ᠴᠢᠬᠤᠯᠠ ᠮᠡᠳᠡᠭᠡ | ᠠᠷᠪᠠᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠷᠠᠳ ᠤᠨ ᠶᠠᠪᠤᠳᠠᠯ ᠤᠨ ᠬᠤᠷᠠᠯᠳᠤᠭᠠᠨ 10 ᠳ᠋ᠤᠭᠠᠷ | ᠰᠠᠷ᠎ᠠ ᠶᠢᠨ 25 ᠠᠴᠠ 26 ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ | ᠴᠢᠬᠤᠯᠠ ᠵᠢᠭᠠᠪᠤᠷᠢ ᠶᠢ ᠤᠯᠠᠮᠵᠢᠯᠠᠪᠠ᠃ ᠲᠤᠮᠳᠠᠳᠤ ᠤᠯᠤᠰ ᠤᠨ ᠡᠪ ᠬᠠᠮᠳᠪ᠊ ᠨᠠᠮ ᠤᠨ ᠲᠥᠪ ᠬᠤᠷᠢᠶᠠᠨ ᠤ ᠤᠯᠤᠰ | ᠳᠣᠶᠢᠷᠪ᠊ ᠶᠢᠨ ᠲᠣᠪᠴᠢᠶᠠᠨ ᠤ ᠪᠠᠶᠢᠡᠭᠭᠤ ᠶᠢᠨ ᠭᠡᠰᠢᠭᠦᠨ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠤᠩᠭᠡᠢ | ᠰᠠᠶᠢᠳ ᠯᠢ ᠴᠢᠶᠠᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠯ᠎ᠠ᠃ ᠬᠤᠷᠠᠯᠳᠤᠭᠠᠨ ᠲᠡᠬᠡᠷ᠎ᠡ ᠪᠦᠬᠦ ᠤᠯᠤᠰ ᠤᠨ | ᠠᠷᠠᠳ ᠤᠨ ᠶᠠᠪᠤᠳᠠᠯ ᠤᠨ ᠰᠢᠰᠲ᠋ᠧᠮ ᠤᠨ ᠲᠡᠷᠢᠭᠦᠨ ᠤ ᠬᠠᠮᠲᠤ᠂ ᠬᠥᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ | ᠠᠵᠢᠯᠲᠠᠨ ᠢ ᠬᠦᠬᠢᠬᠦᠯᠪᠡ᠃ | | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ | ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠬᠤᠶᠠᠷ ᠢ ᠲᠣᠬᠢᠶᠠᠯᠳᠤᠯ ᠢᠶᠠᠷ ᠬᠢᠬᠦ᠂ | ᠨᠢᠭᠡ ᠶᠢ ᠢᠯᠡᠵᠢᠬᠦᠯᠬᠦ︾ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡ᠊ ᠦᠷᠨᠢᠬᠦᠯᠤᠬᠡᠳ 10 ᠳ᠋ᠤᠭᠠᠷ | ᠰᠠᠷ᠎ᠠ ᠶᠢᠨ ᠰᠡᠭᠦᠯᠴᠢ ᠪᠣᠯᠲᠠᠯ᠎ᠠ 49 ᠬᠢᠨᠠᠨ ᠬᠠᠮᠢᠶᠠᠷᠬᠤ ᠡᠲᠡᠭᠡᠳ ᠢ ᠲᠤᠬᠠᠢ ᠶᠢᠨ ᠲᠠᠯᠠᠪᠤᠷ ᠲᠤ ᠨᠢ ᠪᠠᠶᠢᠴᠠᠭᠠᠯ᠎ᠠ᠃ | ᠡᠭᠦᠨ ᠳᠤ ᠠᠵᠢᠯ ᠵᠣᠭᠰᠣᠭᠰᠠᠨ ᠪᠠᠶᠢᠳᠠᠯ ᠳᠤ ᠪᠠᠶᠢᠭ᠎ᠠ 6 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠤᠯᠤᠰ ᠤᠨ | ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠳᠤ ᠣᠷᠣᠭᠤᠯᠵᠤ᠂ | ᠳᠠᠩᠰᠠᠯᠠᠯᠲᠠ ᠶᠢ ᠨᠢ ᠬᠦᠴᠦᠨ ᠦᠭᠡᠢ ᠪᠣᠯᠭᠠᠬᠤ ᠶᠢ ᠱᠠᠯᠠᠪᠳᠠᠭᠤᠯᠪᠠ᠃ ᠴᠡᠭᠴᠡᠯᠡᠬᠦ ᠴᠠᠭ ᠤᠨ ᠬᠢᠵᠠᠭᠠᠷ ᠢ | ᠲᠠᠪᠠᠭᠰᠠᠳ ᠢ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠵᠤ ᠵᠠᠰᠠᠭ ᠵᠠᠬᠢᠷᠭᠠᠨ ᠤ ᠰᠢᠢᠳᠬᠡᠯ ᠤᠨ | ᠲᠣᠷᠭᠠᠭᠤᠯᠢ ᠶᠢᠨ ᠠᠯᠬᠤᠮ ᠲᠠᠷᠠᠭ᠎ᠠ ᠶᠢ ᠴᠠᠭ ᠲᠤᠬᠠᠢ ᠳᠤ ᠨᠢ ᠬᠦᠢᠴᠡᠳᠬᠡᠪᠡ᠃ ᠳᠠᠩᠰᠠᠯᠠᠭᠤᠯᠤᠭᠰᠠᠨ ᠦᠨᠡᠮᠯᠡᠯ | ᠪᠠ ᠰᠦᠢᠳᠬᠡᠯ ᠤᠨ ᠦᠨ᠎ᠡ ᠶᠢᠨ ᠬᠦᠰᠦᠨᠦᠭᠲᠦ ᠶᠢ ᠢᠯᠨ ᠡᠯᠭᠦᠭᠰᠡᠨ ᠦᠭᠡᠢ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢ ᠲᠡᠷᠡ ᠳᠠᠷᠤᠢ ᠳᠤ ᠨᠢ ᠴᠡᠭᠴᠡᠯᠡᠵᠡᠢ᠃ | | ᠨᠡᠶᠢᠭᠡᠮ ᠤᠨ ᠲᠤᠰᠠᠯᠠᠮᠵᠢ | ᠪᠠᠶᠠᠨᠨᠠᠭᠤᠷ ᠬᠤᠲᠠ ᠶᠢᠨ ᠨᠡᠶᠢᠭᠡᠮ ᠤᠨ ᠲᠤᠰᠠᠯᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠬᠢᠨ | ᠤᠷᠴᠢᠮ ᠳᠤ ᠪᠥᠬᠦ ᠬᠤᠲᠠ ᠶᠢᠨ 50 ᠭᠠᠷᠤᠢ ᠪᠤᠶᠠᠨᠰᠠᠭ ᠳᠡᠯᠭᠡᠭᠦᠷ ᠤᠨ ᠬᠢᠨ ᠲᠠᠢ ᠨᠢᠭᠲᠠ ᠬᠠᠷᠢᠯᠴᠠᠬᠤ | ᠲᠣᠭᠲᠠᠴᠠ ᠶᠢ ᠪᠠᠶᠢᠭᠤᠯᠵᠤ ᠲᠡᠨᠦᠭᠦᠴᠢᠯᠡᠨ ᠭᠤᠶᠢᠷᠠᠨᠴᠢᠯᠠᠭᠴᠢᠳ ᠢ ᠲᠤᠰᠠᠯᠠᠬᠤ ᠶᠢ ᠲᠠᠶᠢᠴᠢᠯᠠᠬᠤ ᠴᠡᠭ | ᠭᠠᠷᠭᠠᠭᠰᠠᠨ ᠪᠠᠶᠢᠨ᠎ᠠ᠃ ᠪᠤᠶᠠᠨᠰᠠᠭ ᠬᠤᠳᠠᠯᠳᠤᠭᠠᠨ ᠤ ᠭᠠᠵᠠᠷ ᠤᠨ ᠲᠤᠰᠬᠠᠢ ᠮᠡᠷᠭᠡᠵᠢᠯ ᠤᠨ ᠪᠣᠯᠪᠠᠰᠤᠷᠠᠯ ᠢᠶᠠᠷ | ᠳᠠᠮᠵᠢᠭᠤᠯᠤᠨ᠂ ᠣᠯᠠᠨ ᠲᠦᠮᠡᠨ ᠢ ᠲᠠᠶᠢᠴᠢᠯᠠᠵᠤ ᠪᠠᠶᠢᠭᠠᠳ ᠲᠤᠰᠠᠯᠠᠬᠤ ᠴᠢᠬᠤᠯᠠᠲᠠᠢ ᠬᠥᠮᠥᠰ ᠢ ᠴᠠᠭ ᠲᠤᠬᠠᠢ ᠳᠤ | ᠨᠢ ᠲᠠᠨᠢᠭᠤᠯᠤᠬᠰᠠᠨ ᠤ ᠬᠠᠮᠲᠤ᠂ ᠠᠮᠢᠳᠤᠷᠠᠯ ᠨᠢ ᠨᠠᠶᠢᠳᠠᠪᠤᠷᠢ ᠦᠭᠡᠢ ᠲᠡᠨᠤᠬᠦᠴᠢᠯᠡᠨ ᠭᠤᠶᠢᠷᠠᠨᠴᠢᠳ ᠲᠤ | ᠲᠤᠰᠠᠯᠠᠮᠵᠢ ᠭᠤᠶᠤᠴᠢᠯᠠᠬᠤ ᠠᠷᠭ᠎ᠠ ᠵᠠᠮ᠂ ᠲᠤᠰᠠᠯᠠᠮᠵᠢ ᠶᠢᠨ ᠤᠲᠠᠰᠤ ᠪᠠ ᠲᠤᠰᠠᠯᠠᠮᠵᠢ ᠶᠢᠨ ᠪᠠᠶᠢᠭᠤᠯᠤᠮᠵᠢ ᠵᠡᠷᠭᠡ | ᠮᠡᠳᠡᠭᠡ ᠵᠠᠩᠭᠢ ᠶᠢ ᠴᠠᠭ ᠲᠤᠬᠠᠢ ᠳᠤ ᠨᠢ ᠮᠡᠳᠡᠭᠦ ᠳᠤ ᠦᠨᠡᠨ ᠬᠦ ᠬᠠᠪᠰᠤᠷᠴᠤ᠂ ᠠᠮᠢᠳᠤᠷᠠᠯ ᠨᠢ ᠨᠠᠶᠢᠳᠠᠪᠤᠷᠢ ᠦᠭᠡᠢ | ᠲᠡᠨᠤᠬᠦᠴᠢᠯᠡᠨ ᠭᠤᠶᠢᠷᠠᠨᠴᠢᠯᠠᠭᠴᠢᠳ ᠲᠤ ᠠᠮᠤᠷ ᠲᠦᠪᠰᠢᠨ᠂ ᠪᠦᠲᠦᠮᠵᠢᠲᠡᠶ ᠲᠤᠰᠠᠯᠠᠮᠵᠢ ᠶᠢ ᠴᠠᠭ ᠲᠤᠬᠠᠢ ᠳᠤ ᠨᠢ | ᠬᠠᠨᠭ᠍ᠭᠠᠵᠤ ᠪᠠᠶᠢᠨ᠎ᠠ᠃ | ᠨᠠᠰᠤᠵᠢᠯ ᠤᠨ ᠦᠢᠯᠡᠴᠢᠯᠡᠭᠡ | ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠤᠨ ᠵᠢᠯ | ᠡᠮᠴᠢᠯᠡᠭᠡᠨ ᠤ ᠡᠬᠢ ᠪᠠᠶᠠᠯᠢᠭ ᠪᠠ ᠨᠠᠰᠤᠵᠢᠯ ᠤᠨ ᠠᠰᠠᠷᠠᠮᠵᠢ ᠶᠢᠨ ᠡᠬᠢ ᠪᠠᠶᠠᠯᠢᠭ ᠢ ᠬᠦᠴᠦᠯᠡᠨ ᠡᠮᠬᠢᠯᠡᠨ ᠡᠮᠴᠢᠯᠡᠭᠡ | ᠪᠠ ᠰᠤᠪᠢᠯᠠᠯᠳᠠ ᠶᠢ ᠤᠶᠠᠯᠳᠤᠭᠤᠯᠬᠤ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ ᠨᠠᠰᠤᠵᠢᠯ ᠤᠨ ᠦᠨᠳᠦᠰᠦᠨ | ᠠᠰᠠᠷᠠᠮᠵᠢ ᠶᠢᠨ ᠦᠢᠯᠡᠴᠢᠯᠡᠭᠡᠨ ᠤ ᠲᠣᠳᠣᠷᠬᠠᠢ ᠬᠠᠭᠤᠳᠠᠰᠤ ᠶᠢ ᠲᠣᠭᠲᠠᠭᠠᠵᠤ᠂ 65 ᠨᠠᠰᠤ ᠪᠠ ᠲᠡᠭᠦᠨ ᠠᠴᠠ | ᠳᠡᠭᠡᠭᠰᠢᠬᠢ 30.5 ᠲᠦᠮᠡ ᠭᠠᠷᠤᠢ ᠨᠠᠰᠤᠲᠠᠶᠢᠴᠤᠳ ᠲᠤ ᠲᠣᠭᠠᠴᠢᠯᠠᠭᠰᠠᠨ ᠡᠷᠡᠭᠦᠯ ᠮᠡᠨᠳᠦ ᠶᠢᠨ ᠲᠠᠩᠰᠠ ᠡᠪᠬᠡᠮᠡᠯ | ᠪᠠᠶᠢᠭᠤᠯᠵᠤ ᠥᠭᠪᠡ᠃ ᠭᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ 1076 ᠪᠣᠯᠵᠤ ᠨᠡᠮᠡᠭᠳᠡᠪᠡ᠃ | ᠤᠯᠠᠭᠠᠨᠴᠠᠪ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠬᠢᠭᠡᠳ ᠡᠮᠴᠢᠯᠡᠭᠡᠨ ᠤ ᠪᠠᠶᠢᠭᠤᠯᠤᠮᠵᠢ ᠶᠢᠨ | ᠭᠡᠷ᠎ᠡ ᠲᠣᠭᠲᠠᠨ ᠦᠢᠯᠡᠴᠢᠯᠡᠬᠦ ᠨᠣᠷᠮ᠎ᠠ 100% ᠳᠤ ᠬᠦᠷᠴᠤ 8 ᠲᠣᠮᠣ ᠳᠤᠮᠳᠠ ᠬᠡᠯᠪᠡᠷᠢ ᠶᠢᠨ ᠡᠮᠴᠢᠯᠡᠭᠡ | ᠠᠰᠠᠷᠠᠮᠵᠢ ᠶᠢ ᠨᠢᠭᠡ ᠴᠣᠭᠴᠠᠵᠢᠭᠤᠯᠤᠭᠰᠠᠨ ᠪᠠᠶᠢᠭᠤᠯᠤᠮᠵᠢ᠂ ᠰᠢᠭᠢᠳᠬᠡᠯ ᠮᠠᠶ᠋ᠢᠭ ᠤᠨ ᠡᠮᠴᠢᠯᠡᠭᠡᠨ ᠤ | ᠦᠢᠯᠡᠴᠢᠯᠡᠭᠡ ᠶᠢᠨ ᠡᠮᠴᠢᠯᠡᠭᠡ ᠠᠰᠠᠷᠠᠮᠵᠢ ᠶᠢ ᠤᠶᠠᠯᠳᠤᠭᠤᠯᠤᠭᠰᠠᠨ ᠬᠡᠯᠪᠡᠷᠢ ᠶᠢᠨ ᠪᠠᠶᠢᠭᠤᠯᠤᠮᠵᠢ ᠶᠢ 14 | ᠪᠠᠶᠢᠭᠤᠯᠪᠠ᠃ | ᠬᠡᠦᠬᠡᠳ ᠤᠨ ᠠᠰᠠᠷᠠᠮᠵᠢ | ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 2024 ᠣᠨ ᠳᠤ 49.3 | ᠲᠦᠮᠡᠨ ᠲᠥᠭᠦᠷᠢᠭ ᠤᠨ ᠪᠡᠯᠡ ᠣᠷᠣᠭᠤᠯᠵᠤ ᠨᠠᠰᠤᠨ ᠳᠤ ᠥᠯᠥ ᠭᠦᠷᠦᠭᠰᠡᠳ ᠤᠨ ᠨᠡᠶᠢᠭᠡᠮ ᠤᠨ ᠬᠠᠮᠠᠭᠠᠯᠠᠯᠲᠠ ᠶᠢᠨ | ᠦᠢᠯᠡᠴᠢᠯᠡᠭᠡᠨ ᠤ ᠲᠥᠷᠥᠯ ᠵᠦᠢᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ ᠭᠤᠣᠯᠳᠠᠭᠤ ᠥᠨᠥᠴᠢᠨ | ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠪᠡᠶ᠎ᠡ ᠰᠡᠳᠬᠢᠯ ᠤᠨ ᠣᠨᠴᠠᠯᠢᠭ ᠪᠠ | ᠪᠤᠶᠢᠵᠢᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠨᠠᠰᠤᠨ ᠳᠤ ᠥᠯᠥ ᠭᠦᠷᠦᠭᠰᠡᠳ ᠲᠤ ᠣᠯᠠᠨ | ᠡᠰᠢᠲᠦ ᠦᠢᠯᠡᠴᠢᠯᠡᠭᠡ ᠬᠠᠩᠭᠠᠵᠤ ︽ᠨᠠᠷᠢᠯᠢᠭ ᠣᠨᠣᠴᠠᠲᠠᠢ ᠦᠨᠡᠯᠡᠬᠦ + ᠣᠨᠴᠠᠭᠠᠶ ᠵᠢᠱᠢᠶ᠎ᠡ ᠢᠶᠠᠷ ᠲᠡᠳᠬᠦᠬᠦ + | ᠨᠢᠭᠦᠯᠡᠰᠦᠩᠭᠦᠢ ᠶᠢᠨ ᠬᠤᠯᠪᠣᠭᠠᠰᠤ︾ ᠬᠡᠮᠡᠬᠦ ᠬᠠᠯᠠᠮᠵᠢᠯᠠᠬᠤ ᠬᠠᠶᠢᠷᠠᠯᠠᠬᠤ ᠦᠢᠯᠡᠴᠢᠯᠡᠭᠡᠨ ᠤ ᠵᠠᠭᠪᠤᠷ ᠢ ᠪᠣᠶ | ᠪᠤᠯᠭᠠᠭᠠᠳ ᠨᠢᠭᠡᠳᠦᠭᠡᠷ ᠱᠠᠲᠤᠨ ᠳᠤ ᠨᠢᠭᠡᠨᠲᠡ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ | 315 ᠬᠡᠦᠬᠡᠳ ᠢ ᠪᠠᠶᠢᠴᠠᠭᠠᠬᠤ᠂ ᠦᠨᠡᠯᠡᠬᠦ ᠠᠵᠢᠯ ᠢ ᠥᠷᠨᠢᠭᠦᠯᠵᠦ᠂ 6 ᠤᠳᠠᠭ᠎ᠠ ᠶᠢᠨ ᠠᠵᠢᠯᠯᠠᠭ᠎ᠠ ᠥᠷᠨᠢᠭᠦᠯᠵᠦ᠂ | ᠭᠡᠷ ᠲᠤ ᠪᠠᠨ ᠬᠤᠴᠣᠷᠤᠭᠰᠠᠨ᠂ ᠬᠦᠴᠢᠷᠳᠡᠯ ᠳᠤ ᠲᠤᠯᠭᠠᠷᠠᠭᠰᠠᠨ 300 ᠬᠡᠦᠬᠡᠳ ᠲᠤ ᠠᠰᠢᠭ ᠬᠦᠷᠲᠡᠭᠡᠵᠦ | 9000 ᠲᠥᠭᠦᠷᠢᠭ ᠤᠨ ᠥᠷᠲᠡᠭ ᠪᠦᠬᠦᠢ ᠡᠳ᠋ ᠪᠣᠳᠠᠰ ᠢ ᠲᠦᠭᠡᠭᠡᠪᠡ᠃ | | | | | | | | |