ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ 11.21
ᠨᠡᠶᠢᠲᠡᠯᠡᠭᠰᠡᠨ ᠴᠠᠭ᠄
2024/11/25
     ᠠᠷᠠᠳ ᠤᠨ ᠶᠠᠪᠤᠳᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠤᠷᠴᠢᠮ ᠳᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠲᠤᠰᠬᠠᠢ ᠰᠡᠳᠦᠪᠲᠦ ᠰᠤᠷᠤᠯᠴᠠᠬᠤ ︵ᠥᠷᠭᠡᠳᠬᠡᠭᠰᠡᠨ︶ ᠬᠤᠷᠠᠯ ᠢ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠪᠠ ᠠᠷᠪᠠᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠷᠠᠳ ᠤᠨ ᠶᠠᠪᠤᠳᠠᠯ ᠤᠨ ᠬᠤᠷᠠᠯ ᠤᠨ ᠵᠣᠷᠢᠭ ᠰᠠᠨᠠᠭᠠᠨ ᠤ ᠲᠤᠬᠠᠢ ᠲᠥᠷᠥᠭᠳᠡᠯ ᠢᠶᠠᠨ ᠰᠣᠯᠢᠯᠴᠠᠨ ᠰᠤᠷᠤᠯᠴᠠᠵᠤ᠂ ᠰᠤᠷᠤᠯᠴᠠᠨ ᠲᠤᠭᠤᠰᠢᠯᠠᠭᠤᠯᠬᠤ ᠠᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ ᠠᠷᠠᠳ ᠤᠨ ᠶᠠᠪᠤᠳᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠯᠦ ᡁᠢ ᠶᠤᠸᠠᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ    10 ᠰᠠᠷ᠎ᠠ ᠶᠢᠨ ᠰᠡᠭᠦᠯᠴᠢ ᠪᠣᠯᠲᠠᠯ᠎ᠠ ᠪᠥᠬᠦ ᠣᠷᠣᠨ ᠳᠤ ᠰᠤᠮᠤ ᠰᠢᠶᠠᠩ ᠪᠠᠯᠭᠠᠰᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 570 ᠪᠠᠶᠢᠭᠤᠯᠵᠤ᠂ ᠲᠣᠰᠬᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ︵  ᠵᠢᠷᠭᠠᠯᠳᠤ ᠬᠦᠷᠢᠶᠡᠯᠡᠩ ᠪᠠᠭᠲᠠᠨ᠎ᠠ︶ ᠶᠢ 6217 ᠪᠠᠶᠢᠭᠤᠯᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠮᠤᠷᠬᠤ ᠬᠡᠮᠵᠢᠶ᠎ᠡ ᠶᠢ ᠤᠯᠠᠮ ᠳᠡᠭᠡᠭᠰᠢᠯᠡᠭᠦᠯᠪᠡ᠃ᠨᠡᠶᠢᠭᠡᠮ ᠤᠨ ᠲᠤᠰᠠᠯᠠᠮᠵᠢ   ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ  ᠪᠠᠴᠢᠮ ᠬᠦᠴᠢᠷᠳᠡᠯ ᠲᠤ ᠲᠤᠯᠭᠠᠷᠠᠬᠰᠠᠳ ᠤᠨ ᠨᠡᠶᠢᠭᠡᠮ ᠤᠨ  ᠲᠤᠰᠠᠯᠠᠮᠵᠢ ᠪᠠ ᠲᠦᠷ ᠴᠠᠭ ᠤᠨ ᠲᠤᠰᠠᠯᠠᠮᠵᠢ ᠶᠢᠨ ᠦᠢᠯᠡᠳᠦᠯ ᠢ ᠴᠢᠩᠭᠠᠷᠠᠭᠤᠯᠪᠠ᠃ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠦᠷ ᠴᠠᠭ ᠤᠨ  ᠲᠤᠰᠠᠯᠠᠮᠵᠢ ᠶᠢᠨ ᠪᠡᠯᠡᠳᠬᠡᠯ ᠮᠥᠩᠭᠦ ᠶᠢᠨ ᠳᠦᠷᠢᠮ ᠢ ᠨᠠᠶᠢᠳᠠᠪᠤᠷᠢᠵᠢᠭᠤᠯᠵᠤ᠂ ᠪᠠᠴᠢᠮ ᠬᠦᠴᠢᠷᠳᠡᠯ ᠳᠤ ᠲᠤᠯᠭᠠᠷᠠᠭᠰᠠᠨ ᠬᠦᠴᠢᠷᠳᠡᠯᠲᠡᠢ ᠣᠯᠠᠨ ᠲᠦᠮᠡᠨ ᠳᠤ ᠬᠢᠨᠠᠨ ᠬᠠᠷᠭᠤᠭᠤᠯᠵᠤ ᠨᠤᠲᠠᠯᠠᠬᠤ  ᠶᠠᠪᠤᠴᠨ ᠢ ᠰᠢᠯᠢᠳᠡᠭᠵᠢᠭᠦᠯᠵᠦ᠂ ︽  ᠤᠷᠢᠳ ᠢᠶᠠᠷ ᠲᠤᠰᠠᠯᠠᠬᠤ︾ ᠠᠵᠢᠯ ᠢ ᠢᠳᠡᠪᠬᠢᠲᠡᠢ  ᠦᠷᠨᠢᠬᠦᠯᠪᠡ᠃ ᠠᠮᠢᠳᠤᠷᠠᠯ ᠨᠢ ᠨᠤᠴᠢᠳᠠᠢ  ᠬᠦᠴᠢᠷᠳᠡᠯ ᠳᠤ ᠲᠤᠯᠭᠠᠷᠠᠭᠰᠠᠨ ᠪᠤᠯ ︽ᠨᠢᠭᠡ ᠬᠡᠷᠡᠭ ᠢ ᠨᠢᠭᠡ ᠵᠥᠪᠯᠡᠬᠦ︾ ︽ᠨᠢᠭᠡ ᠬᠡᠷᠡᠭ ᠲᠤ ᠨᠢᠭᠡ ᠠᠷᠭ᠎ᠠ ᠪᠣᠳᠣᠯᠭ᠎ᠠ ᠠᠪᠬᠤ︾ ᠠᠷᠭ᠎ᠠ  ᠪᠠᠷ ᠲᠤᠰᠠᠯᠠᠬᠤ ᠲᠤᠭ᠎ᠠ ᠶᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠣᠯᠠᠨ ᠲᠦᠮᠡᠨ ᠳᠤ ᠲᠤᠯᠭᠠᠷᠠᠭᠰᠠᠨ ᠭᠡᠨᠡᠳᠲᠡ ᠶᠢᠨ᠂ ᠲᠤᠯᠭᠠᠮ‌ᠢ᠂ ᠲᠦᠷ ᠴᠠᠭ ᠤᠨ ᠦᠨᠳᠦᠰᠦᠨ ᠠᠮᠢᠳᠤᠷᠠᠯ ᠤᠨ ᠬᠦᠴᠢᠷᠳᠡᠯ ᠢ ᠲᠣᠬᠢᠲᠠᠢ  ᠰᠢᠢᠳᠪᠤᠷᠢᠯᠡᠭᠰᠡᠨ ᠪᠠᠶᠢᠨ᠎ᠠ᠃ 10 ᠰᠠᠷ᠎ᠠ ᠶᠢᠨ ᠰᠡᠭᠦᠯᠴᠢ ᠪᠣᠯᠲᠠᠯ᠎ᠠ 7887 ᠤᠳᠠᠭ᠎ᠠ ᠶᠢᠨ ᠲᠦᠷ ᠴᠠᠭ ᠲᠤᠰᠠᠯᠠᠵᠤ 1587 ᠲᠦᠮᠡᠨ ᠲᠥᠭᠦᠷᠢᠭ ᠤᠨ ᠪᠡᠯᠡ ᠮᠥᠩᠭᠦ ᠵᠠᠷᠤᠴᠠᠭᠤᠯᠪᠠ᠃ᠨᠡᠶᠢᠭᠡᠮ ᠤᠨ  ᠶᠠᠪᠤᠳᠠᠯ      ᠣᠷᠳᠣᠰ ᠬᠤᠲᠠ ᠶᠢᠨ ᠠᠩᠬᠠᠳᠠᠭᠴᠢ ᠴᠡᠴᠡᠷᠯᠢᠭ ᠮᠠᠶ᠋ᠢᠭ ᠤᠨ ᠣᠷᠤᠭ ᠤᠨ ᠳᠠᠩᠰᠠᠯᠠᠯᠲᠠ ᠶᠢᠨ ᠲᠥᠪ ᠪᠤᠯᠬᠤ ᠬᠢᠶ᠎ᠠ ᠪᠠᠭᠰᠢ ᠲᠣᠭᠤᠷᠢᠭ ᠤᠨ ᠣᠷᠤᠭ ᠤᠨ ᠳᠠᠩᠰᠠᠯᠠᠯᠲᠠ ᠶᠢᠨ ᠲᠥᠪ ᠤᠷᠴᠢᠮ ᠳᠤ ᠠᠰᠢᠭᠯᠠᠯᠲᠠ ᠳᠤ ᠣᠷᠣᠵᠤ ᠣᠷᠤᠭ ᠲᠠᠩᠰᠠᠯᠠᠬᠤ᠂  ᠪᠠᠳᠤᠯᠠᠪᠤᠷᠢ ᠣᠯᠭᠤᠬᠤ ᠦᠢᠯᠡᠴᠢᠯᠡᠭᠡ᠂ ᠣᠷᠤᠭ ᠭᠡᠷ ᠪᠦᠯᠢ ᠶᠢᠨ ᠵᠢᠯᠣᠭᠤᠳᠤᠯᠭ᠎ᠠ᠂ ᠣᠷᠤᠭ ᠤᠨ ᠰᠣᠶᠣᠯ ᠤᠨ ᠦᠵᠡᠭᠦᠯᠦᠯᠭᠡ ᠶᠢ ᠨᠢᠭᠡ ᠴᠣᠭᠴᠠᠵᠢᠭᠤᠯᠤᠨ᠂ ᠬᠤᠲᠠ ᠶᠢᠨ ᠠᠷᠠᠳ ᠲᠤ ᠥᠪᠡᠷᠮᠢᠴᠡ ︽ᠦᠶᠦᠭ ᠲᠤᠯᠠᠭᠠᠬᠠᠨ ᠬᠤᠲᠠ︾ ᠶᠢᠨ ᠣᠨᠴᠠᠯᠢᠭ ᠲᠠᠢ ᠣᠷᠤᠭ ᠤᠨ ᠦᠢᠯᠡᠴᠢᠯᠡᠭᠡ ᠬᠠᠩᠭᠠᠵᠤ ᠪᠠᠶᠢᠨ᠎ᠠ᠃ᠬᠡᠦᠬᠡᠳ ᠤᠨ ᠠᠰᠠᠷᠠᠮᠵᠢ      ᠬᠥᠯᠥᠨ ᠪᠤᠶᠢᠷ ᠬᠤᠲᠠ ᠶᠢᠨ ᠬᠢᠨ ᠤᠷᠴᠢᠮ ᠳᠤ ᠨᠡᠭᠦᠳᠡᠯ ᠬᠡᠦᠬᠡᠳ ᠪᠠ ᠭᠡᠷ ᠲᠤ ᠪᠠᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠠᠬᠢᠭᠤᠯᠬᠤ ᠬᠤᠷᠠᠯ ᠪᠠ ᠪᠥᠬᠦ ᠬᠤᠲᠠ ᠶᠢᠨ ᠨᠡᠭᠦᠳᠡᠯ ᠬᠡᠦᠬᠡᠳ ᠪᠠ ᠭᠡᠷ ᠲᠤ ᠪᠠᠨ ᠬᠤᠴᠣᠷᠤᠭᠰᠠᠨ ᠬᠡᠦᠬᠡᠳ ᠤᠨ ᠡᠷᠬᠡ ᠠᠰᠢᠭ ᠢ ᠪᠠᠲᠤᠯᠠᠬᠤ ᠠᠵᠢᠯ ᠤᠨ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠬᠥᠯᠥᠨ ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ 21 ᠰᠠᠯᠠᠭ᠎ᠠ ᠮᠥᠴᠢᠷ ᠤᠨ ᠬᠢᠨ ︽ᠬᠥᠯᠥᠨ ᠪᠤᠶᠢᠷ ᠬᠤᠲᠠ ᠶᠢᠨ ᠨᠡᠭᠦᠳᠡᠯ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯᠯᠠᠭ᠎ᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠳᠤ ᠰᠠᠨᠠᠯ ᠰᠠᠨᠠᠭᠤᠯᠭ᠎ᠠ ᠳᠤᠷᠠᠳᠪᠠ᠃ ᠡᠭᠦᠨ ᠤ ᠬᠠᠮᠲᠤ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ  ᠯᠦᠭᠡ ᠲᠤᠭ᠎ᠠ ᠪᠠᠷᠢᠮᠲᠠ ᠶᠢ ᠬᠠᠷᠢᠴᠠᠭᠤᠯᠤᠨ ᠬᠤᠪᠢᠶᠠᠯᠴᠠᠬᠤ ᠠᠵᠢᠯ ᠢ ᠴᠢᠩᠭᠠᠳᠬᠠᠬᠤ ᠪᠠᠷ ᠳᠠᠮᠵᠢᠭᠤᠯᠤᠨ ᠰᠠᠭᠤᠷᠢ ᠡᠬᠡ ᠲᠠᠩᠰᠠ ᠶᠢ ᠪᠦᠷᠢᠨᠰᠢᠭᠦᠯᠵᠦ ᠣᠯᠠᠨ ᠲᠠᠯ᠎ᠠ ᠶᠢᠨ ᠬᠠᠮᠵᠢᠯᠴᠠᠨ ᠠᠵᠢᠯᠯᠠᠬᠤ ᠲᠣᠭᠲᠠᠴᠠ ᠶᠢ ᠲᠡᠭᠦᠯᠳᠡᠷᠵᠢᠭᠦᠯᠦᠨ ᠠᠵᠢᠯ ᠤᠨ ᠬᠠᠮ ᠬᠦᠴᠦᠨ ᠢ ᠲᠦᠷᠭᠡᠨ ᠪᠦᠷᠢᠯᠳᠤᠬᠦᠯᠤᠬᠡᠳ ᠨᠡᠭᠦᠳᠡᠯ ᠬᠡᠦᠬᠡᠳ ᠪᠠ ᠭᠡᠷ ᠲᠤ ᠪᠠᠨ ᠬᠤᠴᠣᠷᠤᠭᠰᠠᠨ ᠬᠡᠦᠬᠡᠳ ᠤᠨ ᠡᠷᠬᠡ ᠠᠰᠢᠭ ᠪᠠᠳᠤᠯᠠᠵᠤ ᠪᠠᠶᠢᠨ᠎ᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号