ᠮᠠᠨ ᠤ ᠣᠷᠣᠨ ᠤ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠤᠨ ᠴᠢᠨᠠᠷᠯᠢᠭ ᠬᠥᠭᠵᠢᠯᠲᠡ ᠶᠢ | ᠠᠬᠢᠭᠤᠯᠵᠤ᠂ ᠨᠢᠭᠦᠯᠡᠰᠦᠩᠭᠦᠢ ᠶᠢᠨ ᠠᠵᠢᠯᠯᠠᠭ᠎ᠠ ᠶᠢᠨ ᠢᠯᠡ ᠪᠠᠷ ᠶᠠᠪᠤᠭᠳᠠᠬᠤ ᠶᠢ ᠪᠠᠲᠤᠯᠠᠬᠤ ᠶᠢᠨ ᠲᠥᠯᠥᠭᠡ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ︽ᠲᠣᠭᠠᠴᠢᠯᠠᠭᠰᠠᠨ | ᠠᠷᠠᠳ ᠤᠨ ᠶᠠᠪᠤᠳᠠᠯ︾ ᠤᠨ ᠲᠥᠷᠥᠯ ᠵᠦᠢᠯ ᠳᠤ ᠲᠦᠰᠢᠭᠯᠡᠨ ︽ᠢᠯᠡ ᠨᠢᠭᠦᠯᠡᠰᠦᠩᠭᠦᠢ︾ ᠮᠡᠳᠡᠭᠡ ᠵᠠᠩᠭᠢ ᠶᠢᠨ | ᠰᠢᠰᠲ᠋ᠧᠮ ᠢ ᠨᠡᠭᠡᠭᠡᠵᠦ᠂ ᠮᠡᠳᠡᠭᠡ ᠵᠠᠩᠭᠢ ᠶᠢᠨ ᠰᠢᠰᠲ᠋ᠧᠮ ᠤᠨ ︽ᠬᠤᠷᠠᠯ ᠢ ᠬᠡᠷᠡᠭᠯᠡᠬᠦ︾ ︽ᠣᠨᠣᠪᠴᠢᠲᠠᠶ ᠬᠡᠷᠡᠭᠯᠡᠬᠦ︾ | ︽ᠰᠠᠶᠢᠲᠤᠷ ᠬᠡᠷᠡᠭᠯᠡᠬᠦ︾ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠪᠠ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠲᠣᠮᠣ ᠳ᠋ᠠᠶᠢᠲ᠋ᠠ ᠶᠢᠨ | ᠲᠥᠪ ᠲᠠᠢ ᠬᠠᠮᠲᠤᠷᠠᠨ 2024 ᠣᠨ ᠤ 11 ᠳ᠋ᠤᠬᠡᠷ ᠰᠠᠷ᠎ᠠ ᠶᠢᠨ 15 ᠤ ᠡᠳᠦᠷ ᠮᠠᠨ ᠤ ᠣᠷᠣᠨ ᠤ ︽ᠢᠯᠨ | ᠨᠢᠭᠦᠯᠡᠰᠦᠩᠭᠦᠢ︾ ᠰᠢᠰᠲ᠋ᠧᠮ ᠤᠨ ᠴᠢᠳᠠᠮᠵᠢ ᠶᠢ ᠰᠢᠯᠭᠠᠬᠤ ᠪᠣᠯᠪᠠᠰᠤᠷᠠᠯ ᠡᠷᠭᠢᠯᠡᠪᠡ᠃ | ᠲᠣᠰ ᠪᠣᠯᠪᠠᠰᠤᠷᠠᠯ ᠲᠡᠬᠡᠷ᠎ᠡ ︽ᠢᠯᠨ ᠨᠢᠭᠦᠯᠡᠰᠦᠩᠭᠦᠢ ᠶᠢᠨ ᠦᠢᠯᠡᠰ︾ ᠤᠨ ᠭᠤᠣᠯᠯᠠᠬᠤ ᠣᠶᠢᠯᠠᠭᠠᠭᠳᠠᠬᠤᠨ᠂ | ᠬᠡᠷᠡᠭᠵᠢᠭᠦᠯᠦᠭᠰᠡᠨ ᠠᠬᠤᠢ ᠪᠠᠶᠢᠳᠠᠯ᠂ ᠴᠢᠬᠤᠯᠠ ᠠᠴᠢ ᠬᠤᠯᠪᠣᠭᠳᠠᠯ ᠪᠠ ᠮᠡᠳᠡᠭᠡ ᠵᠠᠩᠭᠢ ᠶᠢ ᠢᠯᠡᠵᠢᠬᠦᠯᠬᠦ | ᠲᠠᠪᠴᠠᠩ᠂ ᠮᠡᠳᠡᠭᠡ ᠵᠠᠩᠭᠢ ᠶᠢ ᠢᠯᠡᠵᠢᠬᠦᠯᠬᠦ ᠠᠭᠤᠯᠭ᠎ᠠ ᠵᠡᠷᠭᠡ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ | ᠲᠠᠶᠢᠯᠪᠤᠷᠢᠯᠠᠪᠠ᠃ ᠰᠢᠰᠲ᠋ᠧᠮ ᠤᠨ ᠴᠢᠳᠠᠮᠵᠢ ᠳᠤ ᠲᠤᠭ᠎ᠠ ᠪᠠᠷᠢᠮᠲᠠ ᠶᠢᠨ ᠡᠮᠬᠢᠳᠬᠡᠯ᠂ ᠵᠠᠰᠠᠭ ᠤᠨ ᠶᠠᠪᠤᠳᠠᠯ ᠤᠨ | ᠦᠢᠯᠡᠴᠢᠯᠡᠭᠡ᠂ ᠬᠠᠨᠳᠢᠪᠯᠡᠨ ᠬᠦᠷᠭᠡᠬᠦ ᠬᠠᠮᠢᠶᠠᠷᠤᠯᠲᠠ᠂ ᠲᠤᠭ᠎ᠠ ᠪᠠᠷᠢᠮᠲᠠ ᠶᠢᠨ ᠵᠠᠳᠠᠯᠤᠯᠲᠠ᠂ ᠮᠡᠳᠡᠭᠡ ᠵᠠᠩᠭᠢ ᠶᠢ | ᠢᠯᠡ ᠪᠣᠯᠭᠠᠬᠤ ᠪᠠ ᠬᠠᠮᠲᠤ ᠪᠠᠷ ᠡᠳ᠋ᠯᠡᠬᠦ ᠠᠭᠤᠯᠵᠠᠷ ᠵᠡᠷᠭᠡ ᠶᠢ ᠬᠠᠮᠤᠷᠴᠠᠢ᠃ ᠪᠣᠯᠪᠠᠰᠤᠷᠠᠭ᠋ᠯ ᠤᠨ ᠭᠤᠣᠯᠳᠠᠯᠭ᠎ᠠ ᠨᠢ | ᠨᠢᠭᠦᠯᠡᠰᠦᠩᠭᠦᠢ ᠶᠢᠨ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ ᠡᠭᠦᠳᠡ ᠡᠷᠦᠬᠡ ᠶᠢᠨ PC ᠦᠵᠦᠭᠦᠷ | ᠪᠠ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠳᠣᠲᠣᠭᠠᠳᠤ ᠶᠢᠨ ᠬᠠᠮᠢᠶᠠᠷᠤᠯᠲᠠ ᠶᠢᠨ PC ᠦᠵᠦᠭᠦᠷ ᠤᠨ | ᠠᠵᠢᠯᠯᠠᠭᠠᠨ ᠤ ᠨᠢᠭᠤᠷ᠂ ᠴᠢᠳᠠᠮᠵᠢ ᠶᠢᠨ ᠬᠡᠰᠡᠭ᠂ ᠲᠤᠭ᠎ᠠ ᠪᠠᠷᠢᠮᠲᠠ ᠣᠷᠣᠭᠤᠯᠬᠤ ᠪᠠ ᠰᠢᠨᠡᠳᠬᠡᠬᠦ ᠶᠠᠪᠤᠴᠨ ᠳᠤ | ᠪᠣᠳᠠᠲᠠᠢ ᠪᠣᠯᠪᠠᠰᠤᠷᠠᠯ ᠤᠨ ᠦᠵᠡᠭᠦᠯᠦᠯᠭᠡ ᠬᠢᠵᠦ᠂ ᠪᠣᠯᠪᠠᠰᠤᠷᠠᠯ ᠳᠤ ᠣᠷᠣᠯᠴᠠᠭᠰᠠᠳ ᠲᠤᠬᠠᠢ ᠶᠢᠨ ᠲᠠᠯᠠᠪᠤᠷ ᠤᠨ | ᠠᠵᠢᠯᠯᠠᠭᠠᠨ ᠤ ᠰᠤᠷᠤᠯᠴᠠᠯᠭ᠎ᠠ ᠪᠠᠷ ᠳᠡᠮᠵᠢᠨ᠂ ᠰᠢᠰᠲ᠋ᠧᠮ ᠤᠨ ᠬᠡᠷᠡᠭᠯᠡᠬᠦ ᠠᠷᠭ᠎ᠠ ᠶᠢ ᠣᠶᠢᠯᠠᠭᠠᠨ ᠡᠵᠡᠮᠰᠢᠵᠦ᠂ | ᠵᠢᠱᠢᠶ᠎ᠡ ᠶᠢ ᠦᠨᠳᠦᠰᠦᠯᠡᠨ ᠰᠢᠰᠲ᠋ᠧᠮ ᠳᠤ ᠲᠤᠬᠠᠶᠢᠯᠠᠭᠰᠠᠨ ᠠᠵᠢᠯ ᠤᠨ ᠶᠠᠪᠤᠴᠨ ᠪᠠ ᠴᠢᠳᠠᠮᠵᠢ ᠶᠢᠨ ᠰᠢᠯᠭᠠᠯᠲᠠ | ᠬᠢᠬᠦ ᠶᠢᠨ ᠬᠠᠮᠲᠤ ᠰᠢᠯᠭᠠᠯᠲᠠ ᠶᠢᠨ ᠦᠷ᠎ᠡ ᠳ᠋ᠦᠩ ᠢ ᠬᠠᠮᠤᠭ ᠤᠨ ᠰᠠᠶᠢᠨ ᠬᠠᠷᠢᠭᠤ ᠲᠤᠰᠬᠠᠪᠠ᠃ ᠪᠣᠯᠪᠠᠰᠤᠷᠠᠯ ᠤᠨ | ᠲᠤᠬᠠᠢ ᠶᠢᠨ ᠲᠠᠯᠠᠪᠤᠷ ᠲᠤ ᠦᠢᠯᠡᠳᠦᠯᠴᠡᠨ ᠰᠣᠯᠢᠯᠴᠠᠬᠤ ᠭᠤᠭᠴᠤᠭ᠎ᠠ ᠭᠠᠷᠭᠠᠵᠤ᠂ ᠬᠤᠷᠠᠯ ᠳᠤ ᠣᠷᠣᠯᠴᠠᠭᠰᠠᠳ | ᠪᠣᠳᠠᠲᠠᠢ ᠠᠵᠢᠯᠯᠠᠭᠠᠨ ᠤ ᠳᠤᠮᠳᠠ ᠲᠤᠯᠭᠠᠷᠠᠭᠰᠠᠨ ᠠᠰᠠᠭᠤᠳᠠᠯ ᠪᠠ ᠲᠥᠭᠡᠷᠢᠭᠳᠡᠯ ᠤᠨ ᠲᠠᠯ᠎ᠠ ᠪᠠᠷ ᠰᠠᠨᠠᠯ ᠢᠶᠠᠨ | ᠰᠣᠯᠢᠯᠴᠠᠬᠤ ᠪᠠ ᠬᠤᠪᠢᠶᠠᠯᠴᠠᠨ ᠮᠡᠳᠡᠭᠡ ᠵᠠᠩᠭᠢ ᠶᠢ ᠢᠯᠡᠵᠢᠬᠦᠯᠤᠯᠳᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠬᠠᠮᠲᠤ ᠪᠠᠷ ᠳᠡᠭᠡᠭᠰᠢᠯᠡᠭᠦᠯᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ | ᠨᠢᠭᠦᠯᠡᠰᠦᠩᠭᠦᠢ ᠶᠢᠨ ᠦᠢᠯᠡᠰ ᠢ ᠠᠬᠢᠭᠤᠯᠬᠤ ᠭᠠᠵᠠᠷ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠲᠤᠷᠰᠢᠯᠲᠠ ᠶᠢᠨ ᠴᠡᠭ ᠤᠨ | ᠬᠠᠷᠢᠶ᠎ᠠ ᠠᠶᠢᠮᠠᠭ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠠ ᠦᠪᠤᠷ ᠮᠤᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ | ᠨᠡᠶᠢᠲᠡ 50 ᠭᠠᠷᠤᠢ ᠬᠦᠮᠦᠨ ᠪᠤᠯᠪᠠᠰᠤᠷᠠᠯ ᠳᠤ ᠤᠷᠤᠯᠴᠠᠬᠰᠠᠨ ᠶᠤᠮ᠃ | | | | | | | | | | | | |