ᠠᠷᠠᠳ ᠤᠨ ᠶᠠᠪᠤᠳᠠᠯ ᠤᠨ ᠲᠢᠩᠬᠢᠮ ᠤᠨ ᠪᠠᠶᠢᠭᠤᠯᠭ᠎ᠠ ᠶᠢᠨ ᠬᠢᠨ ᠤ ᠱᠠᠯᠠᠪᠳᠠᠭᠤᠯᠤᠨ ᠪᠠᠶᠢᠴᠠᠭᠠᠵᠤ | ᠱᠠᠯᠠᠪᠳᠠᠭᠤᠯᠤᠨ ᠰᠢᠢᠳᠪᠦᠷᠢᠯᠡᠬᠦ ᠠᠵᠢᠯ ᠤᠨ ᠴᠢᠳᠠᠪᠤᠷᠢ ᠶᠢ ᠲᠡᠭᠡᠭᠰᠢᠯᠡᠬᠦᠯᠵᠤ ᠠᠵᠢᠯ ᠢ ᠤᠯᠠᠮ ᠲᠦᠷᠢᠮᠵᠢᠬᠦᠨ᠂ | ᠬᠠᠨᠳᠤᠯᠭ᠎ᠠ ᠲᠠᠢ᠂ ᠪᠣᠳᠠᠲᠤ ᠦᠷ᠎ᠡ ᠲᠠᠢ ᠪᠤᠯᠭᠠᠵᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ ᠣᠨᠣᠪᠴᠢᠲᠠᠶ | ᠨᠠᠶᠢᠳᠠᠪᠤᠷᠢᠵᠢᠭᠤᠯᠬᠤ ᠶᠢᠨ ᠲᠦᠯᠤᠬᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠤᠨ ᠬᠢᠨ 10 ᠳ᠋ᠤᠭᠠᠷ ᠰᠠᠷ᠎ᠠ ᠶᠢᠨ 24 ᠤ ᠡᠳᠦᠷ ᠱᠠᠯᠠᠪᠳᠠᠭᠤᠯᠤᠨ ᠪᠠᠶᠢᠴᠠᠭᠠᠬᠤ ᠠᠵᠢᠯ ᠤᠨ | ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠬᠦ ᠳᠤ ᠪᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ | ᠬᠦᠴᠦᠨ ᠢ ᠤᠷᠢᠵᠤ ︽ᠪᠢᠲᠡᠭᠦᠦ ᠬᠠᠮᠢᠶᠠᠷᠤᠯᠲᠠ ᠶᠢ ᠴᠢᠩᠭᠠᠳᠬᠠᠵᠤ ᠨᠠᠶᠢᠳᠠᠪᠤᠷᠢᠵᠢᠭᠤᠯᠤᠯᠲᠠ ᠶᠢᠨ ᠶᠠᠰᠤ ᠴᠢᠨᠠᠷ | ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠰᠡᠳᠦᠪ ᠢᠶᠠᠷ ᠲᠤᠰᠬᠠᠢ ᠰᠡᠳᠦᠪᠲᠦ ᠵᠢᠯᠤᠭᠤᠳᠤᠭᠤᠯᠪᠠ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠪᠠᠶᠢᠭᠤᠯᠭ᠎ᠠ᠂ ᠰᠢᠭᠤᠳ | ᠬᠠᠷᠢᠶ᠎ᠠ ᠪᠠᠶᠢᠭᠤᠯᠭ᠎ᠠ ᠶᠢᠨ 50 ᠭᠠᠷᠤᠢ ᠺᠠᠳ᠋ᠷ ᠪᠣᠯᠪᠠᠰᠤᠷᠠᠯ ᠳᠤ ᠣᠷᠣᠯᠴᠠᠪᠠ᠃ | ᠲᠣᠰ ᠬᠢᠴᠢᠶᠡᠯᠯᠡᠭᠡ ᠶᠢᠨ ᠠᠭᠤᠯᠭ᠎ᠠ ᠨᠢ ᠪᠠᠶᠠᠯᠢᠭ ᠪᠥᠭᠡᠳ ᠪᠥᠬᠦ ᠲᠠᠯ ᠶᠢ ᠬᠠᠮᠤᠷᠴᠤ ᠠᠵᠢᠯ ᠤᠨ ᠪᠣᠳᠠᠲᠤ | ᠪᠠᠶᠢᠳᠠᠯ ᠲᠠᠢ ᠣᠶᠢᠷᠠᠲᠤᠨ᠂ ᠣᠨᠣᠯ ᠤᠨ ᠲᠠᠶᠢᠯᠤᠮᠵᠢ ᠪᠠ ᠦᠢᠯᠡᠳᠦᠯᠭᠡ ᠶᠢᠨ ᠬᠡᠷᠡᠭ ᠤᠨ ᠵᠢᠱᠢᠶ᠎ᠡ ᠶᠢ ᠬᠠᠷᠢᠯᠴᠠᠨ | ᠤᠶᠠᠯᠳᠤᠭᠤᠯᠵᠤ᠂ ᠱᠠᠯᠠᠪᠳᠠᠭᠤᠯᠤᠨ ᠱᠠᠯᠠᠪᠳᠠᠭᠤᠯᠤᠨ ᠰᠢᠢᠳᠪᠦᠷᠢᠯᠡᠭᠦᠯᠬᠦ ᠠᠵᠢᠯ ᠤᠨ ᠴᠢᠬᠤᠯᠠ ᠠᠴᠢ ᠬᠤᠯᠪᠣᠭᠳᠠᠯ᠂ | ᠠᠵᠢᠯ ᠤᠨ ᠶᠠᠪᠤᠴᠠ᠂ ᠠᠮᠠᠷᠬᠠᠨ ᠭᠠᠷᠬᠤ ᠠᠰᠠᠭᠤᠳᠠᠯ ᠪᠠ ᠰᠢᠢᠳᠪᠦᠷᠢᠯᠡᠬᠦ ᠰᠡᠳᠬᠢᠴᠡ ᠪᠠ ᠠᠷᠭ᠎ᠠ ᠶᠢᠨ ᠲᠠᠯ᠎ᠠ ᠪᠠᠷ | ᠪᠥᠬᠦ ᠲᠠᠯ᠎ᠠ ᠶᠢᠨ ᠲᠠᠶᠢᠯᠤᠮᠵᠢ ᠬᠢᠭᠰᠡᠨ ᠶᠤᠮ᠃ | | | |