ᠮᠠᠨ ᠤ ᠤᠷᠤᠨ16.52 ᠳ᠋ᠦᠩᠰᠢᠭᠤᠷ ᠲᠥᠭᠦᠷᠢᠭ ᠢᠶᠠᠷ ᠳᠡᠭᠡᠳᠦ ᠰᠤᠷᠭᠠᠭᠤᠯᠢ ᠶᠢᠨ ᠲᠡᠷᠢᠭᠦᠨ ᠲᠠᠰ ᠤᠨ ᠰᠢᠨᠵᠢᠯᠡᠭᠡᠨ ᠤ ᠰᠠᠯᠠᠭ᠎ᠠ ᠶᠢᠨ ᠪᠦᠳᠤᠬᠡᠨ ᠪᠠᠶᠢᠭᠤᠯᠤᠯᠳᠠ ᠶᠢ ᠲᠡᠮᠵᠢᠪᠡ
ᠨᠡᠶᠢᠲᠡᠯᠡᠭᠰᠡᠨ ᠴᠠᠭ᠄
2024/10/31
   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ  ᠢᠶᠠᠷ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ ︵2021 ᠣᠨ ᠠᠴᠠ 2024 ᠣᠨ ᠤ ᠲᠥᠰᠥᠪ ᠤᠨ ᠣᠨ ᠪᠣᠯᠲᠠᠯ᠎ᠠ︶  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 16.52 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠤᠨ ᠳᠡᠭᠡᠳᠦ ᠰᠤᠷᠭᠠᠭᠤᠯᠢ ᠶᠢᠨ ᠲᠡᠷᠢᠭᠦᠨ ᠲᠠᠰ ᠤᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠳᠡᠮᠵᠢᠬᠦ ᠶᠢᠨ ᠬᠠᠮᠲᠤ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠤᠨ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ ᠪᠡᠯᠡ ᠮᠥᠩᠭᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠢ ᠲᠥᠷᠥᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠬᠦ ᠪᠠᠷ ᠳᠠᠮᠵᠢᠭᠤᠯᠤᠨ᠂  ᠳᠡᠭᠡᠳᠦ ᠰᠤᠷᠭᠠᠭᠤᠯᠢ ᠶᠢᠨ ᠲᠡᠷᠢᠭᠦᠨ ᠲᠠᠰ ᠤᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠤᠯᠠᠨ ᠠᠷᠭ᠎ᠠ ᠪᠠᠷ ᠳᠡᠮᠵᠢᠪᠡ᠃      ᠥᠪᠥᠷ ᠮᠣᠩᠭᠤᠯ ︽ᠬᠤᠣᠰ ᠲᠡᠷᠢᠭᠦᠨ ᠲᠠᠰ︾ ︵ᠳᠡᠯᠡᠬᠡᠢ ᠶᠢᠨ ᠲᠡᠷᠢᠭᠦᠨ ᠲᠠᠰ ᠤᠨ ᠶᠡᠭᠡ ᠰᠤᠷᠭᠠᠭᠤᠯᠢ᠂ ᠲᠡᠷᠢᠭᠦᠨ ᠲᠠᠰ ᠤᠨ ᠰᠢᠨᠵᠢᠯᠡᠭᠡᠨ ᠤ ᠰᠠᠯᠠᠭ᠎ᠠ︶ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠨᠡᠮᠡᠭᠳᠡᠭᠦᠯᠬᠦ ᠲᠣᠭᠲᠠᠴᠠ ᠶᠢ ᠪᠠᠶᠢᠭᠤᠯᠵᠤ  ᠲᠡᠷᠢᠭᠦᠨ ᠲᠠᠰ ᠤᠨ ᠰᠢᠨᠵᠢᠯᠡᠭᠡᠨ ᠤ ᠰᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠬᠥᠳᠡᠯᠦᠩᠭᠦᠢ  ᠪᠠᠷ ᠲᠤᠬᠢᠷᠠᠭᠤᠯᠪᠠ᠃ ᠰᠤᠷᠭᠠᠨ ᠬᠥᠮᠦᠵᠢᠯ ᠤᠨ ᠵᠠᠷᠤᠳᠠᠯ ᠤᠨ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠬᠤ ᠪᠠ ᠰᠢᠯᠢᠳᠡᠭᠵᠢᠭᠦᠯᠬᠦ ᠪᠠᠷ ᠳᠠᠮᠵᠢᠭᠤᠯᠤᠨ ᠲᠡᠷᠢᠭᠦᠨ ᠲᠠᠰ ᠤᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠵᠠᠷᠤᠳᠠᠯ ᠢ   ᠤᠷᠢᠳ ᠢᠶᠠᠷ ᠪᠠᠲᠤᠯᠠᠬᠤ ᠪᠠ ᠵᠦᠢ ᠵᠣᠬᠢᠰᠲᠠᠢ ᠬᠡᠷᠡᠭᠯᠡᠬᠦ ᠳᠠᠪᠠᠭ᠎ᠠ ᠶᠢ ᠳᠠᠪᠠᠵᠤ ᠰᠢᠪᠲᠤᠯᠤᠯᠲᠠ ᠶᠢᠨ ᠴᠢᠨᠠᠷᠲᠠᠢ ᠡᠷᠳᠡᠮ ᠰᠢᠨᠵᠢᠯᠡᠭᠡᠨ ᠤ ᠰᠤᠳᠤᠯᠭᠠᠨ ᠤ ᠠᠮᠵᠢᠯᠲᠠ ᠪᠦᠲᠦᠮᠵᠢ ᠣᠯᠣᠭᠰᠠᠨ᠂ ᠵᠡᠷᠭᠡ ᠳᠠᠪᠰᠢᠵᠤ ᠲᠡᠰ ᠳᠡᠪᠰᠢᠬᠦ ᠶᠢ ᠪᠡᠶᠡᠯᠡᠭᠦᠯᠦᠭᠰᠡᠨ ᠳᠡᠭᠡᠳᠦ ᠰᠤᠷᠭᠠᠭᠤᠯᠢ ᠪᠠ ᠤᠯᠤᠰ ᠤᠨ ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭ᠎ᠠ ᠶᠢ ᠰᠢᠨ᠎ᠡ ᠪᠠᠷ ᠨᠡᠮᠡᠭᠳᠡᠭᠦᠯᠦᠭᠰᠡᠨ ᠳᠡᠭᠡᠳᠦ ᠰᠤᠷᠭᠠᠭᠤᠯᠢ ᠳᠤ ᠪᠡᠯᠡ ᠮᠥᠩᠭᠦ ᠶᠢᠨ ᠱᠠᠩᠨᠠᠯ ᠨᠥᠬᠦᠪᠦᠷᠢ ᠶᠢᠨ ᠳᠡᠮᠵᠢᠯᠭᠡ ᠤᠯᠭᠤᠪᠠ᠃ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠵᠤ ᠪᠡᠯᠡ ᠮᠥᠩᠭᠦ ᠶᠢ ᠲᠡᠷᠢᠭᠦᠨ ᠤ ᠰᠢᠨᠵᠢᠯᠡᠭᠡᠨ ᠤ ᠬᠦᠷᠢᠶ᠎ᠡ ᠴᠠᠷᠠᠭ᠎ᠠ ᠳᠤ ᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ ᠪᠠ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠤ ᠰᠤᠳᠤᠯᠭᠠᠨ ᠢ ᠡᠬᠢᠯᠡᠭᠦᠯᠬᠦ ᠵᠠᠷᠤᠳᠠᠯ ᠢ ᠪᠠᠳᠤᠯᠠᠯ᠎ᠠ᠃   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠪᠠᠷ ᠳᠡᠮᠵᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠵᠠᠷᠤᠳᠠᠯ ᠤᠨ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠶᠢ ᠥᠷᠭᠡᠳᠬᠡᠵᠦ ᠮᠡᠳᠡᠭᠦᠯᠬᠦ ᠶᠠᠪᠤᠴᠠ ᠶᠢ ᠳᠥᠭᠦᠮᠴᠢᠯᠡᠨ᠂ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠳᠤ ᠲᠥᠬᠦᠮ ᠦᠵᠡᠬᠦᠯᠤᠬᠡᠳ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ︽ᠳᠠᠷᠤᠭᠠᠰᠤ︾ ᠶᠢ ᠬᠦᠡᠭᠭᠡᠷᠡᠬᠦᠯᠦᠭᠰᠡᠨ ᠤ ᠬᠠᠮᠲᠤ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ︽ᠬᠤᠣᠰ ᠲᠡᠷᠢᠭᠦᠨ ᠲᠠᠰ ᠤᠨ︾ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ ᠲᠥᠰᠥᠪ ᠢ ᠵᠣᠬᠢᠶᠠᠬᠤ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠪᠥᠬᠦ ᠶᠠᠪᠤᠴᠠ ᠳᠤ ᠠᠭᠤᠰᠬᠠᠨ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠢᠳᠡᠪᠬᠢᠲᠡᠢ ᠠᠬᠢᠭᠤᠯᠵᠤ ᠠᠬᠢᠭᠤᠯᠤᠨ ᠪᠥᠬᠦ ᠲᠠᠯ᠎ᠠ ᠪᠠᠷ ᠬᠡᠷᠡᠭᠵᠢᠬᠦᠯᠤᠬᠡᠳ ︽ᠵᠣᠭᠤᠰ ᠢ ᠪᠦᠲᠦᠮᠵᠢᠲᠡᠶ ᠵᠠᠷᠤᠵᠤ᠂ ᠦᠷ᠎ᠡ ᠪᠦᠲᠦᠮᠵᠢ ᠦᠭᠡᠢ ᠪᠣᠯ ᠬᠠᠷᠢᠭᠤᠴᠠᠯᠭ᠎ᠠ ᠨᠡᠬᠡᠮᠵᠢᠯᠡᠬᠦ︾ ᠶᠢ ᠦᠨᠡᠨ ᠬᠦ  ᠪᠡᠶᠡᠯᠡᠬᠦᠯᠦᠭᠰᠡᠨ ᠪᠠᠶᠢᠨ᠎ᠠ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号