ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠬᠠᠷᠢᠭᠤᠴᠠᠯᠭ᠎ᠠ  ᠶᠢ ᠦᠢᠯᠡᠳᠤᠯᠬᠡᠵᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2024/10/9
W020241008360097720557_ORIGIN.png   
      ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶ᠎ᠠ ᠶᠢᠨ ᠨᠢᠭᠡᠳᠦᠭᠡᠷ ᠨᠠᠮ ᠤᠨ ᠪᠠᠶᠢᠭᠤᠯᠤᠯᠲᠠ ᠶᠢᠨ ᠠᠵᠢᠯ ᠤᠨ ᠦᠷᠲᠡᠭᠡ ᠶᠢᠨ ᠬᠢᠨ 9 ᠳ᠋ᠤᠬᠡᠷ ᠰᠠᠷ᠎ᠠ ᠶᠢᠨ 25 ᠤ ᠦᠳᠡ ᠶᠢᠨ ᠬᠤᠶᠢᠨ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠦᠢᠯᠡᠰ ᠪᠣᠰᠬᠠᠬᠤ ᠵᠢᠱᠢᠶ᠎ᠡ ᠦᠵᠡᠭᠦᠯᠬᠦ ᠰᠠᠭᠤᠷᠢᠨ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ 80 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠪᠠ ᠠᠵᠢᠯᠯᠠᠭᠴᠢᠳ ᠤᠷᠤᠯᠴᠠᠯ᠎ᠠ᠃
W020241008360097786928_ORIGIN.png
    ᠤᠬᠠᠭᠤᠯᠤᠨ ᠲᠠᠶᠢᠯᠪᠤᠷᠢᠯᠠᠯᠳᠠ ᠳᠤ ᠭᠤᠣᠯᠳᠠᠭᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠭᠤᠣᠯ ᠰᠡᠳᠦᠪ ᠪᠠ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ  ᠪᠠᠷ ᠭᠤᠣᠯᠳᠠᠭᠤᠯᠵᠤ᠂ ᠥᠭᠡᠷᠡᠴᠢᠯᠡᠯᠲᠡ ᠶᠢ  ᠪᠦᠬᠦ ᠲᠠᠯ᠎ᠠ ᠪᠠᠷ ᠤᠯᠠᠮ  ᠭᠦᠨᠵᠡᠭᠡᠶᠢᠷᠡᠭᠦᠯᠬᠦ ᠶᠢᠨ ᠵᠢᠯᠤᠭᠤᠳᠬᠤ ᠦᠵᠡᠯ ᠰᠠᠨᠠᠭ᠎ᠠ᠂ ᠶᠡᠷᠦᠩᠬᠡᠢ ᠬᠠᠷᠠᠯᠲᠠ ᠪᠠ ᠴᠢᠬᠤᠯᠠ ᠶᠡᠭᠡ ᠵᠠᠷᠴᠢᠮ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠤᠯᠠᠮ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠨᠠᠮ ᠤᠨ ᠲᠥᠪ ᠬᠤᠷᠢᠶᠠᠨ ᠤ ᠦᠨᠳᠦᠰᠦᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠲᠦᠷᠪᠡᠨ ᠲᠠᠯ᠎ᠠ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠭᠤᠣᠯ ᠵᠣᠷᠢᠭ ᠰᠠᠨᠠᠭ᠎ᠠ ᠶᠢ ᠭᠦᠨᠵᠡᠭᠡᠢ ᠡᠵᠡᠮᠰᠢᠨ ᠣᠶᠢᠯᠠᠭᠠᠬᠤ ᠲᠤᠬᠠᠢ ᠲᠠᠶᠢᠯᠤᠮᠵᠢ ᠬᠢᠪᠡ᠃     ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠲᠡᠬᠡᠷ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠳᠤ ᠴᠢᠬᠤᠯᠠ ᠪᠠᠶᠢᠷᠢᠯᠠᠭᠤᠯᠤᠯᠳᠠ ᠬᠢᠵᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠬᠢ ᠨᠠᠮ ᠤᠨ ᠤᠳᠤᠷᠢᠳᠤᠯᠭ᠎ᠠ ᠶᠢ ᠤᠯᠠᠮ ᠴᠢᠩᠭᠠᠳᠬᠠᠨ ᠨᠠᠮ ᠤᠨ ᠠᠴᠢ ᠶᠢ ᠮᠡᠳᠡᠷᠡᠨ ᠨᠠᠮ ᠤᠨ ᠦᠭᠡ ᠶᠢ ᠰᠤᠨᠤᠰᠴᠤ ᠨᠠᠮ ᠢᠶᠠᠨ ᠳᠠᠭᠠᠬᠤ ᠡᠷᠡᠰ ᠵᠣᠷᠢᠭ ᠢᠶᠠᠨ ᠨᠡᠩ ᠪᠠᠲᠤᠳᠬᠠᠵᠤ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠤᠮᠳᠠᠬᠢ ᠦᠢᠯᠡᠳᠦᠯ ᠢ ᠤᠯᠠᠮ ᠪᠠᠳᠠᠷᠠᠭᠤᠯᠵᠤ ᠤᠯᠤᠰ ᠣᠷᠣᠨ ᠳᠤ ᠦᠢᠯᠡᠴᠢᠯᠡᠬᠦ᠂ ᠨᠡᠶᠢᠭᠡᠮ ᠳᠤ ᠦᠢᠯᠡᠴᠢᠯᠡᠬᠦ᠂ ᠣᠯᠠᠨ ᠲᠦᠮᠡᠨ ᠳᠤ ᠦᠢᠯᠡᠴᠢᠯᠡᠬᠦ᠂ ᠠᠵᠢᠯ ᠲᠥᠷᠥᠯ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠬᠦᠢᠴᠡᠳᠬᠡᠬᠡᠳ ᠴᠠᠭ ᠦᠶ᠎ᠡ ᠶᠢᠨ ᠰᠡᠳᠦᠪ ᠢ ᠰᠠᠶᠢᠲᠤᠷ ᠬᠠᠷᠢᠭᠤᠯᠤᠨ ᠡᠭᠦᠷᠭᠡ ᠬᠠᠷᠢᠭᠤᠴᠠᠯᠭ᠎ᠠ ᠪᠠᠨ ᠡᠬᠦᠷᠬᠡᠯᠡᠵᠤ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ  ᠬᠢᠨ ᠤ ᠬᠦᠴᠦᠨ ᠴᠢᠳᠠᠯ ᠢᠶᠠᠨ ᠦᠷᠬᠦᠯᠵᠢᠯᠡᠨ ᠡᠷᠭᠦᠬᠦ ᠬᠡᠷᠡᠭᠲᠡᠢ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号