢᠯᠳᠤᠯᠭ᠎ᠠ ᠪᠠᠷ ᠨᠠᠰᠤᠨ ᠤ ᠵᠠᠶᠠᠭ᠎ᠠ ᠪᠠᠨ ᠲᠣᠭᠲᠠᠭᠠᠬᠤ︾  ᠲᠣᠮᠣ ᠬᠡᠯᠪᠡᠷᠢ ᠶᠢᠨ ᠬᠠᠮᠲᠤ ᠶᠢᠨ ᠬᠤᠷᠢᠮ ᠤᠨ

ᠶᠣᠰᠣᠯᠠᠯ ᠵᠡᠷᠭᠡ ᠰᠢᠷᠢᠰ ᠠᠵᠢᠯᠯᠠᠭ᠎ᠠ  ᠪᠠᠷ ᠲᠠᠮᠵᠢᠨ ᠵᠠᠯᠠᠭᠤᠴᠤᠳ ᠤᠨ ᠨᠠᠶᠢᠵᠠᠯᠠᠬᠤ᠂ ᠬᠠᠮᠲᠤ ᠶᠢᠨ ᠬᠤᠷᠢᠮ ᠤᠨ

ᠶᠣᠰᠣᠯᠠᠯ᠂ ︽  ᠤᠷᠤᠭ ᠤᠨ ᠵᠠᠩᠰᠢᠯ ᠢ ᠥᠭᠡᠷᠡᠴᠢᠯᠡᠨ ᠰᠢᠨ᠎ᠡ ᠴᠠᠭ ᠦᠶ᠎ᠡ ᠶᠢᠨ ᠤᠷᠤᠭ ᠢᠨᠠᠭ ᠤᠨ ᠦᠵᠡᠯᠲᠡ ᠶᠢ

ᠪᠠᠳᠠᠷᠠᠭᠤᠯᠬᠤ ᠰᠠᠨᠠᠭᠠᠴᠢᠯᠠᠭ᠎ᠠ ᠶᠢᠨ ᠪᠢᠴᠢᠭ︾ ᠢ ᠨᠡᠶᠢᠲᠡᠯᠡᠬᠦ ᠪᠠᠷ ᠳᠠᠮᠵᠢᠭᠤᠯᠤᠨ ᠠᠷᠠᠳ ᠤᠨ ᠵᠠᠩ ᠦᠢᠯᠡ ᠶᠢᠨ

ᠰᠣᠶᠣᠯ ᠪᠣᠯᠣᠨ ᠤᠷᠤᠭ  ᠤᠨ ᠵᠠᠩᠰᠢᠯ ᠤᠨ ᠲᠤᠬᠠᠢ ᠰᠢᠨ᠎ᠡ ᠦᠵᠡᠯᠳᠡ ᠲᠠᠨᠢᠯᠳᠠ ᠲᠠᠢ ᠤᠶᠠᠯᠳᠤᠭᠤᠯᠵᠤ᠂ᠡᠷᠡᠭᠦᠯ

ᠪᠣᠯᠪᠠᠰᠤᠨ ᠤᠷᠤᠭ ᠤᠨ ᠵᠠᠩᠰᠢᠯ ᠤᠨ ᠦᠷᠳᠡᠭ ᠤᠨ ᠦᠵᠡᠯᠲᠡ᠂ ᠰᠢᠨ᠎ᠡ ᠮᠠᠶ᠋ᠢᠭ ᠤᠨ ᠤᠷᠤᠭ ᠤᠨ ᠵᠠᠩᠰᠢᠯ ᠤᠨ

ᠦᠵᠡᠯᠲᠡ ᠶᠢ ᠪᠤᠢ ᠪᠣᠯᠭᠠᠵᠤ ᠨᠡᠶᠢᠭᠡᠮ ᠤᠨ ᠵᠠᠯᠠᠭᠤᠴᠤᠳ ᠢ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ

ᠬᠤᠰᠢᠭᠤᠴᠢ ᠬᠦᠴᠦᠨ ᠪᠤᠯᠬᠤ ᠲᠡᠶᠢᠰᠢ ᠲᠠᠶᠢᠴᠢᠯᠠᠵᠤ ᠴᠢᠳᠠᠬᠰᠠᠨ ᠪᠠᠶᠢᠨ᠎ᠠ᠃

W020241024356724041516_ORIGIN.jpg

    ᠰᠣᠶᠣᠯ ᠢ ᠠᠭᠤᠳᠠᠯᠵᠤ᠂ ᠣᠷᠣᠨ ᠨᠤᠲᠤᠭ ᠤᠨ ᠣᠨᠴᠠᠯᠢᠭ ᠢ ᠢᠯᠡᠷᠡᠬᠦᠯᠪᠡ᠃ ᠣᠷᠣᠨ ᠨᠤᠲᠤᠭ ᠤᠨ

ᠣᠨᠴᠠᠯᠢᠭᠲᠤ ᠰᠣᠶᠣᠯ ᠢ ᠭᠦᠨ ᠠᠭᠤᠳᠠᠯᠵᠤ ᠮᠢᠩᠭᠠᠨ ᠣᠨ ᠤ ᠲᠣᠣᠷᠠᠢ ᠪᠠᠷ ᠪᠡᠯᠭᠡᠳᠡᠭᠰᠡᠨ ᠪᠠᠶᠢᠭᠠᠯᠢ ᠶᠢᠨ ᠦᠵᠡᠮᠵᠢ

ᠪᠣᠯᠣᠨ ᠤᠷᠤᠭ ᠤᠨ ᠶᠣᠭᠲᠠ ᠤᠳᠬ᠎ᠠ ᠶᠢ ᠠᠭᠤᠰᠬᠠᠭᠰᠠᠨ ᠥᠪᠡᠷᠮᠢᠴᠡ ᠣᠨᠴᠠᠯᠢᠭ ᠲᠠᠢ ᠬᠤᠷᠢᠮ ᠤᠨ ᠦᠪᠡᠳᠡᠭᠰᠢ

ᠨᠠᠶᠢᠷ ᠢ ᠴᠣᠭᠴᠠᠯᠠᠵᠤ ᠬᠤᠶᠠᠷ ᠵᠢᠯ ᠳᠠᠷᠠᠭᠠᠯᠠᠨ ︽ᠮᠢᠩᠭᠠᠨ ᠣᠨ ᠤ ᠲᠣᠣᠷᠠᠢ ᠶᠢᠨ ᠤᠢ ᠳᠤ ᠬᠢ ᠵᠠᠭᠤᠨ ᠵᠢᠯ ᠤᠨ

ᠤᠷᠤᠭ ᠤᠨ ᠪᠠᠷᠢᠯᠳᠤᠯᠭ᠎ᠠ︾ᠭᠡᠬᠦ ᠭᠤᠣᠯ ᠰᠡᠳᠦᠪᠲᠦ ᠪᠦᠲᠦᠭᠡᠯᠴᠢ ᠠᠵᠢᠯᠯᠠᠭ᠎ᠠ ᠶᠢ ᠥᠷᠨᠢᠭᠦᠯᠵᠦ ᠪᠦᠬᠦ ᠤᠯᠤᠰ ᠤᠨ

ᠡᠯ᠎ᠡ ᠭᠠᠵᠠᠷ ᠠᠴᠠ ᠢᠷᠡᠭᠰᠡᠨ ᠰᠢᠨ᠎ᠡ ᠬᠥᠮᠥᠰ ᠷᠣᠮᠠᠨᠲ᠋ᠢᠭ ᠠᠭᠤᠷ ᠠᠮᠢᠰᠬᠤᠯ ᠤᠨ ᠳᠤᠮᠳᠠ ᠣᠷᠣᠨ ᠨᠤᠲᠤᠭ ᠤᠨ

ᠰᠣᠶᠣᠯ ᠤᠨ ᠥᠪᠡᠷᠮᠢᠴᠡ ᠣᠨᠴᠠᠯᠢᠭ ᠢ ᠮᠡᠳᠡᠷᠡᠵᠦ᠂ 99 ᠰᠢᠨ᠎ᠡ ᠬᠤᠣᠰ ᠤᠳ ᠲᠣᠣᠷᠠᠢ ᠶᠢᠨ ᠤᠢ ᠪᠠᠷ ᠵᠠᠭᠤᠴᠢ

ᠪᠣᠯᠭᠠᠨ ᠠᠷᠢᠭᠤᠨ ᠲᠠᠷᠬᠠᠨ ᠬᠤᠷᠢᠮ ᠤᠨ ᠣᠷᠳᠣᠨ ᠳᠤ ᠣᠷᠣᠵᠤ ᠬᠤᠷᠢᠮ ᠤᠨ ᠶᠠᠪᠤᠳᠠᠯ ᠢ ᠰᠢᠨ᠎ᠡ ᠪᠠᠷ ᠡᠷᠬᠢᠯᠡᠬᠦ

ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠬᠠᠮᠳᠤ ᠪᠠᠷ ᠳᠠᠭᠠᠭᠤᠯᠪᠠ᠃ ᠡᠭᠦᠨ ᠤ  ᠬᠠᠮᠳᠤ ᠪᠠᠰᠨ

ᠵᠠᠭᠤᠴᠢᠯᠠᠭᠤᠷ ᠤᠨ ᠬᠢᠨ ᠢ ᠠᠰᠢᠭᠯᠠᠨ᠂ ᠣᠷᠣᠨ ᠨᠤᠲᠤᠭ ᠤᠨ ᠣᠨᠴᠠᠯᠢᠭ ᠪᠦᠬᠦᠢ ᠤᠷᠤᠭ ᠬᠤᠷᠢᠮ ᠤᠨ ᠰᠣᠶᠣᠯ ᠢ

ᠥᠷᠭᠡᠨ ᠢᠶᠠᠷ ᠤᠯᠠᠮᠵᠢᠯᠠᠨ ᠳᠡᠯᠭᠡᠷᠡᠭᠦᠯᠵᠦ᠂ ᠰᠣᠶᠣᠯ ᠤᠨ ᠵᠥᠭᠡᠯᠡᠨ ᠪᠣᠳᠠᠲᠤ ᠬᠦᠴᠦᠨ ᠪᠣᠯᠣᠨ ᠨᠥᠯᠥᠭᠡᠯᠡᠬᠦ

ᠬᠦᠴᠦᠨ ᠢ ᠤᠯᠠᠮ  ᠲᠡᠭᠡᠭᠰᠢᠯᠡᠬᠦᠯᠦᠭᠰᠡᠨ ᠪᠠᠶᠢᠨ᠎ᠠ᠃

W020241024356724112678_ORIGIN.jpg

   

   ᠠᠯᠠᠱᠠ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠰᠣᠶᠣᠯ ᠢᠶᠠᠷ ᠰᠦᠭ

ᠰᠦᠨᠡᠰᠦ ᠶᠢ ᠱᠤᠭᠤᠬᠤ︾ ᠣᠶᠢᠯᠠᠭᠠᠭᠳᠠᠬᠤᠨ ᠢ ᠪᠠᠷᠢᠮᠲᠠᠯᠠᠵᠤ  ᠤᠷᠤᠭ ᠤᠨ ᠵᠠᠩᠰᠢᠯ ᠤᠨ ᠥᠭᠡᠷᠡᠴᠢᠯᠡᠯᠲᠡ ᠶᠢ

ᠭᠦᠨᠵᠡᠭᠡᠶᠢᠷᠡᠭᠦᠯᠵᠦ  ᠠᠯᠠᠱᠠ ᠶᠢᠨ ᠥᠪᠡᠷᠮᠢᠴᠡ ᠣᠨᠴᠠᠯᠢᠭ ᠲᠠᠢ  ︽ᠰᠠᠶᠢᠨ︾ ᠰᠣᠶᠣᠯ ᠤᠨ ᠤᠷᠤᠭ ᠤᠨ ᠵᠠᠩᠰᠢᠯ

