10 ᠳ᠋ᠤᠭᠠᠷ ᠰᠠᠷ᠎ᠠ ᠶᠢᠨ 30 ᠤ ᠡᠳᠦᠷ ᠤᠨ ᠬᠤᠷᠠᠯᠳᠤᠭᠤᠯᠤᠬᠰᠠᠨ ᠦᠪᠤᠷ ᠮᠤᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠢᠨ ᠤ | ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠬᠤ ᠰᠣᠨᠢᠨ ᠮᠡᠳᠡᠭᠡ | ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠨᠢ᠂ ᠥᠪᠥᠷ ᠮᠣᠩᠭᠤᠯ ᠬᠡᠦᠬᠡᠳ ᠤᠨ ᠠᠰᠠᠷᠠᠮᠵᠢ ᠶᠢᠨ ᠲᠥᠷᠥ ᠶᠢᠨ | ᠪᠣᠳᠣᠯᠭ᠎ᠠ ᠶᠢᠨ ᠰᠢᠰᠲ᠋ᠧᠮ ᠢ ᠲᠡᠬᠦᠯᠳᠡᠷᠵᠢᠬᠦᠯᠤᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠠᠰᠠᠷᠠᠮᠵᠢ ᠶᠢᠨ | ᠬᠠᠩᠭᠠᠯᠭ᠎ᠠ ᠶᠢ ᠨᠡᠮᠡᠭᠳᠡᠭᠦᠯᠦᠨ ᠪᠥᠬᠦ ᠣᠷᠣᠨ ᠤ ᠥᠨᠥᠴᠢᠨ ᠬᠡᠦᠬᠡᠳ ᠢ ᠠᠰᠠᠷᠠᠨ ᠬᠥᠮᠥᠵᠢᠭᠦᠯᠬᠦ ᠪᠠᠲᠤᠯᠠᠭ᠎ᠠ ᠶᠢᠨ | ᠪᠠᠷᠢᠮᠵᠢᠶ᠎ᠠ ᠪᠦᠬᠦ ᠤᠯᠤᠰ ᠤᠨ ᠲᠤᠮᠳᠠᠴᠢ ᠲᠦᠪᠰᠢᠨ ᠠᠴᠠ ᠲᠠᠪᠠᠭᠰᠠᠨ ᠪᠠᠶᠢᠨ᠎ᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠥᠪᠥᠷ ᠮᠣᠩᠭᠤᠯ ᠤᠨ ᠠᠷᠠᠳ ᠤᠨ ᠶᠠᠪᠤᠳᠠᠯ ᠤᠨ ᠲᠢᠩᠬᠢᠮ ᠤᠨ | ᠳᠡᠳ᠋ ᠳᠠᠷᠤᠭ᠎ᠠ ᠴᠤᠭ ᠤᠨ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠲᠥᠪᠯᠡᠷᠡᠭᠦᠯᠦᠨ ᠲᠡᠵᠢᠭᠡᠵᠦ ᠪᠠᠶᠢᠭ᠎ᠠ | ᠥᠨᠥᠴᠢᠨ ᠬᠡᠦᠬᠡᠳ ᠤᠨ ᠳᠤᠮᠳᠠᠴᠢ ᠪᠠᠲᠤᠯᠠᠭ᠎ᠠ ᠶᠢᠨ ᠪᠠᠷᠢᠮᠵᠢᠶ᠎ᠠ ᠨᠢ ᠬᠥᠮᠥᠨ ᠪᠦᠷᠢ ᠰᠠᠷ᠎ᠠ ᠳᠤ 2225 ᠲᠥᠭᠦᠷᠢᠭ | ᠂ ᠲᠠᠷᠠᠬᠠᠢ ᠲᠡᠵᠢᠭᠡᠵᠦ ᠪᠠᠶᠢᠭ᠎ᠠ ᠥᠨᠥᠴᠢᠨ ᠬᠡᠦᠬᠡᠳ ᠤᠨ ᠳᠤᠮᠳᠠᠴᠢ ᠪᠠᠲᠤᠯᠠᠭ᠎ᠠ ᠶᠢᠨ ᠪᠠᠷᠢᠮᠵᠢᠶ᠎ᠠ ᠨᠢ ᠬᠥᠮᠥᠨ ᠪᠦᠷᠢ | ᠰᠠᠷ᠎ᠠ ᠳᠤ 1880 ᠲᠥᠭᠦᠷᠢᠭ ᠲᠤ ᠬᠦᠷᠤᠬᠡᠳ ᠪᠥᠬᠦ ᠣᠷᠣᠨ ᠤ 1602 ᠥᠨᠥᠴᠢᠨ ᠬᠡᠦᠬᠡᠳ ᠪᠠ 5361 | ᠬᠡᠦᠬᠡᠳ ᠤᠨ ᠦᠨᠳᠦᠰᠦᠨ ᠠᠮᠢᠳᠤᠷᠠᠯ ᠪᠠᠲᠤ ᠰᠠᠬᠢᠵᠤ ᠪᠥᠬᠦ ᠣᠷᠣᠨ ᠤ 1602 ᠥᠨᠥᠴᠢᠨ ᠬᠡᠦᠬᠡᠳ ᠪᠠ ᠪᠣᠳᠠᠲᠠᠢ | ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠢ ᠪᠠᠳᠤᠯᠠᠪᠠ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠦᠪᠤᠷ | ᠮᠤᠩᠭᠤᠯ ᠤᠨ ᠰᠤᠷᠭᠠᠨ ᠬᠥᠮᠦᠵᠢᠯ ᠤᠨ ᠲᠢᠩᠬᠢᠮ᠂ ᠦᠪᠤᠷ ᠮᠤᠩᠭᠤᠯ ᠤᠨ ᠡᠳ᠋ ᠤᠨ ᠵᠠᠰᠠᠭ ᠤᠨ ᠲᠢᠩᠬᠢᠮ ᠤᠨ | ᠬᠢᠨ ᠲᠠᠢ ᠬᠠᠮᠲᠤᠷᠠᠨ ︽ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ | ᠪᠠᠲᠤᠯᠠᠭ᠎ᠠ ᠶᠢᠨ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ ᠢ ᠨᠡᠶᠢᠲᠡᠯᠡᠵᠦ ᠥᠨᠥᠴᠢᠨ ᠬᠡᠦᠬᠡᠳ ᠪᠠ ᠪᠣᠳᠠᠲᠠᠢ | ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠠᠴᠠ ᠢᠳᠡᠭ | ᠢᠳᠡᠭ ᠢᠶᠠᠷ ᠭᠠᠷᠭᠠᠬᠤ ᠳᠦᠷᠢᠮ ᠢ ᠪᠠᠶᠢᠭᠤᠯᠵᠤ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ | ᠦᠭᠡᠢ ᠬᠡᠦᠬᠡᠳ ᠪᠦᠬᠦᠯᠢ 18 ᠨᠠᠰᠤ ᠭᠦᠷᠦᠭᠰᠡᠨ ᠪᠤᠯ᠂ ᠤᠭ ᠨᠢ ᠪᠤᠳᠠᠳᠠᠢ ᠠᠰᠠᠷᠠᠨ ᠲᠡᠵᠢᠬᠡᠬᠦ ᠬᠦᠮᠦᠨ ᠦᠬᠡᠢ | ᠪᠠᠶᠢᠭᠠᠳ ᠤᠳᠤ ᠡᠴᠢᠭᠡ ᠡᠬᠡ ᠨᠢ ᠠᠰᠠᠷᠠᠨ ᠲᠡᠵᠢᠬᠡᠬᠦ ᠪᠤᠯᠤᠬᠰᠠᠨ ᠬᠡᠦᠬᠡᠳ ᠲᠤ 3 ᠰᠠᠷ᠎ᠠ ᠶᠢᠨ ᠲᠤᠳᠤᠷ᠎ᠠ ᠢᠳᠡᠭ | ᠢᠳᠡᠭ ᠢᠶᠠᠷ ᠪᠠᠳᠤᠯᠠᠭ᠎ᠠ ᠭᠠᠷᠭᠠᠬᠤ ᠬᠤᠭᠤᠴᠠᠭᠠᠨ ᠤ ᠣᠯᠭᠤᠮᠵᠢ ᠣᠯᠭᠤᠨ᠎ᠠ᠃ | ᠮᠠᠨ ᠤ ᠣᠷᠣᠨ ᠪᠠᠰᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠥᠨᠥᠴᠢᠨ ᠬᠡᠦᠬᠡᠳ ᠤᠨ | ᠡᠮᠴᠢᠯᠡᠭᠡ ᠡᠷᠡᠭᠦᠯᠵᠢᠯ ᠤᠨ ᠮᠠᠷᠭᠠᠰᠢ ᠶᠢᠨ ᠲᠥᠯᠥᠪᠯᠡᠭᠡ﹀ ᠶᠢᠨ ᠲᠥᠷᠥᠯ ᠵᠦᠢᠯ ᠤᠨ ᠬᠡᠷᠡᠭᠵᠢᠭᠦᠯᠬᠦ ᠨᠠᠷᠢᠨ ᠳᠦᠷᠢᠮ︾ | ᠢ ᠲᠣᠭᠲᠠᠭᠠᠵᠤ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠡᠮᠨᠡᠯᠭᠡ ᠳᠤ ᠰᠠᠭᠤᠬᠤ | ᠦᠢᠯᠡᠴᠢᠯᠡᠭᠡᠨ ᠤ ᠬᠡᠪᠴᠢᠶᠡᠨ ᠳᠤ ᠤᠷᠤᠭᠤᠯᠤᠭᠠᠳ ᠡᠨᠡ ᠵᠢᠯ ᠪᠥᠬᠦ ᠣᠷᠣᠨ ᠳᠤ 234 ᠥᠨᠥᠴᠢᠨ ᠬᠡᠦᠬᠡᠳ ᠲᠤ | ᠠᠰᠢᠭ ᠬᠦᠷᠲᠡᠭᠡᠪᠡ᠃ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ︽ᠵᠢᠭᠦᠷ ᠤᠷᠭᠤᠭᠤᠯᠬᠤ ᠲᠥᠯᠥᠪᠯᠡᠭᠡ︾ ᠶᠢ | ᠦᠷᠭᠦᠯᠵᠢᠯᠡᠨ ᠬᠡᠷᠡᠭᠵᠢᠭᠦᠯᠵᠦ ᠲᠤᠰᠠᠯᠠᠬᠤ ᠲᠥᠷᠥᠯ ᠵᠦᠢᠯ ᠢ ᠨᠡᠮᠡᠭᠳᠡᠭᠦᠯᠦᠨ ᠲᠥᠷᠥᠯᠬᠢ ᠵᠢᠷᠤᠬᠡᠨ ᠡᠪᠡᠳᠴᠢᠨ ᠠᠴᠠ | ᠭᠠᠳᠠᠨ᠎ᠠ ᠪᠠᠰᠨ 4 ᠵᠦᠢᠯ ᠢ ᠡᠪᠡᠳᠴᠢᠨ ᠢ ᠲᠤᠰᠠᠯᠠᠮᠵᠢ ᠶᠢᠨ ᠬᠦᠷᠢᠶ᠎ᠡ ᠴᠠᠷᠠᠭ᠎ᠠ ᠳᠤ ᠤᠷᠤᠭᠤᠯᠪᠠ ᠃ | 2024 ᠣᠨ ᠳᠤ ︽ᠬᠦᠰᠡᠯ ᠢ ᠨᠢ ᠲᠡᠷᠭᠡᠯᠰᠢᠭᠦᠯᠬᠦ ᠥᠨᠥᠴᠢᠨ ᠬᠡᠦᠬᠡᠳ ᠤᠨ ᠰᠤᠷᠤᠯᠭ᠎ᠠ ᠶᠢ ᠲᠡᠳᠬᠦᠬᠦ | ᠢᠨᠵᠧᠨᠧᠷᠢᠩ︾ ᠨᠢ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠪᠠ ᠶᠡᠭᠡ | ᠳᠡᠭᠡᠳᠦ ᠰᠤᠷᠭᠠᠭᠤᠯᠢ ᠳᠤ ᠰᠢᠯᠭᠠᠭᠤᠯᠤᠨ ᠣᠷᠣᠭᠰᠠᠨ 435 ᠥᠨᠥᠴᠢᠨ ᠬᠡᠦᠬᠡᠳ ᠲᠤ ᠵᠢᠯ ᠳᠤ ᠬᠦᠮᠦᠨ ᠪᠦᠷᠢ | ᠲᠦᠮᠡᠨ ᠲᠦᠬᠦᠷᠢᠭ ᠢᠶᠠᠷ ᠲᠤᠰᠠᠯᠠᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠤᠨ ᠬᠢᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ᠡᠩ ᠤᠨ ᠳᠡᠭᠡᠳᠦ ᠰᠤᠷᠭᠠᠭᠤᠯᠢ ᠳᠤ ᠰᠢᠯᠭᠠᠭᠤᠯᠤᠨ ᠤᠷᠤᠬᠰᠠᠨ | ᠪᠤᠳᠠᠳᠠᠢᠠᠰᠠᠷᠠᠨ ᠲᠡᠵᠢᠭᠡᠬᠦ ᠬᠥᠮᠥᠨ ᠦᠭᠡᠢ 360 ᠬᠡᠦᠬᠡᠳ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠭᠡᠷ ᠪᠦᠯᠢ ᠶᠢᠨ 7804 ᠬᠡᠦᠬᠡᠳ ᠢ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠵᠣᠭᠤᠰ ᠢᠶᠠᠷ ᠲᠤᠰᠠᠯᠠᠬᠤ ᠰᠢᠰᠲ᠋ᠧᠮ ᠳᠤ ᠣᠷᠣᠭᠤᠯᠵᠤ ᠬᠥᠮᠥᠨ ᠪᠦᠷᠢ ᠶᠢ ᠵᠢᠯ ᠪᠦᠷᠢ ᠳᠤ 6000 | ᠲᠥᠭᠦᠷᠢᠭ ᠲᠤᠰᠠᠯᠠᠯ᠎ᠠ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ | ᠬᠠᠤᠯᠢ ᠴᠠᠭᠠᠵᠠ᠂ ᠵᠡᠮᠳᠡᠭᠴᠦᠳ ᠤᠨ ᠬᠤᠯᠪᠣᠭ᠎ᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ | ᠮᠡᠳᠡᠭᠡ ᠵᠠᠩᠭᠢ ᠶᠢ ᠬᠤᠪᠢᠶᠠᠯᠴᠠᠬᠤ ᠠᠵᠢᠯ ᠢ ᠴᠢᠩᠭᠠᠳᠬᠠᠵᠤ 24 ᠲᠦᠮᠡᠨ ᠲᠤᠭ᠎ᠠ ᠪᠠᠷᠢᠮᠲᠠ ᠶᠢ ᠬᠠᠷᠭᠤᠭᠤᠯᠤᠨ | ᠨᠥᠬᠦᠴᠡᠯ ᠳᠤ ᠨᠡᠶᠢᠴᠡᠬᠦ 257 ᠬᠡᠦᠬᠡᠳ ᠢ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠥᠨᠥᠴᠢᠨ ᠬᠡᠦᠬᠡᠳ ᠢ ᠨᠠᠰᠤᠨ ᠳᠤ ᠭᠦᠷᠦᠭᠰᠡᠨ ᠤ ᠳᠠᠷᠠᠭ᠎ᠠ | ᠲᠥᠪᠬᠢᠨᠡᠭᠦᠯᠬᠦ ᠠᠷᠭ᠎ᠠ ᠶᠢ ᠨᠠᠶᠢᠳᠠᠪᠤᠷᠢᠵᠢᠭᠤᠯᠵᠤ᠂ ᠦᠨᠡᠯᠡᠭᠰᠡᠨ ᠤ ᠲᠠᠷᠠᠭ᠎ᠠ ᠨᠡᠶᠢᠭᠡᠮ ᠳᠤ ᠪᠤᠴᠠᠬᠤ ᠢᠷᠭᠡᠨ ᠤ | ᠬᠡᠷᠡᠭ ᠤᠨ ᠪᠦᠷᠢᠨ ᠠᠵᠢᠯᠯᠠᠭ᠎ᠠ ᠶᠢᠨ ᠴᠢᠳᠠᠪᠤᠷᠢ ᠲᠠᠢ 9 ᠥᠨᠥᠴᠢᠨ ᠬᠡᠦᠬᠡᠳ ᠲᠤ ᠨᠢᠭᠡ ᠯᠨ ᠲᠡᠬᠡᠷ᠎ᠡ 5 ᠲᠦᠮᠡᠨ | ᠲᠥᠭᠦᠷᠢᠭ ᠤᠨ ᠨᠡᠶᠢᠭᠡᠮᠴᠢᠯᠡᠭᠰᠡᠨ ᠲᠥᠪᠬᠢᠨᠡᠭᠦᠯᠬᠦ ᠨᠥᠬᠦᠪᠦᠷᠢ ᠤᠯᠭᠤᠪᠠ᠃ | | |