ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ10.31
ᠨᠡᠶᠢᠲᠡᠯᠡᠭᠰᠡᠨ ᠴᠠᠭ᠄
2024/10/31
ᠠᠷᠠᠳ‌‍ᠤᠨ ᠶᠠᠪᠤᠳᠠᠯ ᠤᠨ ᠶᠠᠮᠤᠨ     ᠠᠷᠠᠳ ᠤᠨ ᠶᠠᠪᠤᠳᠠᠯ ᠤᠨ ᠶᠠᠮᠤᠨ ᠤ ᠬᠢᠨ ᠪᠦᠬᠦ ᠤᠯᠤᠰ ᠤᠨ ᠠᠷᠠᠳ ᠤᠨ ᠶᠠᠪᠤᠳᠠᠯ ᠤᠨ ᠬᠠᠤᠯᠢ ᠬᠡᠷᠡᠭᠵᠢᠭᠦᠯᠬᠦ ᠠᠵᠢᠯ ᠤᠨ ᠪᠣᠯᠪᠠᠰᠤᠷᠠᠯ ᠡᠷᠬᠢᠯᠡᠪᠡ᠃ ᠪᠣᠯᠪᠠᠰᠤᠷᠠᠯ ᠲᠡᠭᠡᠷ᠎ᠡ ᠠᠷᠠᠳ ᠤᠨ ᠶᠠᠪᠤᠳᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ  ᠪᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠭᠴᠢ ᠬᠦᠴᠦᠨ ᠪᠣᠯᠭᠠᠵᠤ ᠠᠷᠠᠳ ᠤᠨ ᠶᠠᠪᠤᠳᠠᠯ ᠤᠨ ᠬᠠᠤᠯᠢ ᠬᠡᠷᠡᠭᠵᠢᠭᠦᠯᠬᠦ  ᠶᠠᠰᠤ ᠴᠢᠨᠰᠠᠭ᠎ᠠ ᠪᠣᠯᠤᠨ ᠴᠢᠳᠠᠮᠵᠢ  ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠨᠡᠬᠡᠭᠡᠯᠲᠡ ᠲᠠᠢ ᠤᠷᠤᠭᠰᠢᠯᠠᠵᠤ ᠪᠣᠭᠤᠮᠲᠠ ᠰᠢᠪᠲᠤᠯᠤᠨ ᠬᠦᠴᠢᠷ ᠢ ᠳᠠᠪᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ        ᠬᠥᠯᠥᠨ ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ  ᠪᠤᠳᠠᠲᠤ ᠠᠵᠤ ᠠᠬᠤᠶ ᠳᠤ ᠨᠠᠩ ᠰᠠᠶᠢᠨ ᠦᠢᠯᠡᠴᠢᠯᠡᠬᠦ ᠶᠢ  ᠵᠢᠯᠤᠭᠤᠳᠤᠨ ᠳᠠᠭᠠᠭᠤᠯᠵᠤ  ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠵᠢᠯᠣᠭᠤᠳᠴᠤ ᠪᠠᠶᠢᠭᠠᠳ  ᠨᠡᠶᠢᠭᠡᠮᠯᠢᠭ ᠤᠨ ᠭᠡᠰᠢᠭᠦᠨ ᠨᠢᠬᠡᠴᠢ ᠶᠢᠨ ᠨᠡᠶᠢᠭᠡᠮᠯᠢᠭ ᠤᠨ ᠰᠦᠢᠳᠬᠡᠯ ᠬᠤᠷᠢᠶᠠᠬᠤ ᠶᠢ ᠬᠠᠰᠤᠵᠤ ᠠᠰᠢᠭ ᠣᠯᠭᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ 2024 ᠣᠨ ᠳᠤ ᠬᠤᠷᠠᠯ ᠤᠨ ᠰᠦᠢᠳᠬᠡᠯ ᠢ 22 .55 ᠲᠦᠮᠡᠨ ᠲᠥᠭᠦᠷᠢᠭ   ᠬᠡᠯᠲᠦᠷᠢᠭᠦᠯᠪᠡ᠃    ᠨᠠᠰᠤᠲᠠᠨ ᠤ ᠠᠰᠠᠷᠠᠮᠵᠢ ᠶᠢᠨ ᠦᠢᠯᠡᠴᠢᠯᠡᠭᠡ           ᠪᠤᠭᠤᠲᠤ ᠬᠤᠲᠠ ᠶᠢᠨ ᠡᠷᠡᠭᠦᠯᠵᠢᠯ  ᠤᠨ ᠲᠤᠰᠠᠯᠠᠬᠤ ᠪᠠᠭᠠᠵᠢ ᠶᠢᠨ ᠵᠢᠱᠢᠶ᠎ᠡ ᠦᠵᠡᠭᠦᠯᠬᠦ ᠦᠢᠯᠡᠴᠢᠯᠡᠭᠡᠨ ᠤ ᠲᠥᠪ  ᠤᠨ ᠬᠢᠨ ᠤᠷᠴᠢᠮ ᠳᠤ ᠵᠢᠩᠬᠢᠨᠢ ᠪᠠᠷ ᠠᠵᠢᠯ ᠢᠶᠠᠨ ᠡᠬᠢᠯᠡᠪᠡ ᠃  ᠪᠤᠭᠤᠳᠤ ᠬᠤᠲᠠ ᠶᠢᠨ ᠡᠷᠦᠬᠡ ᠠᠮᠠ ᠲᠠᠢ ᠨᠠᠰᠤᠲᠠᠶᠢᠴᠤᠳ ᠳᠤ ᠴᠢᠭᠯᠡᠭᠦᠯᠦᠨ  ᠬᠦᠴᠢᠷᠳᠡᠯ ᠤᠨ ᠬᠡᠮᠵᠢᠶ᠎ᠡ ᠨᠠᠰᠤ ᠵᠢᠯ ᠵᠡᠷᠭᠡ  ᠶᠢ ᠨᠢ ᠦᠨᠳᠦᠰᠦᠯᠡᠵᠦ ᠪᠠᠶᠢᠭᠠᠳ50% ᠠᠴᠠ 20% ᠤᠨ ᠬᠢᠮᠳᠠᠷᠠᠯ ᠲᠠᠢ ᠪᠠᠷ ᠬᠠᠷᠠᠭᠠᠯᠵᠠᠯ  ᠦᠵᠡᠬᠦᠯᠦᠭᠰᠡᠨ ᠤ ᠬᠠᠮᠲᠤ ᠬᠡᠷᠡᠭᠯᠡᠭᠴᠢᠳ  ᠸᠧᠴᠡᠲ ᠢᠶᠠᠷ  ︽ᠪᠤᠭᠤᠲᠤ ᠬᠤᠲᠠ ᠶᠢᠨ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠵᠢᠱᠢᠶ᠎ᠡ ᠦᠵᠡᠭᠦᠯᠬᠦ ᠦᠢᠯᠡᠴᠢᠯᠡᠭᠡᠨ ᠤ ᠲᠥᠪ ︾ ᠢ ᠡᠷᠢᠨ ᠤᠯᠵᠤ᠂ ᠳᠦᠷᠢᠶᠡᠰᠦᠯᠡᠬᠦ ᠪᠠ ᠪᠤᠴᠠᠭᠠᠬᠤ ᠳᠤ ᠲᠦᠢᠯ ᠤᠨ ᠳᠦᠭᠦᠮ ᠲᠦᠳᠡ ᠦᠢᠯᠡᠴᠢᠯᠡᠯᠦᠭᠡ ᠬᠡᠷᠡᠭᠴᠡᠭᠡ ᠶᠢ ᠬᠠᠩᠭᠠᠪᠠ ᠃ ᠡᠨᠡ ᠵᠢᠯ ᠤᠯᠠᠭᠠᠨᠴᠠᠪ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠨᠢᠭᠡ ᠮᠦᠴᠨ ᠶᠢᠨ ᠲᠤᠳᠤᠷᠠᠬᠢ  ᠭᠡᠷ ᠲᠤ ᠨᠢ ᠬᠦᠷᠴᠤ ᠠᠰᠠᠷᠠᠬᠤ ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ  ᠶᠢᠨ ᠦᠢᠯᠡᠴᠢᠯᠡᠭᠡ  ᠶᠢᠨ ᠪᠠᠶᠢᠷᠢᠯᠠᠭᠤᠯᠤᠯᠲᠠ︾ ᠶᠣᠰᠣᠭᠠᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠤᠤᠯ ᠤᠨ ᠪᠠᠶᠢᠭ᠎ᠠ ᠨᠠᠰᠤᠲᠠᠨ ᠤ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ  ᠤᠨ ᠨᠠᠰᠤᠲᠠᠨ ᠤ ᠦᠢᠯᠡᠴᠢᠯᠡᠭᠡᠨ ᠤ ᠥᠷᠲᠡᠭᠡ ᠵᠡᠷᠭᠡ ᠨᠡᠶᠢᠭᠡᠮ ᠲᠣᠭᠤᠷᠢᠭ  ᠤᠨ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ ᠬᠡᠷᠡᠭᠴᠡᠭᠡ ᠱᠠᠭᠠᠷᠳᠠᠯᠭ᠎ᠠ ᠲᠠᠢ ᠨᠠᠰᠤᠲᠠᠶᠢᠴᠤᠳ ᠲᠤ ᠬᠤᠭᠤᠯᠠ ᠢᠳᠡᠬᠦ᠂  ᠬᠤᠭᠤᠯᠠ ᠲᠣᠬᠢᠷᠠᠭᠤᠯᠬᠤ ᠪᠠ ᠬᠤᠭᠤᠯᠠ ᠬᠦᠷᠭᠡᠬᠦ ᠦᠢᠯᠡᠴᠢᠯᠡᠭᠡ ᠶᠢ ᠴᠠᠭ ᠲᠤᠬᠠᠢ ᠳᠤ ᠨᠢ ᠬᠦᠷᠲᠡᠭᠡᠬᠦ ᠶᠢ ᠪᠠᠲᠤᠯᠠᠵᠤ᠂ ᠨᠠᠰᠤᠲᠠᠨ ᠤ ᠬᠤᠭᠤᠯᠠᠨ ᠭᠡᠷ ᠢ ᠰᠢᠨ᠎ᠡ ᠪᠠᠷ183 ᠪᠠᠢᠭᠤᠯᠵᠤ ᠨᠠᠰᠤᠲᠠᠨ ᠤ ᠠᠰᠠᠷᠠᠮᠵᠢ ᠶᠢᠨ ᠦᠢᠯᠡᠴᠢᠯᠡᠭᠡᠨ ᠤ ᠲᠣᠣᠷ  ᠢ ᠤᠯᠠᠮ  ᠦᠷᠭᠡᠳᠬᠡᠪᠡ᠃ᠬᠡᠦᠬᠡᠳ ᠤᠨ ᠠᠰᠠᠷᠠᠮᠵᠢ           ᠪᠠᠶᠠᠨᠨᠠᠭᠤᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠦᠪᠤᠷ ᠮᠤᠩᠭᠤᠯ  ᠤᠨ ᠥᠪᠡᠷᠲᠡᠭᠡᠨ ᠵᠠᠰᠠᠬᠤ ᠣᠷᠣᠨ ᠤ ᠰᠢᠭᠰᠢᠨ ᠪᠠᠶᠢᠴᠠᠭᠠᠬᠤ ᠳᠤᠭᠤᠶᠢᠯᠠᠩ ᠤᠨ ᠪᠦᠬᠦ ᠬᠤᠲᠠ ᠶᠢᠨ 7 ᠬᠤᠰᠢᠭᠤ ᠰᠢᠶᠠᠨ ᠲᠣᠭᠤᠷᠢᠭ ᠲᠤ ᠬᠦᠷᠴᠦ  ᠬᠦᠴᠢᠷᠳᠡᠯ ᠳᠤ ᠲᠤᠯᠭᠠᠷᠠᠭᠠᠳ ᠪᠠᠶᠢᠭ᠎ᠠ ᠬᠡᠦᠬᠡᠳ ᠤᠨ  ᠮᠡᠰᠡ ᠵᠠᠰᠠᠯ  ᠤᠨ ᠰᠢᠭᠰᠢᠨ ᠪᠠᠶᠢᠴᠠᠭᠠᠬᠤ ᠠᠵᠢᠯ ᠢ ᠬᠠᠮᠵᠢᠯᠴᠠᠵᠤ ᠨᠥᠬᠦᠴᠡᠯ ᠳᠤ ᠨᠡᠢᠴᠡᠭᠰᠡᠨ 2992 ᠬᠡᠦᠬᠡᠳ ᠢ ᠪᠠᠶᠢᠴᠠᠭᠠᠬᠰᠠᠨ ᠤ ᠲᠤᠳᠤᠷ᠎ᠠ ᠮᠡᠰᠡ ᠵᠠᠰᠠᠯ  ᠤᠨ ᠨᠥᠬᠦᠴᠡᠯ ᠳᠤ ᠨᠡᠢᠴᠡᠭᠰᠡᠨ 10 ᠬᠡᠦᠬᠡᠳ ᠪᠠᠶᠢᠬᠤ ᠪᠦᠬᠡᠳ ᠬᠤᠶᠠᠷ ᠬᠡᠦᠬᠡᠳ ᠲᠤ  ᠮᠡᠰᠡ ᠵᠠᠰᠠᠯ ᠬᠢᠬᠡᠳ ᠪᠠᠶᠢᠨ᠎ᠠ᠃        
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号