 ᠤᠨ ᠲᠦᠷᠦᠯ ᠲᠡᠮᠳᠡᠭ ᠢ ᠢᠳᠡᠪᠬᠢᠲᠡᠢ ᠡᠭᠦᠳᠴᠦ  ᠤᠷᠤᠭ ᠤᠨ ᠵᠠᠩᠰᠢᠯ ᠤᠨ ᠰᠣᠶᠣᠯ ᠤᠨ ᠰᠢᠨ᠎ᠡ ᠶᠢ ᠡᠭᠦᠳᠬᠦ

ᠬᠥᠭᠵᠢᠯᠲᠡ ᠶᠢ ᠠᠬᠢᠭᠤᠯᠬᠤ ᠶᠢᠨ ᠬᠠᠮᠳᠤ ᠤᠷᠤᠭ ᠤᠨ ᠵᠡᠩᠰᠢᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ

ᠲᠥᠷᠥ ᠶᠢᠨ ᠪᠣᠳᠣᠯᠭ᠎ᠠ ᠶᠢ ᠤᠯᠠᠮ ᠲᠡᠭᠦᠯᠳᠡᠷᠵᠢᠭᠦᠯᠵᠦ ᠵᠠᠭᠤᠴᠢᠯᠠᠭᠤᠷ ᠤᠨ   ᠦᠢᠯᠡᠳᠦᠯ ᠢ ᠪᠠᠳᠠᠷᠠᠭᠤᠯᠤᠨ

ᠤᠯᠠᠮᠵᠢᠯᠠᠯᠲᠤ ᠤᠷᠤᠭ ᠤᠨ ᠵᠡᠩᠰᠢᠯ ᠤᠨ ᠰᠣᠶᠣᠯ ᠤᠨ ᠣᠬᠢ ᠰᠣᠳᠣ ᠶᠢ ᠭᠦᠨ ᠠᠭᠤᠳᠠᠯᠵᠤ ᠥᠷᠭᠡᠨ  ᠲᠦᠮᠡᠨ ᠢ

ᠵᠢᠯᠤᠭᠤᠳᠴᠤ ᠪᠠᠶᠢᠭᠠᠳ ᠣᠷᠤᠭ ᠢᠨᠠᠭ ᠤᠨ ᠵᠥᠪ ᠦᠵᠡᠯᠲᠡ ᠶᠢ ᠪᠣᠶ ᠪᠣᠯᠭᠠᠵᠤ ᠭᠡᠷ ᠪᠦᠯᠢ ᠶᠢᠨ ᠵᠣᠯ ᠵᠢᠷᠭᠠᠯ ᠤᠨ

ᠰᠡᠳᠬᠢᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠰᠦᠪᠡᠭᠴᠢᠯᠡᠯᠲᠡ ᠪᠠ

ᠴᠢᠷᠮᠠᠶᠢᠯᠭ᠎ᠠ ᠭᠠᠷᠭᠠᠵᠤ᠂ ᠨᠡᠶᠢᠭᠡᠮ ᠤᠨ ᠪᠣᠯᠪᠠᠰᠤᠨ ᠳᠠᠪᠰᠢᠯᠲᠠ ᠳᠤ ᠠᠷᠠᠳ ᠤᠨ ᠶᠠᠪᠤᠳᠠᠯ ᠤᠨ ᠬᠢᠨ ᠤ ᠬᠦᠴᠦᠨ

ᠴᠢᠳᠠᠯ ᠢ  ᠨᠡᠮᠡᠷᠢᠯᠡᠬᠦ ᠪᠤᠯᠤᠨ᠎ᠠ᠃

      

 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号