ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ | ᠭᠡᠷ ᠤᠨ ᠬᠢᠨ ᠤ 11 ᠰᠠᠷ᠎ᠠ ᠶᠢᠨ 19 ᠤ ᠡᠳᠦᠷ ︽ᠥᠭᠡᠷᠡᠴᠢᠯᠡᠯᠲᠡ ᠶᠢ ᠪᠥᠬᠦ ᠲᠠᠯ᠎ᠠ ᠪᠠᠷ ᠤᠯᠠᠮ | ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠬᠦ ᠰᠢᠷᠢᠰ | ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ︽ᠳᠦᠷᠢᠮ ᠤᠨ ᠰᠢᠰᠲ᠋ᠧᠮ ᠢ | ᠲᠡᠭᠦᠯᠳᠡᠷᠵᠢᠭᠦᠯᠵᠦ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠤᠶ᠎ᠠ︾ ᠭᠡᠬᠦ | ᠲᠤᠰᠬᠠᠢ ᠲᠠᠯᠠᠪᠤᠷ ᠲᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ | ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ ᠥᠭᠡᠷᠡᠴᠢᠯᠡᠯᠲᠡ ᠶᠢ | ᠪᠦᠬᠦ ᠲᠠᠯ᠎ᠠ ᠪᠠᠷ ᠤᠯᠠᠮ ᠬᠦᠨᠵᠡᠬᠡᠶᠢᠷᠡᠬᠦᠯᠬᠦ ᠠᠷᠭ᠎ᠠ ᠪᠠ ᠦᠷ᠎ᠡ ᠪᠦᠲᠦᠮᠵᠢ᠂ ᠲᠠᠷᠠᠭᠠᠴᠢ ᠪᠠᠷ ᠳᠦᠷᠢᠮ ᠤᠨ | ᠰᠢᠰᠲ᠋ᠧᠮ ᠢ ᠬᠡᠷᠬᠢᠨ ᠲᠡᠭᠦᠯᠳᠡᠷᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠰᠠᠶᠢᠲᠤᠷ ᠬᠢᠬᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠬᠦᠷᠢᠶ᠎ᠡ ᠴᠠᠷᠠᠭ᠎ᠠ ᠳᠤ ᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢ ᠨᠠᠶᠢᠳᠠᠪᠤᠷᠢᠵᠢᠭᠤᠯᠬᠤ᠂ ᠢᠯᠴᠢ | ᠬᠠᠩᠭᠠᠬᠤ ᠬᠦᠷᠢᠶ᠎ᠡ ᠴᠠᠷᠠᠭ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶ᠎ᠡ ᠴᠠᠷᠠᠭ᠎ᠠ ᠵᠡᠷᠭᠡ ᠲᠠᠯ᠎ᠠ ᠶᠢᠨ | ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠭᠦᠨᠵᠡᠭᠡᠶᠢᠷᠡᠭᠦᠯᠬᠦ ᠲᠤᠬᠠᠢ ᠰᠣᠷᠪᠣᠯᠵᠢᠯᠠᠭᠴᠢᠳ ᠤᠨ | ᠠᠰᠠᠭᠤᠯᠲᠠ ᠶᠢ ᠬᠠᠷᠢᠭᠤᠯᠤᠯ᠎ᠠ᠃ | ᠮᠠᠨ ᠤ ᠤᠷᠤᠨ ᠦᠨᠤ ᠵᠢᠯ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ | ᠲᠦᠷᠭᠡᠨ ᠬᠥᠭᠵᠢᠭᠦᠯᠵᠦ᠂ ᠳᠦᠷᠢᠮ ᠤᠨ ᠵᠢᠷᠤᠭ ᠲᠥᠯᠥᠪᠯᠡᠭᠡ ᠶᠢ ᠲᠡᠭᠦᠯᠳᠡᠷᠵᠢᠭᠦᠯᠬᠦ᠂ ᠬᠠᠩᠭᠠᠯᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠬᠦ᠂ ᠬᠠᠮᠢᠶᠠᠷᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ᠂ ᠬᠦᠴᠦᠨ ᠵᠦᠢᠯ ᠤᠨ | ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠢᠳᠡᠪᠬᠢᠲᠡᠢ ᠰᠦᠪᠡᠭᠴᠢᠯᠡᠭᠰᠡᠨ ᠶᠤᠮ᠃ ᠦᠪᠤᠷ ᠮᠤᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ ᠵᠡᠷᠭᠡ 13 ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ︽ᠮᠠᠯᠵᠢᠬᠤ ᠲᠠᠷᠢᠶᠠᠯᠠᠬᠤ ᠣᠷᠣᠨ ᠤ | ᠨᠠᠰᠤᠵᠢᠯ ᠤᠨ ᠦᠢᠯᠡᠴᠢᠯᠡᠭᠡ ᠶᠢ ᠲᠦᠷᠭᠡᠨ ᠬᠥᠭᠵᠢᠭᠦᠯᠬᠦ︾ ᠶᠢᠨ ᠲᠣᠭᠤᠷᠢᠨ ᠳᠤ ᠬᠡᠷᠡᠭᠵᠢᠭᠦᠯᠬᠦ ᠲᠥᠰᠥᠯ ᠢ | ᠲᠣᠭᠲᠠᠭᠠᠨ ᠳᠠᠷᠤᠮᠠᠯᠯᠠᠨ ᠲᠠᠷᠬᠠᠭᠠᠵᠤ᠂ ︽ᠰᠢᠶᠠᠨ ᠬᠥᠳᠡᠭᠡ ᠲᠣᠰᠬᠤᠨ ᠤ ᠭᠡᠷ ᠪᠦᠯᠢ ᠶᠢᠨ ᠨᠠᠰᠤᠵᠢᠯ ᠤᠨ | ᠦᠢᠯᠡᠴᠢᠯᠡᠭᠡᠨ ᠤ ᠲᠤᠤᠷᠵᠢᠯ ᠢ ᠪᠦᠷᠢᠨᠰᠢᠭᠦᠯᠵᠦ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠬᠦᠳᠤᠬᠡᠳ | ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ ᠠᠵᠢᠯ ᠤᠨ ᠪᠠᠲᠤᠯᠠᠭ᠎ᠠ ᠶᠢ ᠴᠢᠩᠭᠠᠳᠬᠠᠬᠤ︾ ᠳᠥᠷᠪᠡᠨ | ᠲᠠᠯ᠎ᠠ ᠶᠢᠨ 17 ᠵᠤᠷᠪᠤᠰ ᠪᠣᠳᠠᠲᠠᠢ ᠠᠷᠭ᠎ᠠ ᠶᠢ ᠨᠠᠷᠢᠯᠢᠭᠵᠢᠭᠤᠯᠪᠠ︔ ᠮᠠᠯᠵᠢᠬᠤ ᠲᠠᠷᠢᠶᠠᠯᠠᠬᠤ ᠣᠷᠣᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠵᠠᠭᠪᠤᠷ ᠲᠤ ᠰᠢᠨ᠎ᠡ ᠶᠢ ᠡᠬᠦᠳᠦᠭᠰᠡᠨ ᠢᠶᠠᠷ 10 ᠳ᠋ᠤᠭᠠᠷ | ᠰᠠᠷ᠎ᠠ ᠶᠢᠨ ᠰᠡᠭᠦᠯᠴᠢ ᠪᠣᠯᠲᠠᠯ᠎ᠠ ᠪᠥᠬᠦ ᠣᠷᠣᠨ ᠳᠤ ᠰᠤᠮᠤ ᠰᠢᠶᠠᠩ ᠪᠠᠯᠭᠠᠰᠤ ᠶᠢᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ᠢ ᠨᠡᠶᠢᠲᠡ 570 ᠪᠠᠶᠢᠭᠤᠯᠵᠤ᠂ ᠲᠣᠰᠬᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠷᠲᠡᠭᠡ ︵ᠵᠢᠷᠭᠠᠯᠳᠤ ᠬᠦᠷᠢᠶᠡᠯᠡᠩ ᠪᠠᠭᠲᠠᠨ᠎ᠠ︶ ᠶᠢ 6217 ᠪᠠᠶᠢᠭᠤᠯᠵᠤ ᠳᠠᠭᠤᠰᠬᠠᠪᠠ᠃ | ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠰᠢᠨ᠎ᠡ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠠᠮᠢᠶ᠎ᠠ ᠪᠦᠬᠦᠢ ᠠᠷᠭ᠎ᠠ︾ ᠶᠢ ᠳᠠᠷᠤᠮᠠᠯᠯᠠᠨ | ᠲᠠᠷᠬᠠᠭᠠᠵᠤ᠂ ᠲᠥᠪ ᠤᠨ ᠠᠰᠠᠷᠠᠮᠵᠢ ᠶᠢᠨ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ 4308. | 75 ᠲᠦᠮᠡᠨ ᠲᠥᠭᠦᠷᠢᠭ ᠲᠣᠬᠢᠷᠠᠭᠤᠯᠤᠨ ᠬᠤᠰᠢᠭᠤ ᠰᠢᠶᠠᠨ ᠤ ᠱᠠᠲᠤᠨ ᠤ ᠣᠨᠴᠠ ᠬᠦᠴᠢᠷᠳᠡᠯᠲᠡᠢ ᠬᠥᠮᠥᠰ ᠢ | ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠰᠡᠯᠪᠢᠨ | ᠵᠠᠰᠠᠵᠤ ᠲᠠᠰ ᠳᠡᠪᠰᠢᠭᠦᠯᠬᠦ ᠭᠠᠯ ᠤᠨᠲᠠᠷᠠᠭᠠᠬᠤ ᠵᠡᠷᠭᠡ ᠰᠠᠭᠤᠷᠢ ᠲᠦᠬᠦᠬᠡᠷᠤᠮᠵᠢ ᠳᠤ ᠬᠡᠷᠡᠭᠯᠡᠪᠡ᠃ ᠪᠠᠰᠠ ᠮᠠᠯᠵᠢᠬᠤ | ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ | ᠥᠭᠡᠷᠡᠴᠢᠯᠡᠨ ᠰᠠᠶᠢᠵᠢᠷᠠᠭᠤᠯᠬᠤ᠂ ᠴᠢᠳᠠᠮᠵᠢ ᠶᠢ ᠥᠷᠭᠡᠳᠬᠡᠬᠦ ᠪᠠᠷ ᠳᠠᠮᠵᠢᠭᠤᠯᠤᠨ ᠬᠤᠰᠢᠭᠤ ᠰᠢᠶᠠᠨ ᠂ ᠰᠤᠮᠤ | ᠰᠢᠶᠠᠩ᠂ ᠭᠠᠴᠠᠭ᠎ᠠ ᠲᠣᠰᠬᠤᠨ ᠢ ᠵᠣᠯᠭᠠᠭᠤᠯᠤᠭᠰᠠᠨ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠤᠤᠷᠵᠢᠯ ᠤᠨ ᠪᠠᠶᠢᠭᠤᠯᠤᠯᠲᠠ ᠶᠢ ᠴᠢᠩᠭᠠᠳᠬᠠᠪᠠ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ | ᠪᠠᠷ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶ᠎ᠡ ᠴᠠᠷᠠᠭ᠎ᠠ ᠳᠤ ᠬᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠥᠭᠡᠷᠡᠴᠢᠯᠡᠯᠲᠡ ᠶᠢᠨ | ᠡᠭᠦᠷᠭᠡ ᠶᠢ ᠲᠦᠷᠦᠭᠦᠯᠡᠨ ᠬᠢᠬᠦ ᠲᠣᠭᠤᠷᠢᠨ ᠳᠤ 36 ᠠᠷᠭ᠎ᠠ ᠶᠢ ᠳᠤᠷᠠᠳᠤᠨ ᠭᠠᠷᠭᠠᠪᠠ᠂ ᠣᠳᠣᠬᠠᠨ ᠳᠤ | ᠨᠡᠶᠢᠭᠡᠮ ᠤᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ︽ᠬᠠᠮᠲᠤ ᠳᠤ ᠨᠢ ᠬᠢᠨᠠᠵᠤ ᠨᠢᠭᠡᠳᠦᠯᠲᠡᠢ ᠭᠦᠢᠴᠡᠳᠬᠡᠬᠦ︾᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠰᠠᠭᠤᠷᠢ ᠮᠥᠩᠭᠦ ᠶᠢᠨ ᠠᠶᠢᠮᠠᠭ ᠬᠤᠲᠠ ᠶᠢᠨ ᠱᠠᠲᠤᠨ ᠤ ᠨᠢᠭᠡᠳᠦᠯᠲᠡᠢ ᠬᠠᠮᠢᠶᠠᠷᠤᠯᠲᠠ ᠶᠢ ᠠᠬᠢᠭᠤᠯᠬᠤ ᠵᠡᠷᠭᠡ | ᠥᠭᠡᠷᠡᠴᠢᠯᠡᠯᠲᠡ ᠶᠢᠨ ᠠᠷᠭ᠎ᠠ ᠶᠢ ᠨᠡᠶᠢᠲᠡᠯᠡᠭᠰᠡᠨ ᠪᠥᠭᠡᠳ ᠢᠳᠡᠪᠬᠢ ᠦᠷ᠎ᠡ ᠪᠦᠲᠦᠮᠵᠢ ᠤᠯᠤᠯ᠎ᠠ᠃ ᠦᠪᠤᠷ | ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠬᠢᠨ ᠴᠢᠨᠠᠷᠵᠢᠭᠤᠨ᠂ ᠭᠦᠢᠴᠡᠳ ᠠᠵᠢᠯ ᠣᠯᠭᠤᠯᠲᠠ ᠶᠢ ᠠᠬᠢᠭᠤᠯᠬᠤ᠂ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠳᠬᠠᠬᠤ ᠶᠢᠨ ᠲᠣᠭᠤᠷᠢᠨ ᠳᠤ ᠠᠵᠢᠯ | ᠣᠯᠭᠤᠯᠲᠠ ᠶᠢᠨ ᠬᠦᠷᠢᠶ᠎ᠡ ᠴᠠᠷᠠᠭ᠎ᠠ ᠳᠤ ᠬᠢ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠦᠪᠤᠷ | ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠨᠠᠯ ᠢ ᠨᠡᠶᠢᠲᠡᠯᠡᠬᠦ ᠠᠵᠢᠯ ᠢ ᠠᠬᠢᠭᠤᠯᠵᠤ᠂ ᠭᠤᠣᠯᠳᠠᠯᠭ᠎ᠠ ᠲᠠᠢ | ᠬᠦᠮᠦᠰ ᠤᠨ ᠠᠵᠢᠯ ᠣᠯᠭᠤᠯᠲᠠ ᠶᠢ ᠳᠡᠮᠵᠢᠬᠦ ᠰᠢᠰᠲ᠋ᠧᠮ ᠢ ᠲᠡᠭᠦᠯᠳᠡᠷᠵᠢᠭᠦᠯᠦᠨ᠂ ᠪᠦᠲᠦᠴᠡ ᠶᠢᠨ ᠴᠢᠨᠠᠷᠲᠠᠢ ᠠᠵᠢᠯ | ᠣᠯᠭᠤᠯᠲᠠ ᠶᠢᠨ ᠵᠥᠷᠢᠴᠡᠯ ᠢ ᠢᠳᠡᠪᠬᠢᠲᠡᠢ ᠨᠠᠮᠳᠠᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠥᠷᠥ ᠶᠢᠨ | ᠪᠣᠳᠣᠯᠭ᠎ᠠ ᠪᠠᠨ ᠦᠷᠭᠦᠯᠵᠢᠯᠡᠨ ᠲᠡᠬᠦᠯᠳᠡᠷᠵᠢᠬᠦᠯᠤᠬᠡᠳ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠪᠦᠬᠦ ᠤᠯᠤᠰ ᠲᠤ ᠡᠩ ᠲᠡᠷᠢᠭᠦᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠯᠠᠨ ᠲᠡᠰ ᠲᠠᠪᠬᠤᠷᠭ᠎ᠠ ᠣᠯᠠᠨ ᠲᠤᠯᠭᠠᠭᠤᠷᠢᠲᠤ ᠨᠠᠰᠤᠵᠢᠯ ᠤᠨ ᠳᠠᠭᠠᠳᠬᠠᠯ ᠤᠨ ᠰᠢᠰᠲ᠋ᠧᠮ ᠢ | ᠪᠠᠶᠢᠭᠤᠯᠬᠤ ᠰᠠᠨᠠᠯ︾ ᠢ ᠨᠡᠶᠢᠲᠡᠯᠡᠵᠦ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ | ᠥᠷᠭᠡᠳᠬᠡᠵᠦ᠂ ᠠᠮᠢᠳᠤᠯᠢᠭ ᠢᠶᠠᠷ ᠠᠵᠢᠯ ᠣᠯᠣᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠰᠢᠨ᠎ᠡ | ᠬᠡᠯᠪᠡᠷᠢ ᠪᠠᠷ ᠠᠵᠢᠯ ᠣᠯᠣᠭᠰᠠᠳ ᠤᠨ ᠨᠡᠶᠢᠭᠡᠮ ᠤᠨ ᠪᠠᠲᠤᠯᠠᠭ᠎ᠠ ᠳᠤ ᠣᠷᠣᠯᠴᠠᠬᠤ ᠶᠢ ᠣᠯᠠᠨ ᠠᠷᠭ᠎ᠠ ᠪᠠᠷ | ᠠᠬᠢᠭᠤᠯᠵᠤ᠂ ᠨᠥᠬᠦᠴᠡᠯ ᠲᠠᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠳᠤ ᠨᠥᠬᠦᠪᠦᠷᠢ | ᠥᠭᠬᠦ ᠠᠵᠢᠯ ᠥᠷᠨᠢᠭᠦᠯᠬᠦ ᠶᠢ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠵᠦ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠦᠷᠭᠦᠯᠵᠢᠯᠡᠨ | ᠴᠢᠩᠭᠠᠳᠬᠠᠯᠠ᠃ | ︽ᠳᠤᠯᠠᠭᠠᠯᠠᠬᠤ ᠢᠨᠵᠧᠨᠧᠷᠢᠩ︾ ᠢ ᠬᠡᠷᠡᠭᠵᠢᠭᠦᠯᠦᠭᠰᠡᠨ ᠠᠴᠠ ᠨᠠᠭᠠᠰᠢ ᠮᠠᠨ ᠤ ᠣᠷᠣᠨ ᠢᠳᠡᠪᠬᠢᠲᠡᠢ ᠦᠷ᠎ᠡ | ᠪᠦᠲᠦᠮᠵᠢ ᠣᠯᠪᠠ᠃ 10 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ ᠪᠥᠬᠦ ᠵᠢᠯ ᠳᠤ ᠬᠡᠷᠡᠭᠵᠢᠭᠦᠯᠬᠦ ᠪᠠᠷ | ᠲᠥᠯᠥᠪᠯᠡᠵᠦ ᠪᠠᠶᠢᠬᠰᠠᠨ 528 ᠲᠥᠷᠥᠯ ᠵᠦᠢᠯ ᠢ ᠨᠢᠭᠡᠨᠲᠡ ᠪᠦᠬᠦᠨ ᠢ ᠳᠠᠭᠤᠰᠬᠠᠵᠤ ᠪᠥᠬᠦ ᠣᠷᠣᠨ ᠤ 103 | ᠬᠤᠰᠢᠭᠤ ᠰᠢᠶᠠᠨ ︵ᠬᠤᠲᠠ᠂ ᠲᠣᠭᠤᠷᠢᠭ︶ ᠳᠤ ᠴᠠᠭ ᠲᠤᠬᠠᠢ ᠳᠤ ᠨᠢ ᠲᠤᠯᠠᠭᠠᠯᠭ᠎ᠠ ᠬᠠᠩᠭᠠᠵᠤ᠂ ᠣᠳᠣᠬᠠᠨ ᠳᠤ | ᠪᠥᠬᠦ ᠣᠷᠣᠨ ᠤ ᠲᠤᠯᠠᠭᠠᠯᠭ᠎ᠠ ᠶᠢᠨ ᠠᠵᠢᠯᠯᠠᠭᠠᠨ ᠶᠡᠷᠦᠩᠬᠡᠢ ᠳᠤ ᠪᠠᠨ ᠲᠣᠭᠲᠠᠭᠤᠨ᠂ ᠲᠤᠯᠠᠭᠠᠯᠭ᠎ᠠ ᠶᠢᠨ ᠶᠠᠰᠤ | ᠴᠢᠨᠠᠷ ᠢ ᠢᠯᠡᠳᠲᠡ ᠲᠡᠭᠡᠭᠰᠢᠯᠡᠪᠡ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠪᠥᠬᠦ ᠣᠷᠣᠨ ᠤ ᠢᠯᠴᠢ ᠬᠠᠩᠭᠠᠬᠤ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ | ᠠᠬᠢᠭᠤᠯᠤᠨ᠂ ︽ᠳᠤᠯᠠᠭᠠᠯᠠᠬᠤ ᠢᠨᠵᠧᠨᠧᠷᠢᠩ︾ ᠤᠨ ᠦᠷ᠎ᠡ ᠪᠦᠲᠦᠭᠡᠯ ᠢ ᠪᠠᠬᠢᠵᠢᠭᠦᠯᠵᠦ᠂ ᠳᠤᠯᠠᠭᠠᠯᠠᠬᠤ | ᠢᠨᠵᠧᠨᠧᠷᠢᠩ ᠤᠨ ᠰᠡᠭᠦᠯᠴᠢ ᠶᠢᠨ ᠬᠠᠭᠠᠰ ᠠᠵᠢᠯ ᠢ ᠰᠠᠶᠢᠲᠤᠷ ᠬᠢᠬᠦ ᠶᠢᠨ ᠲᠦᠯᠤᠬᠡ ᠦᠪᠤᠷ ᠮᠤᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠤᠨ ᠬᠢᠨ ᠲᠤᠯᠠᠭᠠᠯᠭ᠎ᠠ ᠬᠠᠩᠭᠠᠬᠤ ᠬᠤᠭᠤᠴᠠᠭᠠᠨ ᠳᠤ ᠬᠢ ᠨᠠᠷᠢᠯᠢᠭ ᠣᠨᠣᠴᠠᠲᠠᠢ ᠦᠢᠯᠡᠴᠢᠯᠡᠭᠡ ᠶᠢ | ᠭᠤᠣᠯᠳᠠᠯᠭ᠎ᠠ ᠲᠠᠢ ᠰᠠᠶᠢᠲᠤᠷ ᠠᠳᠬᠤᠵᠤ᠂ ᠪᠥᠬᠦ ᠣᠷᠣᠨ ᠪᠦᠰᠡ ᠶᠢᠨ ᠣᠶᠤᠨᠴᠢ ᠪᠠᠷ ᠲᠤᠯᠠᠭᠠᠯᠭ᠎ᠠ ᠬᠠᠩᠭᠠᠬᠤ | ᠵᠢᠱᠢᠶ᠎ᠡ ᠦᠵᠡᠭᠦᠯᠬᠦ ᠴᠡᠭ ᠤᠨ ᠠᠵᠢᠯ ᠢ ᠰᠦᠪᠡᠭᠴᠢᠯᠡᠨ ᠥᠷᠨᠢᠭᠦᠯᠵᠦ᠂ ᠲᠤᠷᠰᠢᠯᠭ᠎ᠠ ᠪᠠ ᠦᠷ᠎ᠡ ᠪᠦᠲᠦᠭᠡᠯ ᠢ | ᠪᠤᠰᠢᠭᠤᠬᠠᠨ ᠲᠤᠷᠰᠢᠨ ᠭᠠᠷᠭᠠᠵᠤ᠂ ᠠᠯᠬᠤᠮ ᠠᠯᠬᠤᠮ ᠢᠶᠠᠷ ᠪᠥᠬᠦ ᠣᠷᠣᠨ ᠳᠤ ᠲᠡᠯᠬᠡᠷᠡᠬᠦᠯᠪᠡ᠃ ᠦᠪᠤᠷ ᠮᠤᠩᠭᠤᠯ | ᠤᠨ ᠥᠪᠡᠷᠲᠡᠭᠡᠨ ᠵᠠᠰᠠᠬᠤ ᠣᠷᠣᠨ ᠤ ᠣᠶᠤᠨᠴᠢ ᠪᠠᠷ ᠲᠤᠯᠠᠭᠠᠯᠭ᠎ᠠ ᠬᠠᠩᠭᠠᠬᠤ ᠪᠠᠷᠢᠮᠵᠢᠶ᠎ᠠ ᠶᠢ ᠵᠡᠷᠭᠡ ᠳᠤ ᠨᠢ | ᠲᠣᠭᠲᠠᠭᠠᠵᠤ᠂ ︽ᠢᠷᠡᠯᠲᠡ᠂ ᠲᠤᠤᠷᠵᠢᠯ᠂ ᠥᠷᠲᠡᠭᠡ᠂ ᠡᠷᠦᠬᠡ︾ ᠶᠢᠨ ᠪᠥᠬᠦ ᠬᠡᠯᠬᠢᠶᠡᠰᠦ ᠶᠢᠨ ᠣᠶᠤᠨᠴᠢ ᠪᠠᠷ | ᠬᠠᠮᠢᠶᠠᠷᠬᠤ ᠶᠢ ᠪᠡᠶᠡᠯᠡᠬᠦᠯᠪᠡ᠃ ᠬᠡᠮᠵᠢᠯᠲᠡ ᠪᠠᠷ ᠲᠤᠯᠠᠭᠠᠯᠭ᠎ᠠ ᠬᠠᠩᠭᠠᠬᠤ ᠶᠢᠨ ᠰᠦᠢᠳᠬᠡᠯ ᠬᠤᠷᠢᠶᠠᠬᠤ᠂ ᠬᠠᠮᠢᠶᠠᠷᠬᠤ | ᠪᠠ ᠤᠬᠠᠭᠤᠯᠬᠤ ᠰᠢᠰᠲ᠋ᠧᠮ ᠢ ᠪᠠᠶᠢᠭᠤᠯᠵᠤ᠂ ︽ᠨᠠᠷᠢᠯᠢᠭ ᠣᠨᠣᠴᠠᠲᠠᠢ ᠪᠠᠷ ᠲᠤᠯᠠᠭᠠᠯᠭ᠎ᠠ ᠬᠠᠩᠭᠠᠬᠤ᠂ ᠬᠡᠷᠡᠭᠴᠡᠭᠡ | ᠶᠣᠰᠣᠭᠠᠷ ᠲᠤᠯᠠᠭᠠᠯᠭ᠎ᠠ ᠬᠠᠩᠭᠠᠬᠤ︾ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠡᠨᠧᠷᠭᠢ ᠠᠷᠪᠢᠯᠠᠬᠤ᠂ | ᠲᠠᠭᠠᠯᠠᠮᠵᠢᠲᠠᠢ ᠲᠤᠯᠠᠭᠠᠯᠭ᠎ᠠ ᠬᠠᠩᠭᠠᠬᠤ ᠰᠢᠨ᠎ᠡ ᠪᠠᠶᠢᠷᠢᠰᠢᠯ ᠢ ᠪᠣᠶ ᠪᠣᠯᠭᠠᠵᠤ᠂ ᠪᠥᠬᠦ ᠣᠷᠣᠨ ᠤ ᠲᠤᠯᠠᠭᠠᠯᠭ᠎ᠠ | ᠬᠠᠨᠭ᠍ᠭᠠᠯᠭ᠎ᠠ ᠶᠢ ᠰᠢᠨ᠎ᠡ ᠳᠡᠭᠲᠡᠷ ᠲᠤ ᠭᠠᠷᠭᠠᠪᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠢᠨ᠎ᠡ | ᠪᠠᠶᠢᠷᠢᠯᠠᠭᠤᠯᠤᠯᠲᠠ ᠬᠢᠵᠦ᠂ ᠰᠢᠨ᠎ᠡ ᠱᠠᠭᠠᠷᠳᠠᠯᠭ᠎ᠠ ᠲᠤᠷᠠᠳᠤᠬᠰᠠᠨ ᠶᠤᠮ᠃ ᠦᠪᠤᠷ ᠮᠤᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠨ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 9 ᠲᠠᠯ᠎ᠠ ᠶᠢᠨ ᠭᠤᠣᠯ ᠡᠭᠦᠷᠭᠡ᠂ 35 | ᠨᠠᠶᠢᠳᠠᠪᠤᠷᠢᠵᠢᠭᠤᠯᠬᠤ ᠠᠷᠭ᠎ᠠ ᠶᠢ ᠪᠦᠬᠦᠨ ᠢ ᠡᠬᠢᠯᠡᠭᠦᠯᠵᠦ᠂ ᠰᠢᠶᠠᠨ ᠤ ᠬᠡᠪᠴᠢᠶᠡᠨ ᠤ ᠡᠮ ᠡᠮᠨᠡᠯᠭᠡ ᠶᠢᠨ ᠬᠠᠮᠲᠤ ᠶᠢᠨ | ᠴᠣᠭᠴᠠ ᠶᠢᠨ ᠠᠨᠠᠭᠠᠬᠤ ᠤᠬᠠᠭᠠᠨ ᠤ ᠳᠦᠷᠰᠦ ᠰᠢᠩᠭᠡᠭᠡᠯᠲᠡ ᠶᠢᠨ ︽ᠲᠠᠷᠬᠠᠯᠲᠠ ᠶᠢ ᠪᠠᠶᠢᠴᠠᠭᠠᠬᠤ᠂ | ᠲᠥᠪᠯᠡᠷᠡᠭᠦᠯᠦᠨ ᠣᠨᠣᠰᠢᠯᠠᠬᠤ︾᠂ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠰᠢᠨ᠎ᠡ ᠪᠠᠷ ᠨᠡᠮᠡᠭᠳᠡᠭᠦᠯᠬᠦ ᠵᠡᠷᠭᠡ | ᠡᠭᠦᠷᠭᠡ ᠶᠢᠨ ᠣᠨ ᠤ ᠬᠠᠷᠠᠯᠲᠠ ᠶᠢ ᠤᠷᠢᠳᠴᠢᠯᠠᠨ ᠪᠡᠶᠡᠯᠡᠭᠦᠯᠪᠡ᠃ ᠪᠥᠬᠦ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠥᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ | ᠡᠵᠡᠮᠳᠡᠬᠦ ᠪᠠ ᠠᠬᠢᠭᠤᠯᠵᠤ᠂ ᠡᠷᠡᠭᠦᠯ ᠮᠡᠨᠳᠦ ᠶᠢᠨ ᠠᠵᠢᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠳᠦᠷᠢᠮ︾ ᠳᠤ ᠵᠠᠰᠠᠪᠤᠷᠢ ᠣᠷᠣᠭᠤᠯᠵᠤ᠂ ᠡᠷᠡᠭᠦᠯ ᠰᠠᠷᠠᠭᠤᠯ ᠠᠮᠢᠳᠤᠷᠠᠯ ᠤᠨ | ᠠᠷᠭ᠎ᠠ ᠶᠢ ᠰᠠᠨᠠᠭᠠᠴᠢᠯᠠᠭᠰᠠᠨ ᠢᠶᠠᠷ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ 29.18% ᠳᠤ | ᠬᠦᠷᠴᠦ᠂ ᠪᠥᠬᠦ ᠤᠯᠤᠰ ᠤᠨ ᠳᠤᠮᠳᠠᠴᠢ ᠲᠦᠪᠰᠢᠨ ᠠᠴᠠ 1.4 ᠵᠠᠭᠤᠨ ᠤ ᠨᠢᠭᠡᠴᠢ ᠥᠨᠳᠥᠷ ᠪᠣᠯᠪᠠ᠃ | ᠪᠥᠬᠦ ᠣᠷᠣᠨ ᠤ ᠬᠠᠮᠤᠭ ᠤᠨ ᠥᠷᠭᠡᠨ ᠲᠡᠯᠬᠡᠷ ᠣᠯᠠᠨ ᠲᠦᠮᠡᠨ ᠤ ᠰᠡᠷᠡᠵᠤ ᠮᠡᠳᠡᠬᠦ ᠵᠦᠢᠯ ᠢ ᠪᠠᠲᠤᠯᠠᠬᠤ ᠠᠴᠠ | ᠡᠭᠦᠰᠦᠨ ᠥᠭᠡᠷᠡᠴᠢᠯᠡᠯᠲᠡ ᠶᠢ ᠠᠬᠢᠭᠤᠯᠵᠤ᠂ ᠠᠷᠠᠳ ᠣᠯᠠᠨ ᠳᠤ ᠨᠠᠩ ᠴᠢᠨᠠᠷᠯᠢᠭ᠃ ᠥᠨᠳᠥᠷ ᠪᠦᠲᠦᠮᠵᠢᠲᠡᠶ᠂ | ᠰᠢᠰᠲ᠋ᠧᠮ ᠲᠠᠢ ᠲᠠᠭᠠᠭᠠᠮᠠᠭᠠᠢ᠂ ᠡᠷᠬᠡ ᠲᠡᠭᠰᠢ ᠬᠦᠷᠴᠦ ᠳᠡᠶᠢᠯᠬᠦ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠦᠢᠯᠡᠴᠢᠯᠡᠭᠡ ᠬᠠᠩᠭᠠᠵᠤ᠂ ᠣᠷᠣᠨ ᠤ ᠭᠠᠳᠠᠨᠠᠬᠢ ᠴᠢᠨᠠᠷᠵᠢᠭᠤᠨ ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ | ᠠᠪᠴᠢᠷᠠᠵᠤ ᠪᠠᠭᠲᠠᠭᠠᠮᠵᠢ ᠶᠢ ᠥᠷᠭᠡᠳᠬᠡᠬᠦ ᠠᠵᠢᠯ ᠢ ᠠᠳᠬᠤᠬᠤ ᠶᠢᠨ ᠬᠠᠮᠳᠤ ᠣᠷᠣᠨ ᠤ ᠳᠣᠲᠣᠷᠠᠬᠢ ᠴᠢᠨᠠᠷᠵᠢᠭᠤᠨ | ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠴᠢᠩᠭᠠᠳᠬᠠᠯᠠ᠃ ᠡᠷᠡᠭᠦᠯ ᠮᠡᠨᠳᠦ ᠶᠢ ᠲᠡᠷᠢᠭᠦᠨ ᠳᠤ | ᠲᠠᠯᠪᠢᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ︽ᠭᠤᠷᠪᠠᠨ ᠡᠮᠴᠢᠯᠡᠭᠡ︾ ᠶᠢ ᠵᠣᠬᠢᠴᠠᠯᠳᠤᠭᠤᠯᠤᠨ | ᠬᠥᠭᠵᠢᠭᠦᠯᠬᠦ ᠪᠠ ᠵᠠᠰᠠᠬᠤ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ | ᠬᠥᠭᠵᠢᠯᠲᠡ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠢ ᠲᠥᠯᠥᠪᠯᠡᠨ | ᠨᠠᠶᠢᠳᠠᠪᠤᠷᠢᠵᠢᠭᠤᠯᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠷᠡᠭᠦᠯ ᠮᠡᠨᠳᠦ ᠪᠤᠶᠠᠨ | ᠵᠢᠷᠭᠠᠯ ᠢ ᠨᠡᠮᠡᠭᠳᠡᠬᠦᠯᠵᠤ ᠪᠠᠶᠢᠨ᠎ᠠ᠃ | | | | | | |