ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ | | | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤᠷᠴᠢᠮ | ᠳᠤ ᠦᠪᠤᠷ ᠮᠤᠩᠭᠤᠯ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠢᠨ | ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠷᠭ᠎ᠠ︾ ᠶᠢ | ᠳᠠᠷᠤᠮᠠᠯᠯᠠᠨ ᠲᠠᠷᠬᠠᠭᠠᠵᠤ᠂ ᠴᠢᠳᠠᠪᠤᠷᠢᠲᠠᠨ ᠤ ᠡᠩᠨᠡᠭᠡ ᠶᠢᠨ ᠢᠷᠡᠯᠲᠡ ᠶᠢ ᠥᠷᠭᠡᠳᠬᠡᠬᠦ᠂ ᠴᠢᠳᠠᠪᠤᠷᠢᠲᠠᠨ ᠤ ᠬᠡᠪ | ᠴᠢᠨᠠᠷ ᠴᠢᠳᠠᠪᠤᠷᠢ ᠶᠢ ᠳᠡᠭᠡᠭᠰᠢᠯᠡᠭᠦᠯᠬᠦ᠂ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠪᠦᠷᠢᠨᠰᠢᠭᠦᠯᠬᠦ᠂ | ᠴᠢᠳᠠᠪᠤᠷᠢᠲᠠᠨ ᠤ ᠬᠡᠷᠡᠭᠯᠡᠯᠲᠡ ᠬᠠᠮᠢᠶᠠᠷᠤᠯᠲᠠ ᠶᠢ ᠴᠢᠬᠤᠯᠠᠴᠢᠯᠠᠬᠤ᠂ ᠴᠢᠳᠠᠪᠤᠷᠢᠲᠠᠨ ᠢ ᠤᠷᠮᠠᠰᠢᠭᠤᠯᠬᠤ ᠠᠷᠭ᠎ᠠ ᠶᠢ | ᠲᠡᠭᠦᠯᠳᠡᠷᠵᠢᠭᠦᠯᠬᠦ ᠵᠡᠷᠭᠡ ᠲᠠᠯ᠎ᠠ ᠪᠠᠷ 15 ᠪᠣᠳᠠᠲᠠᠢ ᠠᠷᠭ᠎ᠠ ᠶᠢ ᠳᠤᠷᠠᠳᠪᠠ᠃ | | | ᠨᠡᠶᠢᠭᠡᠮ ᠤᠨ ᠶᠠᠪᠤᠳᠠᠯ | | | ᠪᠠᠶᠠᠨᠨᠠᠭᠤᠷ ᠬᠤᠲᠠ ᠶᠢᠨ ᠬᠢᠨ ︽ᠤᠶᠤᠨ ᠤ ᠪᠡᠷᠬᠡᠰᠢᠶᠡᠯ ᠲᠠᠢ ᠬᠦᠮᠦᠰ ᠢ ᠡᠷᠡᠬᠦᠯᠵᠢᠬᠦᠯᠬᠦ ᠲᠠᠢ | ᠠᠭᠤᠰᠤᠯᠴᠠᠭᠤᠯᠬᠤ ᠠᠵᠢᠯᠯᠠᠭ᠎ᠠ︾ ᠶᠢᠨ ᠲᠤᠰᠬᠠᠢ ᠠᠵᠢᠯ ᠢ ᠭᠦᠨᠵᠡᠭᠡᠢ ᠠᠬᠢᠭᠤᠯᠪᠠ᠃ ᠣᠲᠣ ᠪᠣᠯᠲᠠᠯ᠎ᠠ ᠪᠥᠬᠦ | ᠬᠤᠲᠠ ᠶᠢᠨ 7 ᠬᠤᠰᠢᠭᠤ ᠰᠢᠶᠠᠨ ᠲᠣᠭᠤᠷᠢᠭ ᠲᠤ ᠴᠥᠮ ᠣᠶᠣᠨ ᠤ ᠪᠡᠷᠬᠡᠰᠢᠶᠡᠯ ᠲᠠᠢ ᠬᠦᠮᠦᠰ ᠤᠨ ᠨᠡᠶᠢᠭᠡᠮ | ᠲᠣᠭᠤᠷᠢᠭ ᠲᠤ ᠬᠢ ᠡᠷᠡᠭᠦᠯᠵᠢᠯ ᠤᠨ ᠠᠵᠢᠯ ᠢ ᠥᠷᠨᠢᠭᠦᠯᠵᠦ᠂ ᠤᠶᠤᠨ ᠤ ᠪᠡᠷᠬᠡᠰᠢᠶᠡᠯ ᠲᠠᠢ ᠬᠦᠮᠦᠰ ᠢ | ᠡᠷᠡᠬᠦᠯᠵᠢᠬᠦᠯᠬᠦ ᠶᠢ ᠠᠭᠤᠰᠤᠯᠴᠠᠭᠰᠠᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠥᠷᠲᠡᠭᠡ ᠶᠢ 10 ᠪᠠᠶᠢᠭᠤᠯᠵᠤ | ᠦᠢᠯᠡᠴᠢᠯᠡᠭᠡ ᠬᠦᠯᠢᠶᠡᠬᠦ ᠵᠢᠷᠤᠮᠵᠢᠯ ᠤᠨ ᠨᠣᠷᠮ᠎ᠠ ᠨᠢ 60.31% ᠳᠤ ᠬᠥᠷᠪᠡ᠃ | | | ᠨᠠᠰᠤᠵᠢᠯ ᠤᠨ ᠦᠢᠯᠡᠴᠢᠯᠡᠭᠡ | | | ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠠᠶᠢᠮᠠᠭ ᠤᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢ ᠢᠳᠡᠪᠬᠢᠲᠡᠢ ᠵᠣᠬᠢᠴᠠᠭᠤᠯᠵᠤ᠂ | ᠨᠠᠰᠤᠵᠢᠯ ᠤᠨ ᠠᠰᠠᠷᠠᠭᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠳᠡᠰ ᠢ ᠲᠣᠭᠲᠠᠭᠠᠬᠤ ᠪᠠ ᠪᠣᠯᠪᠠᠰᠤᠷᠠᠭᠤᠯᠬᠤ | ᠳᠦᠷᠢᠮ ᠢ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠭᠴᠢ ᠶᠢᠨ ᠪᠣᠯᠪᠠᠰᠤᠷᠠᠯ ᠤᠨ ᠠᠵᠢᠯ ᠢ ᠡᠯ᠎ᠡ ᠱᠠᠲᠤᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠠᠳᠠᠯ ᠦᠢᠯᠡᠰ | ᠴᠣᠭᠴᠠᠯᠠᠨ ᠠᠵᠢᠯ ᠣᠯᠭᠤᠬᠤ ᠪᠣᠯᠪᠠᠰᠤᠷᠠᠯ ᠤᠨ ᠰᠢᠰᠲ᠋ᠧᠮ ᠳᠤ ᠣᠷᠣᠭᠤᠯᠵᠤ᠂ ᠪᠣᠯᠪᠠᠰᠤᠷᠠᠯ ᠤᠨ ᠤᠷᠳᠤᠮᠵᠢ ᠶᠢᠨ | ᠲᠤᠬᠳᠠᠴᠨ ᠶᠢ ᠪᠠᠶᠢᠭᠤᠯᠤᠬᠰᠠᠨ ᠤ ᠬᠠᠮᠲᠤ ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ | ︽2024 ᠣᠨ ᠤ ᠪᠥᠬᠦ ᠠᠶᠢᠮᠠᠭ ᠤᠨ ᠨᠠᠰᠤᠵᠢᠯ ᠤᠨ ᠠᠰᠠᠷᠠᠮᠵᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢ | ᠳᠡᠭᠡᠭᠰᠢᠯᠡᠭᠦᠯᠬᠦ ᠪᠣᠯᠪᠠᠰᠤᠷᠠᠯ ᠤᠨ ᠭᠡᠷ᠎ᠡ︾ ᠲᠣᠭᠲᠠᠵᠤ᠂ ᠨᠠᠰᠤᠵᠢᠯ ᠤᠨ ᠠᠰᠠᠷᠠᠮᠵᠢ ᠶᠢᠨ 100 ᠴᠢᠳᠠᠪᠤᠷᠢᠲᠠᠨ ᠳᠤ | ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠬᠢᠬᠦ ᠪᠣᠯᠣᠨ᠎ᠠ᠃ 2024 ᠣᠨ ᠳᠤ᠂ ᠨᠠᠰᠤᠵᠢᠯ ᠤᠨ | ᠠᠰᠠᠷᠠᠮᠵᠢ ᠶᠢᠨ ᠴᠢᠳᠠᠪᠤᠷᠢᠲᠠᠨ ᠢ 1546 ᠤᠳᠠᠭ᠎ᠠ ᠪᠣᠯᠪᠠᠰᠤᠷᠠᠭᠤᠯᠪᠠ᠃ | ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠳᠠᠶᠢᠴᠤᠳ ᠤᠨ ᠬᠤᠭᠤᠯᠠᠨ ᠲᠢᠩᠬᠢᠮ ᠤᠨ | ᠲᠠᠭᠠᠭᠠᠮᠠᠭᠠᠢ ᠬᠥᠭᠵᠢᠯᠲᠡ ᠶᠢ ᠤᠯᠠᠮ ᠠᠬᠢᠭᠤᠯᠪᠠ᠃ ᠲᠥᠪ ᠲᠣᠭᠤᠭᠠᠨ ᠭᠡᠷ᠂ ᠲᠤᠰᠠᠯᠠᠬᠤ ᠬᠤᠭᠤᠯᠠᠨ ᠭᠡᠷ ᠤᠨ | ᠭᠡᠷ ᠪᠠᠶᠢᠰᠢᠩ ᠤᠨ ᠲᠦᠷᠢᠶᠡᠰᠦᠯᠡᠯ ᠤᠨ ᠰᠦᠢᠳᠬᠡᠯ ᠢ ᠬᠠᠰᠤᠵᠤ ᠬᠡᠯᠲᠦᠷᠢᠭᠦᠯᠬᠦ᠂ ᠲᠥᠪ ᠲᠣᠭᠤᠭᠠᠨ ᠭᠡᠷ᠂ | ᠲᠤᠰᠠᠯᠠᠬᠤ ᠬᠤᠭᠤᠯᠠᠨ ᠭᠡᠷ ᠲᠤ ᠤᠰᠤ ᠴᠠᠬᠢᠯᠭᠠᠨ ᠳᠤᠯᠠᠭᠠᠮᠵᠢ ᠶᠢᠨ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢ | ᠬᠡᠷᠡᠭᠵᠢᠭᠦᠯᠬᠦ ᠪᠠᠷ ᠭᠤᠶᠤᠴᠢᠯᠠᠬᠤ᠂ ᠬᠡᠰᠡᠭ ᠬᠤᠭᠤᠯᠠᠨ ᠭᠡᠷ ᠲᠤ ᠨᠣᠭᠤᠭ᠎ᠠ ᠬᠠᠭᠤᠷᠬᠤ ᠮᠠᠰᠢᠨ ᠬᠥᠮᠥᠨ ᠪᠠ | ᠲᠤᠰᠠᠯᠠᠬᠤ ᠬᠤᠭᠤᠯᠠᠨ ᠭᠡᠷ ᠤᠨ ᠨᠢᠭᠡ ᠴᠣᠭᠴᠠᠲᠤ ᠮᠠᠰᠢᠨ ᠵᠡᠷᠭᠡ ᠶᠢ ᠲᠣᠬᠢᠷᠠᠭᠤᠯᠬᠤ ᠪᠠᠷ ᠳᠠᠮᠵᠢᠭᠤᠯᠤᠨ | ᠠᠷᠠᠳ ᠲᠤ ᠠᠰᠢᠭ ᠨᠠᠰᠤᠳᠠᠶᠢᠴᠤᠳ ᠤᠨ ᠬᠤᠭᠤᠯᠠᠨ ᠭᠡᠷ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠤᠯᠠᠮ | ᠪᠠᠭᠤᠷᠠᠭᠤᠯᠤᠬᠰᠠᠨ ᠤ ᠬᠠᠮᠳᠤ ᠵᠠᠰᠠᠭ ᠤᠨ ᠣᠷᠳᠣᠨ 9 ᠲᠥᠷᠥᠯ ᠤᠨ ᠣᠨᠴᠠᠭᠠᠶ ᠬᠦᠴᠢᠷᠳᠡᠯ ᠲᠠᠢ | ᠨᠠᠰᠤᠲᠠᠶᠢᠴᠤᠳ ᠲᠤ ᠥᠷᠯᠥᠭᠡ ᠶᠢᠨ ᠬᠤᠭᠤᠯᠠᠨ ᠤ 2 ᠲᠥᠭᠦᠷᠢᠭ᠂ ᠦᠳᠡ ᠶᠢᠨ ᠬᠤᠭᠤᠯᠠᠨ ᠤ 4 ᠲᠥᠭᠦᠷᠢᠭ ᠤᠨ | ᠨᠥᠬᠦᠪᠦᠷᠢ ᠣᠯᠭᠤᠵᠤ᠂ ᠡᠩ ᠤᠨ ᠠᠷᠠᠳ ᠲᠤ ᠨᠠᠰᠤᠳᠠᠶᠢᠴᠤᠳ ᠤᠨ ᠬᠤᠭᠤᠯᠠᠨ ᠲᠢᠩᠬᠢᠮ ᠢ ᠨᠡᠭᠡᠭᠡᠨ ᠥᠭᠴᠦ᠂ | ᠵᠣᠴᠢᠳ ᠤᠨ ᠢᠷᠡᠯᠲᠡ ᠶᠢ ᠥᠷᠭᠡᠳᠬᠡᠵᠡᠢ᠃ ᠣᠳᠣᠬᠠᠨ ᠳᠤ ᠪᠥᠬᠦ ᠬᠤᠲᠠ ᠶᠢᠨ ᠲᠥᠪ ᠲᠣᠭᠤᠭᠠᠨ ᠭᠡᠷ᠂ | ᠬᠤᠭᠤᠯᠠ ᠲᠤᠰᠠᠯᠠᠬᠤ ᠭᠠᠵᠠᠷ ᠲᠤ ᠨᠡᠶᠢᠲᠡ 53 ᠲᠦᠮᠡ ᠭᠠᠷᠤᠢ ᠤᠳᠠᠭ᠎ᠠ ᠬᠤᠭᠤᠯᠠ ᠤᠮᠳᠠ ᠳᠤ ᠲᠤᠰᠠᠯᠠᠬᠤ | ᠦᠢᠯᠡᠴᠢᠯᠡᠭᠡ ᠬᠠᠩᠭᠠᠵᠤ ᠪᠠᠶᠢᠨ᠎ᠠ᠃ | | | ᠬᠡᠦᠬᠡᠳ ᠤᠨ ᠠᠰᠠᠷᠠᠮᠵᠢ | | | ᠣᠷᠳᠣᠰ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ 2024 ᠣᠨ ᠤ | ᠪᠥᠬᠦ ᠬᠤᠲᠠ ᠶᠢᠨ ᠭᠡᠷ ᠲᠤ ᠪᠠᠨ ᠬᠤᠴᠣᠷᠤᠭᠰᠠᠨ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠭᠤᠣᠯᠯᠠᠭᠴᠢ ᠬᠦᠴᠦᠨ ᠤ ᠪᠣᠯᠪᠠᠰᠤᠷᠠᠯ ᠪᠠ ᠬᠡᠦᠬᠡᠳ ᠤᠨ | ᠬᠢᠨᠠᠨ ᠵᠢᠯᠣᠭᠤᠳᠤᠭᠴᠢ᠂ ᠬᠡᠦᠬᠡᠳ ᠤᠨ ᠡᠷᠬᠢᠯᠡᠭᠴᠢ ᠶᠢᠨ ᠵᠢᠱᠢᠶ᠎ᠡ ᠦᠵᠡᠭᠦᠯᠬᠦ ᠪᠣᠯᠪᠠᠰᠤᠷᠠᠯ ᠢ ᠵᠣᠬᠢᠶᠠᠨ ᠪᠠᠶᠢᠭᠤᠯᠤᠨ | ᠥᠷᠨᠢᠭᠦᠯᠪᠡ᠃ ᠲᠣᠰ ᠪᠣᠯᠪᠠᠰᠤᠷᠠᠯ ᠲᠡᠬᠡᠷ᠎ᠡ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ | ᠦᠢᠯᠡᠴᠢᠯᠡᠭᠡᠨ ᠤ ᠲᠥᠷᠥᠯ ᠵᠦᠢᠯ ᠤᠨ ᠰᠢᠨ᠎ᠡ ᠶᠢ ᠡᠭᠦᠳᠬᠦ ᠵᠢᠷᠤᠭ ᠲᠥᠯᠥᠪᠯᠡᠭᠡ ᠪᠠ ᠬᠡᠷᠡᠭᠵᠢᠭᠦᠯᠬᠦ ᠬᠠᠮᠢᠶᠠᠷᠤᠯᠲᠠ᠂ | ᠨᠠᠰᠤᠨ ᠳᠤ ᠦᠯᠤ ᠬᠦᠷᠦᠭᠰᠡᠳ ᠤᠨ ᠠᠵᠢᠯ ᠤᠨ ᠲᠥᠪ ︵ᠥᠷᠲᠡᠭᠡ︶ ᠤᠨ ᠡᠵᠡᠩᠨᠡᠯᠲᠡ ᠪᠠ ᠡᠬᠢ ᠪᠠᠶᠠᠯᠢᠭ ᠤᠨ | ᠬᠤᠯᠪᠣᠭᠠᠰᠤ᠂ ᠬᠡᠦᠬᠡᠳ ᠤᠨ ᠡᠷᠬᠢᠯᠡᠭᠴᠢ ᠬᠡᠷ ᠲᠤ ᠨᠢ ᠤᠴᠢᠵᠤ ᠪᠡᠯᠡᠳᠬᠡᠬᠦ ᠪᠠ ᠰᠤᠷᠪᠤᠯᠵᠢᠯᠠᠬᠤ ᠤᠷ᠎ᠠ ᠮᠡᠷᠭᠡᠵᠢᠯ᠂ | ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠦᠢᠯᠡᠴᠢᠯᠡᠭᠡᠨ ᠤ ᠦᠢᠯᠡᠳᠦᠯᠭᠡ ᠶᠢᠨ ᠵᠢᠱᠢᠶ᠎ᠡ ᠶᠢ ᠬᠤᠪᠢᠶᠠᠯᠴᠠᠬᠤ | ᠵᠡᠷᠭᠡ ᠲᠠᠯ᠎ᠠ ᠪᠠᠷ ᠲᠤᠰᠬᠠᠢ ᠰᠡᠳᠤᠪ ᠢᠶᠠᠷ ᠵᠢᠯᠤᠭᠤᠳᠪᠠ᠃ ᠤᠷᠳᠤᠰ ᠬᠤᠲᠠ ᠶᠢᠨ 130 ᠭᠠᠷᠤᠢ ᠬᠥᠮᠥᠨ | ᠪᠣᠯᠪᠠᠰᠤᠷᠠᠯ ᠳᠤ ᠣᠷᠣᠯᠴᠠᠵᠠᠢ᠃ | | | | | | | | | | | | | | | | |