ᠬᠠᠯᠠᠮᠵᠢ ᠶᠢᠨ ᠳᠠᠭᠠᠳᠬᠠᠯ ᠢᠶᠠᠷ ᠰᠡᠳᠬᠢᠯ ᠢ ᠨᠢ ᠲᠤᠯᠠᠭᠠᠴᠠᠭᠤᠯᠪᠠ᠄ ᠦᠬᠠᠢ ᠬᠤᠲᠠ ᠶᠢᠨ ᠬᠢᠨ ᠬᠥᠳᠡᠭᠡ ᠲᠣᠰᠬᠤᠨ ᠤ 161 ᠬᠡᠦᠬᠡᠳ ᠲᠤ ᠥᠮᠥᠭ ᠪᠤᠯᠪᠠ
ᠨᠡᠶᠢᠲᠡᠯᠡᠭᠰᠡᠨ ᠴᠠᠭ᠄
2024/10/9
      ᠤᠯᠤᠰ ᠤᠨ ᠪᠠᠶᠠᠷ ᠪᠣᠯᠬᠤ ᠭᠡᠵᠦ ᠪᠠᠶᠢᠭ᠎ᠠ ᠦᠶ᠎ᠡ ᠳᠤ ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠤ  ᠭᠡᠷ ᠲᠤ ᠪᠠᠨ ᠬᠤᠴᠣᠷᠤᠭᠰᠠᠨ ᠪᠠ ᠥᠨᠥᠴᠢᠨ ᠬᠡᠦᠬᠡᠳ ᠪᠠ ᠠᠰᠠᠷᠠᠨ ᠲᠡᠵᠢᠭᠡᠬᠦ ᠬᠥᠮᠥᠨ ᠦᠭᠡᠢ 82 ᠬᠡᠦᠬᠡᠳ ᠲᠤ 2024 ᠣᠨ ᠤ ᠬᠡᠦᠬᠡᠳ ᠤᠨ ᠶᠡᠷᠦᠩᠬᠡᠶᠢᠯᠡᠭᠰᠡᠨ ᠳᠠᠭᠠᠳᠬᠠᠯ ᠬᠤᠳᠠᠯᠳᠤᠨ ᠦᠭᠬᠦᠬᠡᠳ ᠲᠡᠳᠡᠨ ᠳᠤ ᠪᠠᠳᠤᠯᠠᠭ᠎ᠠ ᠬᠠᠨᠭ᠍ᠭᠠᠬᠰᠠᠨ ᠪᠠᠶᠢᠨ᠎ᠠ᠃    ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠶᠠᠪᠤᠳᠠᠯ ᠪᠠ ᠬᠡᠦᠬᠡᠳ ᠤᠨ ᠠᠰᠠᠷᠠᠮᠵᠢ ᠶᠢᠨ ᠰᠠᠯᠠᠭᠠᠨ ᠤ ᠳᠠᠷᠤᠭ᠎ᠠ ᠯᠢ ᠮᠢᠨ᠄ ︽ᠲᠣᠰ ᠬᠠᠯᠠᠮᠵᠢ ᠶᠢᠨ ᠠᠷᠭ᠎ᠠ ᠨᠢ ᠬᠥᠳᠡᠭᠡ ᠲᠣᠰᠬᠤᠨ ᠤ ᠭᠡᠷ  ᠲᠤ ᠪᠠᠨ ᠬᠤᠴᠣᠷᠤᠭᠰᠠᠨ ᠬᠡᠦᠬᠡᠳ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠬᠠᠯᠠᠮᠵᠢᠯᠠᠬᠤ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠬᠤ ᠶᠢᠨ ᠲᠥᠯᠥᠭᠡ ᠶᠤᠮ︾ ᠭᠡᠵᠤ ᠲᠠᠨᠢᠯᠴᠠᠭᠤᠯᠵᠢ ᠪᠢᠯᠨ᠃     ᠬᠡᠦᠬᠡᠳ ᠤᠨ ᠶᠡᠷᠦᠩᠬᠡᠶᠢᠯᠡᠭᠰᠡᠨ ᠳᠠᠭᠠᠳᠬᠠᠯ ᠤᠨ ᠪᠠᠲᠤᠯᠠᠭ᠎ᠠ ᠶᠢ ᠬᠦᠷᠳᠡᠭᠰᠡᠳ᠄ ᠦᠬᠠᠢ ᠬᠤᠲᠠ ᠶᠢᠨ ᠬᠥᠳᠡᠭᠡ ᠲᠣᠰᠬᠤᠨ ᠤ ᠭᠡᠷ ᠲᠤ ᠪᠠᠨ ᠬᠤᠴᠣᠷᠤᠭᠰᠠᠨ ᠬᠡᠦᠬᠡᠳ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠪᠣᠯᠣᠨ᠎ᠠ᠃ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠨᠢ ᠠᠳᠡᠯ ᠢᠶᠠᠷ ᠨᠠᠰᠤ ᠪᠠᠷᠠᠭᠰᠠᠨ ᠪᠠ ᠵᠡᠮᠳᠡᠭ ᠤᠨ ᠲᠥᠯᠥᠪᠦᠷᠢ᠂ ᠠᠳᠡᠯ ᠤᠨ ᠬᠡᠮᠳᠤᠯ ᠤᠨ ᠡᠮᠴᠢᠯᠡᠬᠡᠨ ᠤ ᠵᠠᠷᠤᠳᠠᠯ᠂  ᠠᠳᠡᠯ ᠤᠨ ᠬᠡᠮᠳᠤᠯ ᠤᠨ ᠡᠮᠴᠢᠯᠡᠬᠡᠨ ᠢᠶᠠᠷ ᠡᠮᠨᠡᠯᠭᠡ ᠳᠤ ᠰᠠᠭᠤᠭᠰᠠᠨ ᠨᠦᠬᠦᠪᠤᠷᠢ ᠵᠡᠷᠭᠡ ᠳᠤ ᠬᠤᠯᠪᠣᠭᠳᠠᠵᠤ 10 ᠪᠦᠬᠦᠯᠢ ᠨᠠᠰᠤᠨ ᠠᠴᠠ ᠳᠡᠭᠡᠭᠰᠢᠬᠢ ᠬᠡᠦᠬᠡᠳ ᠤᠨ ᠬᠠᠮᠤᠭ ᠤᠨ ᠥᠨᠳᠥᠷ ᠳᠠᠭᠠᠳᠬᠠᠯ ᠤᠨ ᠲᠥᠯᠥᠪᠦᠷᠢ 50 ᠲᠦᠮᠡᠨ ᠲᠥᠭᠦᠷᠢᠭ ᠂ 10 ᠪᠦᠬᠦᠯᠢ ᠨᠠᠰᠤᠨ ᠠᠴᠠ ᠳᠣᠷᠣᠭᠰᠢᠬᠢ ᠬᠡᠦᠬᠡᠳ ᠤᠨ ᠬᠠᠮᠤᠭ ᠤᠨ ᠥᠨᠳᠥᠷ ᠳᠠᠭᠠᠳᠬᠠᠯ ᠤᠨ ᠲᠥᠯᠥᠪᠦᠷᠢ ᠨᠢ 20 ᠲᠦᠮᠡᠨ ᠲᠥᠭᠦᠷᠢᠭ᠂  ᠳᠠᠭᠠᠳᠬᠠᠯ ᠤᠨ ᠬᠤᠭᠤᠴᠠᠭ᠎ᠠ ᠨᠢ 1 ᠵᠢᠯ᠂ 2024 ᠣᠨ ᠤ 9 ᠳ᠋ᠤᠬᠡᠷ ᠰᠠᠷ᠎ᠠ ᠶᠢᠨ 23 ᠤ ᠡᠳᠦᠷ ᠠᠴᠠ ᠬᠦᠴᠤᠨ ᠲᠠᠢ᠃    ᠬᠥᠳᠡᠭᠡ ᠲᠣᠰᠬᠤᠨ ᠤ ᠭᠡᠷ ᠲᠤ ᠪᠠᠨ ᠬᠤᠴᠣᠷᠤᠭᠰᠠᠨ ᠬᠡᠦᠬᠡᠳ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠲᠤ ᠬᠡᠦᠬᠡᠳ ᠤᠨ ᠳᠠᠭᠠᠳᠬᠠᠯ ᠬᠤᠳᠠᠯᠳᠤᠨ ᠠᠪᠴᠤ ᠥᠭᠬᠦ ᠨᠢ ᠬᠥᠳᠡᠭᠡ ᠲᠣᠰᠬᠤᠨ ᠤ ᠭᠡᠷ ᠲᠤ ᠪᠠᠨ ᠬᠤᠴᠣᠷᠤᠭᠰᠠᠨ ᠬᠡᠦᠬᠡᠳ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠠᠳᠡᠯ ᠤᠨ ᠭᠡᠮᠲᠦᠯ ᠠᠴᠠ ᠪᠣᠯᠵᠤ ᠭᠡᠷ ᠪᠦᠯᠢ ᠳᠤ ᠦᠵᠡᠭᠦᠯᠬᠦ ᠠᠵᠤ ᠠᠬᠤᠢ ᠶᠢᠨ ᠨᠥᠯᠥᠭᠡ ᠶᠢ ᠪᠦᠲᠦᠮᠵᠢᠲᠡᠶ ᠪᠠᠭᠠᠰᠬᠠᠵᠤ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠪᠠᠳᠤ ᠪᠠᠳᠤᠯᠠᠭ᠎ᠠ ᠬᠠᠩᠭᠠᠬᠤ ᠪᠣᠯᠣᠨ᠎ᠠ᠂ ᠡᠨᠡ ᠪᠣᠯ ᠨᠠᠮ ᠪᠠ ᠵᠠᠰᠠᠭ ᠤᠨ ᠣᠷᠳᠣᠨ ᠠᠴᠠ ᠬᠡᠦᠬᠡᠳ ᠲᠤ ᠬᠦᠷᠭᠡᠭᠰᠡᠨ ︽ᠤᠯᠤᠰ ᠤᠨ ᠪᠠᠶᠠᠷ ᠤᠨ ᠪᠡᠯᠡᠭ︾ ᠮᠥᠨ᠃      ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 2023 ᠣᠨ ᠳᠤ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠤ ᠭᠡᠷ  ᠲᠤ ᠪᠠᠨ ᠬᠤᠴᠣᠷᠤᠭᠰᠠᠨ 79 ᠬᠡᠦᠬᠡᠳ᠂ ᠥᠨᠥᠴᠢᠨ ᠬᠡᠦᠬᠡᠳ ᠪᠠ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠲᠤ ᠬᠡᠦᠬᠡᠳ ᠤᠨ ᠶᠡᠷᠦᠩᠬᠡᠶᠢᠯᠡᠭᠰᠡᠨ ᠳᠠᠭᠠᠳᠬᠠᠯ ᠬᠤᠳᠠᠯᠳᠤᠨ ᠠᠪᠴᠤ ᠥᠭᠴᠡᠢ᠃ ᠢᠡᠭᠭᠢᠬᠡᠳ 2 ᠵᠢᠯ ᠤᠨ ᠲᠤᠷᠰᠢ ᠬᠥᠳᠡᠭᠡ ᠲᠣᠰᠬᠤᠨ ᠤ 161 ᠬᠡᠦᠬᠡᠳ ᠲᠣᠰ ᠳᠠᠭᠠᠳᠬᠠᠯ ᠤᠨ ᠪᠠᠳᠤᠯᠠᠭ᠎ᠠ ᠶᠢ ᠬᠦᠷᠳᠡᠬᠡᠳ ᠪᠠᠶᠢᠨ᠎ᠠ᠃       
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号