ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ11.18
ᠨᠡᠶᠢᠲᠡᠯᠡᠭᠰᠡᠨ ᠴᠠᠭ᠄
2024/11/18
ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤᠷᠴᠢᠮ ᠳᠤ ︽ᠥᠪᠡᠷᠲᠡᠭᠡᠨ ᠵᠠᠰᠠᠬᠤ ᠣᠷᠣᠨ ᠤ ᠲᠠᠰ ᠤᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠲᠤᠷᠰᠢᠯᠲᠠ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠢ  ᠦᠨᠡᠯᠡᠭᠰᠡᠨ ᠦᠷ᠎ᠡ ᠳ᠋ᠦᠩ︾ ᠢ ᠵᠠᠷᠯᠠᠬᠰᠠᠨ ᠳᠤ ᠬᠥᠬᠡᠬᠤᠲᠠ ᠶᠢᠨ ᠦᠴᠦᠸᠠᠨ ᠰᠢᠶᠠᠨ ᠵᠡᠷᠭᠡ 7 ᠭᠠᠵᠠᠷ ᠢ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠲᠤᠷᠰᠢᠯᠲᠠ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠷ ᠲᠣᠭᠲᠠᠭᠠᠪᠠ᠂ ᠵᠠᠷᠯᠠᠬᠤ ᠬᠤᠭᠤᠴᠠᠭ᠎ᠠ᠄ 2024 ᠣᠨ ᠤ 11 ᠳ᠋ᠤᠬᠡᠷ ᠰᠠᠷ᠎ᠠ ᠶᠢᠨ 14 ᠠᠴᠠ 18 ᠤ ᠡᠳᠦᠷ᠃ᠨᠡᠶᠢᠭᠡᠮ ᠤᠨ  ᠲᠤᠰᠠᠯᠠᠮᠵᠢ    ᠬᠥᠯᠥᠨ ᠪᠤᠶᠢᠷ ᠬᠤᠲᠠ ᠶᠢᠨ ᠬᠢᠨ ︽ᠪᠣᠳᠠᠰ + ᠦᠢᠯᠡᠴᠢᠯᠡᠭᠡ + ᠣᠶᠤᠨ ᠰᠠᠨᠠᠭ᠎ᠠ︾ ᠶᠢᠨ ᠣᠯᠠᠨ ᠡᠰᠢᠲᠦ  ᠲᠤᠰᠠᠯᠠᠮᠵᠢ ᠶᠢᠨ ᠵᠠᠭᠪᠤᠷ ᠢ ᠢᠳᠡᠪᠬᠢᠲᠡᠢ ᠥᠷᠨᠢᠭᠦᠯᠵᠦ᠂ ᠵᠠᠰᠠᠭ ᠤᠨ ᠣᠷᠳᠣᠨ ᠨᠡᠶᠢᠭᠡᠮ ᠤᠨ  ᠲᠤᠰᠠᠯᠠᠮᠵᠢ ᠶᠢᠨ ᠦᠢᠯᠡᠴᠢᠯᠡᠭᠡ ᠬᠤᠳᠠᠯᠳᠤᠨ  ᠠᠪᠴᠤ ᠦᠭᠭᠦ᠂ ᠨᠡᠶᠢᠭᠡᠮ ᠤᠨ ᠬᠦᠴᠦᠨ ᠢ ᠵᠢᠯᠤᠭᠤᠳᠴᠤ ᠣᠷᠣᠯᠴᠠᠭᠤᠯᠬᠤ ᠵᠡᠷᠭᠡ ᠠᠷᠭ᠎ᠠ ᠪᠠᠷ ᠡᠯ᠎ᠡ ᠲᠠᠯ᠎ᠠ ᠶᠢᠨ ᠡᠬᠢ ᠪᠠᠶᠠᠯᠢᠭ ᠲᠠᠢ ᠬᠠᠮᠵᠢᠯᠴᠠᠵᠤ᠂ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ  ᠲᠤᠰᠠᠯᠠᠮᠵᠢ ᠶᠢᠨ ᠬᠠᠩᠭᠠᠯᠭ᠎ᠠ ᠶᠢ ᠪᠠᠶᠠᠯᠢᠭᠵᠢᠭᠤᠯᠵᠤ᠂ ᠦᠢᠯᠡᠴᠢᠯᠡᠭᠡᠨ ᠤ ᠠᠭᠤᠯᠭ᠎ᠠ ᠳᠤ ᠠᠮᠢᠳᠤᠷᠠᠯ ᠤᠨ ᠬᠠᠷᠠᠭᠠᠯᠵᠠᠯ᠂ ᠡᠮᠨᠡᠯᠭᠡ ᠳᠤ ᠬᠦᠷᠭᠡᠵᠦ ᠠᠰᠠᠷᠠᠭᠤᠯᠬᠤ᠂ ᠡᠷᠡᠭᠦᠯ ᠬᠠᠮᠠᠭᠠᠯᠠᠯ ᠤᠨ ᠴᠡᠪᠡᠷᠯᠡᠯᠲᠡ᠂ ᠰᠡᠳᠬᠢᠴᠡ ᠶᠢᠨ ᠵᠢᠯᠣᠭᠤᠳᠤᠯᠭ᠎ᠠ᠂ ᠣᠶᠤᠨ ᠤ ᠲᠠᠶᠢᠳᠬᠤᠷᠠᠭᠤᠯᠤᠯ ᠵᠡᠷᠭᠡ ᠶᠢ ᠬᠠᠮᠤᠷᠪᠠ᠃ ᠣᠲᠣ ᠪᠣᠯᠲᠠᠯ᠎ᠠ 3000 ᠬᠦᠴᠢᠷᠳᠡᠯᠲᠡᠢ ᠣᠯᠠᠨ ᠲᠦᠮᠡᠨ ᠳᠤ ᠠᠰᠢᠭ ᠬᠦᠷᠲᠡᠭᠡᠪᠡ᠃    2024 ᠣᠨ ᠳᠤ ᠰᠢᠯᠢ ᠶᠢᠨ ᠭᠤᠣᠯ ᠠᠶᠢᠮᠠᠭ ᠤᠨ ᠬᠢᠨ ︽ᠰᠢᠯᠢ ᠶᠢᠨ ᠭᠤᠣᠯ ᠠᠶᠢᠮᠠᠭ ᠤᠨ ︿ᠣᠷᠣᠯᠭ᠎ᠠ ᠪᠠᠭ᠎ᠠ ᠬᠦᠮᠦᠰ ᠤᠨ ᠬᠥᠳᠡᠯᠦᠩᠭᠦᠢ ᠬᠡᠮᠵᠢᠯᠲᠡ ᠶᠢ ᠴᠢᠩᠭᠠᠳᠬᠠᠵᠤ᠂ ᠨᠡᠶᠢᠭᠡᠮ ᠤᠨ  ᠲᠤᠰᠠᠯᠠᠮᠵᠢ ᠶᠢᠨ ᠠᠵᠢᠯ ᠢ ᠰᠠᠶᠢᠲᠤᠷ ᠬᠢᠬᠦ ᠪᠣᠳᠠᠲᠠᠢ ᠠᠷᠭ᠎ᠠ  ᠶᠢᠨ ᠠᠵᠢᠯ ᠤᠨ ᠬᠤᠪᠢᠶᠠᠷᠢᠯᠠᠯ ᠤᠨ ᠡᠬᠡ ᠳᠠᠩᠰᠠ﹀︾ ᠶᠢ ᠨᠠᠶᠢᠳᠠᠪᠤᠷᠢᠵᠢᠭᠤᠯᠤᠨ 21 ᠵᠦᠢᠯ ᠤᠨ ᠨᠠᠷᠢᠯᠢᠭᠵᠢᠭᠤᠯᠤᠭᠰᠠᠨ ᠠᠷᠭ᠎ᠠ   ᠶᠢ ᠳᠠᠷᠤᠮᠠᠯᠯᠠᠨ ᠲᠠᠷᠬᠠᠭᠠᠪᠠ᠃ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ  ᠯᠦᠭᠡ ᠶᠢᠨ ᠪᠠᠶᠢᠩᠭᠤ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢᠨ ᠬᠠᠷᠢᠴᠠᠭᠤᠯᠤᠯ ᠢ ᠨᠡᠮᠡᠭᠳᠡᠭᠦᠯᠬᠦ ᠪᠠᠷ ᠳᠠᠮᠵᠢᠭᠤᠯᠤᠨ ᠲᠤᠰᠠᠯᠠᠬᠤ ᠴᠢᠬᠤᠯᠠᠲᠠᠢ ᠣᠷᠣᠯᠭ᠎ᠠ ᠪᠠᠭ᠎ᠠ ᠬᠦᠮᠦᠰ ᠢ ᠴᠠᠭ ᠲᠤᠬᠠᠢ ᠳᠤ ᠨᠢ ᠲᠠᠰ ᠲᠥᠷᠥᠯ ᠬᠤᠪᠢᠶᠠᠨ ᠲᠤᠰᠠᠯᠠᠭᠠᠳ  85 ᠲᠦᠮᠡᠨ ᠲᠤᠭ᠎ᠠ ᠪᠠᠷᠢᠮᠲᠠ ᠶᠢ  ᠬᠤᠪᠢᠶᠠᠯᠴᠠᠵᠤ᠂ 