ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ10.9
ᠨᠡᠶᠢᠲᠡᠯᠡᠭᠰᠡᠨ ᠴᠠᠭ᠄
2024/10/9
ᠨᠡᠶᠢᠭᠡᠮ ᠤᠨ  ᠲᠤᠰᠠᠯᠠᠮᠵᠢ         ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠦᠨᠤ ᠵᠢᠯ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠳᠡᠭᠰᠡᠳ᠂ ᠲᠠᠷᠠᠬᠠᠢ ᠰᠠᠭᠤᠵᠤ ᠪᠠᠶᠢᠭ᠎ᠠ ᠣᠨᠴᠠ ᠬᠦᠴᠢᠷᠳᠡᠯᠲᠡᠢ᠂ ᠬᠦᠨᠳᠦ ᠡᠪᠡᠳᠴᠢᠲᠡᠨ᠂ ᠵᠡᠮᠳᠡᠭᠴᠤᠳ᠂ ᠬᠦᠴᠢᠷᠳᠡᠯᠲᠡᠢ ᠨᠠᠰᠤᠲᠠᠶᠢᠴᠤᠳ᠂ ᠬᠦᠴᠢᠷᠳᠡᠯᠲᠡᠢ ᠬᠡᠦᠬᠡᠳ ᠵᠡᠷᠭᠡ ᠬᠦᠴᠢᠷᠳᠡᠯᠲᠡᠢ ᠣᠯᠠᠨ ᠲᠦᠮᠡᠨ ᠢ ᠭᠤᠣᠯᠳᠠᠯᠭ᠎ᠠ ᠲᠠᠢ ᠣᠶᠢᠯᠠᠭᠠᠨ ᠪᠠᠶᠢᠴᠠᠭᠠᠵᠤ᠂ ᠣᠷᠣᠯᠭ᠎ᠠ ᠪᠠᠭ᠎ᠠ ᠬᠦᠨᠦᠰ ᠤᠨ ᠬᠥᠳᠡᠯᠦᠩᠭᠦᠢ ᠪᠠᠶᠢᠳᠠᠯ ᠢ ᠬᠢᠨᠠᠬᠤ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ  ᠲᠦᠷᠭᠡᠨ ᠰᠡᠷᠡᠮᠵᠢᠯᠡᠭᠦᠯᠬᠦ᠂ ᠨᠠᠷᠢᠯᠢᠭ ᠣᠨᠣᠴᠠᠲᠠᠢ ᠪᠠᠷ ᠲᠤᠰᠠᠯᠠᠬᠤ᠂ ᠶᠡᠷᠦᠩᠬᠡᠶᠢᠯᠡᠨ ᠲᠡᠳᠬᠦᠬᠦ᠂ ᠲᠦᠷ ᠴᠠᠭ ᠤᠨ  ᠲᠤᠰᠠᠯᠠᠮᠵᠢ ᠶᠢᠨ ᠠᠵᠢᠯ ᠤᠨ ᠡᠷᠴᠢᠮ ᠢ ᠪᠥᠬᠦ ᠲᠠᠯ᠎ᠠ ᠪᠠᠷ ᠴᠢᠩᠭᠠᠳᠬᠠᠨ ᠪᠠᠴᠢᠮᠳᠠᠯ ᠪᠠ ᠬᠦᠴᠢᠷᠳᠡᠯ ᠳᠤ ᠲᠤᠯᠭᠠᠷᠠᠬᠰᠠᠨ ᠲᠤᠬᠠᠢ ᠶᠢᠨ ᠭᠠᠵᠠᠷ  ᠠᠴᠠ ᠨᠢ ᠰᠢᠭᠤᠳ ᠲᠦᠷ ᠴᠠᠭ ᠤᠨ ᠲᠤᠰᠠᠯᠠᠮᠵᠢ ᠦᠵᠡᠬᠦᠯᠬᠦ ᠠᠷᠭ᠎ᠠ ᠶᠢ ᠬᠡᠷᠡᠭᠵᠢᠬᠦᠯᠪᠡ᠃ ᠣᠳᠣᠬᠠᠨ ᠳᠤ ᠬᠦᠬᠡᠬᠤᠳᠠ ᠳᠤ ᠨᠡᠶᠢᠲᠡ 3.36 ᠲᠦᠮᠡᠨ ᠬᠦᠴᠢᠷᠳᠡᠯᠲᠡᠢ ᠣᠯᠠᠨ ᠲᠦᠮᠡᠨ ᠳᠤ ᠪᠠᠳᠤᠯᠠᠭ᠎ᠠ ᠬᠠᠨᠭ᠍ᠭᠠᠨ 1.31 ᠳ᠋ᠦᠩᠰᠢᠭᠤᠷ ᠲᠥᠭᠦᠷᠢᠭ ᠲᠠᠷᠬᠠᠭᠠᠵᠤ  6145 ᠤᠳᠠᠭ᠎ᠠ ᠲᠦᠷ ᠲᠤᠰᠠᠯᠠᠬᠤ ᠳᠤ ᠪᠠᠨ 991 ᠲᠦᠮᠡᠨ ᠲᠥᠭᠦᠷᠢᠭ ᠤᠨ ᠲᠤᠰᠠᠯᠠᠮᠵᠢ ᠶᠢᠨ ᠮᠥᠩᠭᠦ ᠲᠠᠷᠬᠠᠭᠠᠭᠰᠠᠨ ᠪᠠᠶᠢᠨ᠎ᠠ᠃   ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠤᠨ ᠵᠢᠯ ︽ᠦᠢᠯᠡᠴᠢᠯᠡᠭᠡ ᠬᠤᠳᠠᠯᠳᠤᠨ ᠠᠪᠴᠤ ᠦᠭᠭᠦ + ᠲᠥᠪᠯᠡᠷᠡᠭᠦᠯᠦᠨ ᠬᠠᠩᠭᠠᠬᠤ + ᠣᠶᠤᠨᠴᠢ ᠬᠡᠮᠵᠢᠯᠲᠡ︾ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠣᠨᠴᠠ ᠬᠦᠴᠢᠷᠳᠡᠯ ᠲᠠᠢ ᠬᠥᠮᠥᠰ ᠢ ᠰᠠᠯᠭᠠᠨ ᠠᠰᠠᠷᠠᠨ ᠲᠡᠵᠢᠭᠡᠵᠦ ᠪᠠᠶᠢᠭ᠎ᠠ ᠪᠠᠴᠢᠮᠳᠠᠯ ᠬᠦᠴᠢᠷᠳᠡᠯ ᠵᠤᠪᠠᠨᠢᠯ ᠳᠤ ᠨᠢ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠲᠦᠷᠦᠭᠦᠯᠡᠬᠦ᠂ ᠠᠵᠤ ᠠᠬᠤᠶᠢᠯᠠᠯ ᠠᠵᠢᠯᠯᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ ᠶᠢ ᠪᠠᠷᠢᠮᠲᠠᠯᠠᠨ ︽ᠨᠡᠭᠡᠭᠡᠯᠲᠡ ᠲᠠᠢ ᠪᠠᠷ ᠲᠤᠰᠠᠯᠠᠬᠤ︾ ᠬᠠᠷᠠᠯᠲᠠ ᠶᠢ ᠠᠩᠬ᠎ᠠ ᠠᠯᠬᠤᠮ  ᠪᠡᠶᠡᠯᠡᠬᠦᠯᠤᠬᠡᠳ ᠤᠯᠠᠨ ᠡᠰᠢᠴᠢᠯᠡᠭᠰᠡᠨ ᠲᠤᠰᠠᠯᠠᠮᠵᠢ ᠶᠢᠨ ᠪᠠᠶᠢᠷᠢᠰᠢᠯ ᠢ ᠪᠤᠢ ᠪᠣᠯᠭᠠᠵᠤ ᠨᠡᠶᠢᠭᠡᠮ ᠤᠨ  ᠲᠤᠰᠠᠯᠠᠮᠵᠢ ᠶᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨ ᠭᠤᠣᠯᠯᠠᠨ ᠤᠳᠤᠷᠢᠳᠴᠤ ᠬᠥᠭᠵᠢᠭᠦᠯᠦᠭᠡᠳ ᠨᠡᠶᠢᠭᠡᠮ ᠳᠠᠶᠠᠭᠠᠷ ᠢᠶᠠᠨ ᠬᠠᠮᠲᠤ ᠪᠠᠷ ᠬᠦᠴᠦᠯᠡᠬᠦ  ᠲᠡᠶᠢᠰᠢ ᠠᠬᠢᠭᠤᠯᠪᠠ᠃ ᠤᠯᠠᠭᠠᠨᠴᠠᠪ ᠬᠤᠲᠠ ᠶᠢᠨ ᠬᠢᠨ ᠦᠨᠤ ᠵᠢᠯ 17.8 ᠳ᠋ᠦᠩᠰᠢᠭᠤᠷ ᠲᠥᠭᠦᠷᠢᠭ ᠲᠤᠰᠠᠯᠠᠮᠵᠢ  ᠶᠢᠨ ᠮᠥᠩᠭᠦ ᠲᠠᠷᠬᠠᠭᠠᠵᠤ 55.29 ᠲᠦᠮᠡᠨ ᠬᠥᠮᠥᠨ ᠳᠤ ᠠᠰᠢᠭ ᠬᠦᠷᠲᠡᠭᠡᠪᠡ᠃ᠨᠠᠰᠤᠵᠢᠯ ᠤᠨ ᠦᠢᠯᠡᠴᠢᠯᠡᠭᠡ       ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠤᠨ ᠵᠢᠯ ᠡᠯ᠎ᠡ ᠲᠥᠷᠥᠯ ᠤᠨ ᠬᠢᠨᠠᠨ ᠪᠣᠳᠣᠯᠲᠠ ᠪᠠᠷ ᠳᠡᠮᠵᠢᠨ 16 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ 24 ᠲᠥᠷᠥᠯ ᠵᠦᠢᠯ ᠢ ᠪᠠᠶᠢᠴᠠᠭᠠᠯ᠎ᠠ᠃ ᠡᠨᠡ ᠬᠢ ᠪᠠᠶᠢᠴᠠᠭᠠᠯᠳᠠ ᠳᠤ 1878 ᠲᠦᠮᠡᠨ ᠲᠥᠭᠦᠷᠢᠭ ᠤᠨ ᠪᠡᠯᠡ ᠮᠥᠩᠭᠦ ᠬᠤᠯᠪᠣᠭᠳᠠᠨ᠂ ᠠᠰᠠᠭᠤᠳᠠᠯ ᠢ ᠣᠯᠵᠤ ᠮᠡᠳᠡᠭᠰᠡᠨ  ᠳᠠᠷᠤᠢ ᠳᠤ ᠦᠬᠡᠷᠡᠴᠢᠯᠡᠯ᠎ᠡ᠃  ᠲᠥᠰᠥᠪ ᠤᠨ ᠠᠮᠵᠢᠯᠲᠠ ᠪᠦᠲᠦᠮᠵᠢ ᠶᠢᠨ ᠪᠥᠬᠦ ᠶᠠᠪᠤᠴᠨ ᠶᠢᠨ ᠬᠠᠮᠢᠶᠠᠷᠤᠯᠲᠠ ᠶᠢᠨ ᠰᠢᠰᠲ᠋ᠧᠮ ᠢ ᠠᠰᠢᠭᠯᠠᠨ ᠨᠠᠰᠤᠵᠢᠯ ᠤᠨ ᠦᠢᠯᠡᠴᠢᠯᠡᠭᠡᠨ ᠤ ᠲᠥᠷᠥᠯ ᠵᠦᠢᠯ ᠳᠤ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠵᠦ ᠪᠠᠶᠢᠭᠤᠯᠵᠤ ᠪᠠᠶᠢᠭ᠎ᠠ 3 ᠨᠠᠰᠤᠵᠢᠯ ᠤᠨ ᠨᠡᠶᠢᠲᠡ ᠶᠢᠨ ᠪᠠᠶᠢᠷᠢ ᠶᠢᠨ ᠲᠥᠷᠥᠯ ᠵᠦᠢᠯ ᠪᠠ ᠲᠠᠷᠢᠶᠠᠯᠠᠬᠤ ᠮᠠᠯᠵᠢᠬᠤ ᠣᠷᠣᠨ ᠤ 65 ᠨᠠᠰᠤᠵᠢᠯ ᠤᠨ ᠦᠢᠯᠡᠴᠢᠯᠡᠭᠡᠨ ᠤ ᠲᠦᠬᠦᠬᠡᠷᠤᠮᠵᠢ ᠶᠢᠨ ᠲᠥᠷᠥᠯ ᠵᠦᠢᠯ ᠢ ᠲᠤᠬᠠᠢ ᠶᠢᠨ ᠲᠠᠯᠠᠪᠤᠷ ᠲᠤ ᠨᠢ ᠵᠢᠯᠤᠭᠤᠳᠤᠬᠰᠠᠨ ᠪᠠᠶᠢᠨ᠎ᠠ ᠃         
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号