2.6 ᠲᠦᠮᠡᠨ ᠬᠦᠴᠢᠷᠳᠡᠯᠲᠡᠢ ᠣᠯᠠᠨ ᠲᠦᠮᠡᠨ ᠢ ᠪᠠᠶᠢᠴᠠᠭᠠᠨ ᠢᠯᠡᠷᠡᠭᠦᠯᠵᠦ᠂ 1 ᠲᠦᠮᠡ ᠭᠠᠷᠤᠢ ᠬᠥᠮᠥᠨ ᠳᠤ ᠬᠥᠳᠡᠯᠦᠩᠭᠦᠢ ᠲᠣᠬᠢᠷᠠᠭᠤᠯᠤᠯᠲᠠ ᠬᠢᠪᠡ᠃ ᠨᠢᠬᠦᠯᠡᠰᠤᠩᠭᠦᠢ ᠶᠢᠨ ᠦᠢᠯᠡᠰ   ᠣᠷᠳᠣᠰ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠳᠤᠰ ᠬᠤᠲᠠ ᠶᠢᠨ ᠨᠢᠭᠦᠯᠡᠰᠦᠩᠭᠦᠢ ᠶᠢᠨ ᠶᠡᠷᠦᠩᠬᠡᠢ ᠡᠪᠯᠡᠯ ᠵᠡᠷᠭᠡ ᠲᠠᠢ ᠬᠤᠯᠪᠤᠭᠠᠯᠠᠨ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠬᠦᠴᠦᠨ ᠤ ᠨᠡᠶᠢᠭᠡᠮ ᠤᠨ  ᠲᠤᠰᠠᠯᠠᠮᠵᠢ ᠳᠤ ᠣᠷᠣᠯᠴᠠᠬᠤ ᠠᠷᠭ᠎ᠠ ᠵᠠᠮ ᠢ ᠨᠡᠭᠡᠭᠡᠬᠦ ᠡᠷᠴᠢᠮ ᠢᠶᠠᠨ ᠴᠢᠩᠭᠠᠷᠠᠭᠤᠯᠪᠠ᠃ ᠣᠳᠣᠬᠠᠨ ᠳᠤ ᠡᠵᠡᠨ ᠬᠤᠷᠤᠭ᠎ᠠ ᠬᠤᠰᠢᠭᠤᠨ ᠤ ᠬᠡᠷᠡᠭᠵᠢᠭᠦᠯᠵᠦ ᠪᠠᠶᠢᠭ᠎ᠠ ︽ᠡᠵᠡᠨ ᠬᠤᠷᠤᠭ᠎ᠠ ᠶᠢᠨ ᠨᠢᠬᠦᠯᠡᠰᠤᠩᠬᠦᠢ ᠶᠢᠨ ᠦᠢᠯᠡᠰ︾ ᠣᠨᠴᠠᠯᠢᠭᠲᠤ ᠦᠢᠯᠡᠴᠢᠯᠡᠭᠡ ᠨᠢ ᠥᠪᠡᠷᠲᠡᠭᠡᠨ ᠵᠠᠰᠠᠬᠤ ᠣᠷᠣᠨ ᠤ  ᠨᠢᠬᠦᠯᠡᠰᠤᠩᠬᠦᠢ ᠶᠢᠨ ᠰᠤᠭᠤᠯᠤᠭ᠎ᠠ ᠶᠢᠨ ᠲᠤᠰᠬᠠᠢ ᠪᠡᠯᠡ ᠮᠥᠩᠭᠦ ᠶᠢ ᠠᠰᠢᠭᠯᠠᠨ᠂ ᠡᠵᠡᠨ ᠬᠤᠷᠤᠭ᠎ᠠ ᠬᠤᠰᠢᠭᠤᠨ ᠤ ᠣᠨᠴᠠᠭᠠᠶ ᠬᠥᠮᠥᠰ ᠢ ᠲᠤᠰᠠᠯᠠᠵᠤ ᠬᠥᠭᠵᠢᠭᠦᠯᠬᠦ ᠰᠠᠭᠤᠷᠢ ᠮᠥᠩᠭᠦᠨ ᠤ ᠨᠡᠶᠢᠭᠡᠮᠯᠢᠭ ᠲᠠᠢ ᠬᠤᠯᠪᠤᠭᠠᠯᠠᠨ ︽ᠲᠢᠶᠠᠨ ᠵᠢᠶᠣᠣ︾ ᠰᠡᠳᠬᠢᠯ ᠳᠤᠯᠠᠭᠠᠴᠠᠬᠤ  ᠣᠨᠴᠠᠭᠠᠶ ᠲᠤᠰᠠᠯᠠᠮᠵᠢ ᠶᠢᠨ ᠲᠥᠷᠥᠯ ᠵᠦᠢᠯ ᠢ ᠥᠷᠨᠢᠭᠦᠯᠵᠦ ᠲᠤᠬᠠᠢ ᠶᠢᠨ ᠭᠠᠵᠠᠷ ᠤᠨ ᠡᠷᠦᠬᠡ ᠠᠮᠠ ᠲᠠᠢ 20 ᠰᠠᠭᠤᠭᠠᠯᠢ ᠠᠷᠠᠳ ᠢ ᠲᠤᠰᠠᠯᠠᠬᠰᠠᠨ ᠪᠠᠶᠢᠨ᠎ᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号