ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ 11.22
ᠨᠡᠶᠢᠲᠡᠯᠡᠭᠰᠡᠨ ᠴᠠᠭ᠄
2024/11/25
 ᠠᠷᠠᠳ ᠤᠨ ᠶᠠᠪᠤᠳᠠᠯ ᠤᠨ ᠶᠠᠮᠤᠨ   ᠠᠷᠠᠳ ᠤᠨ ᠶᠠᠪᠤᠳᠠᠯ ᠤᠨ ᠶᠠᠮᠤᠨ ᠤ ᠬᠢᠨ 11 ᠳ᠋ᠤᠬᠡᠷ ᠰᠠᠷ᠎ᠠ ᠶᠢᠨ 20 ᠤ ᠡᠳᠦᠷ  2024 ᠣᠨ ᠤ ᠳᠥᠷᠪᠡᠳᠦᠭᠡᠷ ᠤᠯᠠᠷᠢᠯ ᠤᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠭᠤᠷᠪᠠᠳᠤᠭᠠᠷ ᠤᠯᠠᠷᠢᠯ ᠠᠴᠠ ᠨᠠᠭᠠᠰᠢᠬᠢ ᠠᠷᠠᠳ ᠤᠨ ᠶᠠᠪᠤᠳᠠᠯ ᠤᠨ ᠭᠤᠣᠯᠳᠠᠯᠭ᠎ᠠ ᠲᠠᠢ ᠠᠵᠢᠯ ᠤᠨ ᠠᠬᠢᠴᠠ ᠪᠠ ᠲᠠᠷᠠᠭᠠᠴᠢ ᠠᠵᠢᠯ ᠤᠨ ᠲᠣᠬᠢᠷᠠᠭᠤᠯᠤᠯᠲᠠ ᠶᠢ ᠵᠠᠷᠯᠠᠬᠰᠠᠨ ᠪᠥᠭᠡᠳ ᠰᠢᠨ᠎ᠡ ᠴᠠᠭ ᠦᠶ᠎ᠡ ᠶᠢᠨ ︽  ᠪᠤᠭᠤᠷᠤᠯᠴᠤᠳ ᠤᠨ ᠣᠨ ᠤ ᠠᠵᠢᠯᠯᠠᠭ᠎ᠠ︾᠂ ᠪᠥᠬᠦ ᠤᠯᠤᠰ ᠤᠨ ︽ᠪᠤᠭᠤᠷᠤᠯᠴᠤᠳ ᠤᠨ ᠣᠨ ᠤ ᠠᠵᠢᠯᠯᠠᠭ᠎ᠠ︾ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠪᠠ ᠪᠥᠬᠦ ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠤᠨ ᠬᠤᠯᠪᠣᠭᠳᠠᠯ ᠪᠦᠬᠦᠢ ᠪᠠᠶᠢᠳᠠᠯ ᠢ ᠨᠠᠷᠢᠨ ᠲᠠᠨᠢᠯᠴᠠᠭᠤᠯᠪᠠ᠃ ᠠᠷᠠᠳ ᠤᠨ ᠶᠠᠪᠤᠳᠠᠯ ᠤᠨ ᠶᠠᠮᠤᠨ ᠤ ᠨᠠᠰᠤᠲᠠᠶᠢᠴᠤᠳ ᠤᠨ ᠠᠵᠢᠯ ᠤᠨ ᠵᠤᠷᠭᠠᠨ ᠤ ᠳᠡᠳ᠋ ᠳᠠᠷᠤᠭ᠎ᠠ ᠵᠠᠩ ᠰᠢᠶᠣᠣ ᠹᠧᠩ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠤᠷᠭᠠᠨ ᠤ ᠳᠡᠳ᠋ ᠳᠠᠷᠤᠭ᠎ᠠ ᠯᠢ ᠪᠠᠩ ᠬᠤᠸᠠ᠂ ᠳᠤᠮᠳᠠᠳᠤ ᠤᠯᠤᠰ ᠤᠨ ᠨᠠᠰᠤᠲᠠᠶᠢᠴᠤᠳ ᠤᠨ ᠨᠡᠶᠢᠭᠡᠮᠯᠢᠭ ᠤᠨ ᠡᠷᠬᠡ ᠠᠰᠢᠭ ᠢ ᠬᠠᠮᠠᠭᠠᠯᠠᠬᠤ ᠬᠡᠯᠲᠡᠰ ᠤᠨ ᠡᠷᠬᠢᠯᠡᠭᠴᠢ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢᠦ ᠽᠧᠩ ᠷᠦᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠵᠤ᠂ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠠᠷᠠᠳ ᠤᠨ ᠶᠠᠪᠤᠳᠠᠯ ᠤᠨ ᠶᠠᠮᠤᠨ ᠤ ᠰᠣᠨᠢᠨ ᠮᠡᠳᠡᠭᠡᠨ ᠤ ᠥᠭᠦᠯᠡᠭᠴᠢ᠂ ᠠᠯᠪᠠᠨ ᠲᠢᠩᠬᠢᠮ ︵ᠣᠯᠠᠨ ᠤᠯᠤᠰ ᠤᠨ ᠬᠠᠮᠲᠤᠷᠠᠯᠴᠠᠭᠠᠨ ᠤ ᠵᠤᠷᠭᠠᠨ︶ ᠤᠨ ᠳᠡᠳ᠋ ᠡᠷᠬᠢᠯᠡᠭᠴᠢ ᠯᠢ ᠸᠠᠨ ᠯᠢ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠪᠡ᠃ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ   ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠬᠥᠬᠡᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ  ᠪᠠ ᠭᠡᠰᠢᠭᠦᠨ ᠠᠵᠤ ᠠᠬᠤᠶᠢᠯᠠᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠬᠦ ᠠᠵᠢᠯ ᠤᠨ ᠪᠠᠶᠢᠷᠢ ᠶᠢᠨ ᠬᠡᠷᠡᠭᠴᠡᠭᠡ ᠶᠢᠨ ᠲᠤᠬᠠᠢ ᠠᠯᠪᠠᠨ ᠵᠠᠷ︾ ᠢ ᠳᠠᠷᠤᠮᠠᠯᠯᠠᠨ ᠲᠠᠷᠬᠠᠭᠠᠪᠠ᠂ ᠡᠭᠦᠨ ᠤ ᠵᠣᠷᠢᠯᠭ᠎ᠠ ᠨᠢ ᠪᠥᠬᠦ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠳᠤ ᠢᠳᠡᠪᠬᠢᠲᠡᠢ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠬᠤ ᠠᠵᠢᠯ ᠢ ᠠᠬᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠠᠩ ᠣᠯᠠᠨ ᠠᠵᠢᠯ ᠣᠯᠬᠤ ᠲᠣᠬᠢᠶᠠᠯ ᠣᠯᠭᠤᠬᠤ ᠶᠢᠨ ᠲᠥᠯᠥᠭᠡ ᠶᠤᠮ᠃ ᠲᠣᠰ ᠤᠳᠠᠭ᠎ᠠ 40 ᠠᠵᠢᠯ ᠤᠨ ᠪᠠᠶᠢᠷᠢ ᠳᠤ 200 ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠪᠡ᠃ ᠪᠣᠳᠠᠲᠠᠢ ᠮᠡᠳᠡᠭᠡ ᠵᠠᠩᠭᠢ ᠶᠢ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠯᠪᠠᠨ ᠤ ᠰᠦᠯᠵᠢᠶ᠎ᠡ ᠪᠠᠷ ᠯᠠᠪᠯᠠᠵᠤ ᠪᠣᠯᠣᠨ᠎ᠠ᠃ᠨᠡᠶᠢᠭᠡᠮ ᠤᠨ ᠲᠤᠰᠠᠯᠠᠮᠵᠢ     ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠪᠦᠬᠦ ᠬᠤᠲᠠ ᠶᠢᠨ ᠨᠡᠶᠢᠭᠡᠮ ᠤᠨ  ᠲᠤᠰᠠᠯᠠᠮᠵᠢ ᠪᠠ ᠬᠡᠦᠬᠡᠳ ᠤᠨ ᠠᠰᠠᠷᠠᠮᠵᠢ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠡᠷᠬᠢᠯᠡᠵᠦ᠂ ᠬᠦᠨᠳᠡᠯᠡᠨ ᠤ ᠲᠠᠪᠴᠠᠩ ᠤᠨ ᠯᠧᠺᠲ᠋ᠣᠷ ᠪᠠ ᠰᠡᠳᠬᠢᠴᠡ ᠶᠢᠨ ᠵᠦᠢ ᠶᠢᠨ ᠪᠠᠭᠰᠢ ᠶᠢ ᠤᠷᠢᠵᠤ ᠲᠤᠬᠠᠢ ᠶᠢᠨ ᠲᠠᠯᠠᠪᠤᠷ ᠲᠤ ᠨᠢ ᠬᠢᠴᠢᠶᠡᠯᠯᠡᠭᠦᠯᠵᠦ᠂ ᠭᠤᠣᠯᠳᠠᠭᠤ ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ  ᠲᠤᠰᠠᠯᠠᠮᠵᠢ ᠶᠢᠨ ᠰᠢᠰᠲ᠋ᠧᠮ᠂ ︽ᠥᠪᠥᠷ ᠮᠣᠩᠭᠤᠯ ᠤᠨ ᠲᠣᠭᠠᠴᠢᠯᠠᠭᠰᠠᠨ ᠠᠷᠠᠳ ᠤᠨ ᠶᠠᠪᠤᠳᠠᠯ ᠤᠨ ᠠᠵᠢᠯ ᠤᠨ ᠠᠯᠪᠠᠨ ᠰᠦᠯᠵᠢᠶ᠎ᠠ︾ ᠶᠢ ᠪᠠᠶᠢᠭᠤᠯᠤᠨ ᠠᠵᠢᠯᠯᠠᠭᠤᠯᠵᠤ ᠬᠡᠷᠡᠭᠯᠡᠬᠦ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠪᠥᠬᠦ ᠬᠤᠲᠠ ᠶᠢᠨ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠠᠵᠢᠯ ᠤᠨ ᠴᠢᠳᠠᠪᠤᠷᠢ ᠶᠢ ᠤᠯᠠᠮ   ᠲᠡᠭᠡᠭᠰᠢᠯᠡᠬᠦᠯᠦᠭᠰᠡᠨ ᠪᠠᠶᠢᠨ᠎ᠠ᠃ᠨᠠᠰᠤᠵᠢᠯ ᠤᠨ ᠦᠢᠯᠡᠴᠢᠯᠡᠭᠡ     ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠩᠬᠠᠳᠠᠭᠴᠢ ᠤᠨ ᠬᠢᠨ ᠤᠷᠴᠢᠮ ᠳᠤ ︽ᠲᠥᠪ ᠲᠣᠭᠤᠭᠠᠨ ᠭᠡᠷ + ᠨᠠᠰᠤᠲᠠᠶᠢᠴᠤᠳ ᠤᠨ ᠬᠤᠭᠤᠯᠠᠨ ᠭᠡᠷ︾ ᠢ ᠠᠰᠢᠭᠯᠠᠯᠲᠠ ᠳᠤ ᠣᠷᠣᠭᠤᠯᠵᠤ᠂ ᠲᠤᠰ ᠬᠤᠭᠤᠯᠠᠨ ᠭᠡᠷ ᠨᠢ ᠨᠢᠭᠡ ᠥᠷᠲᠡᠭᠡᠨ ᠤ ᠮᠠᠶ᠋ᠢᠭ ᠤᠨ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠪᠠᠷ ᠴᠢᠷᠮᠠᠶᠢᠵᠤ᠂ ᠡᠷᠬᠢᠨ ᠲᠣᠭᠤᠷᠢᠨ ᠤ 6 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 12 ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ ᠭᠠᠵᠠᠷ ᠪᠠ 60 ᠨᠠᠰᠤᠨ  ᠠᠴᠠ ᠳᠡᠭᠡᠭᠰᠢᠬᠢ 3 ᠲᠦᠮᠡ ᠰᠢᠬᠠᠮ ᠨᠠᠰᠤᠲᠠᠶᠢᠴᠤᠳ ᠢ ᠬᠠᠮᠤᠷᠤᠭᠰᠠᠨ ᠳᠥᠭᠦᠮ ᠳᠥᠲᠡ ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡᠨ ᠤ ᠲᠤᠤᠷᠵᠢᠯ ᠢ ᠪᠠᠶᠢᠭᠤᠯᠤᠭᠠᠳ ᠡᠷᠬᠢᠨ ᠲᠣᠭᠤᠷᠢᠨ ᠤ ᠡᠯ᠎ᠡ ᠬᠤᠭᠤᠯᠠ ᠤᠮᠳᠠ ᠳᠤ ᠲᠤᠰᠠᠯᠠᠬᠤ ᠭᠠᠵᠠᠷ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠶᠡᠬᠡᠪᠡᠷ ᠪᠠᠭᠤᠷᠠᠭᠤᠯᠤᠨ᠂ ᠦᠢᠯᠡᠴᠢᠯᠡᠭᠡᠨ ᠤ ᠬᠠᠮᠤᠷᠬᠤ ᠬᠡᠪᠴᠢᠶ᠎ᠡ᠂ ᠪᠣᠯᠣᠮᠵᠢᠲᠤ ᠴᠢᠨᠠᠷ ᠪᠠ ᠦᠢᠯᠡᠴᠢᠯᠡᠭᠡᠨ ᠤ ᠶᠠᠰᠤ ᠴᠢᠨᠠᠷ ᠢ ᠶᠢ ᠳᠡᠭᠡᠭᠰᠢᠯᠡᠭᠦᠯᠵᠦ ᠨᠠᠰᠤᠲᠠᠶᠢᠴᠤᠳ ᠤᠨ ᠬᠤᠭᠤᠯᠠ ᠤᠮᠳᠠ ᠶᠢᠨ ᠬᠡᠷᠡᠭᠴᠡᠭᠡ ᠶᠢ  ᠬᠠᠨᠭ᠍ᠭᠠᠵᠤ ᠪᠠᠶᠢᠨ᠎ᠠ ᠃ᠬᠡᠦᠬᠡᠳ ᠤᠨ ᠠᠰᠠᠷᠠᠮᠵᠢ    ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠨᠠᠰᠤᠨ ᠳᠤ ᠦᠯᠤ ᠬᠦᠷᠦᠭᠰᠡᠳ ᠢ ᠲᠤᠰᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠡᠦᠬᠡᠳ ᠤᠨ ᠡᠷᠬᠢᠯᠡᠭᠴᠢ ᠶᠢᠨ ᠴᠢᠳᠠᠪᠤᠷᠢ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠬᠦᠯᠤᠬᠡᠳ ᠲᠥᠷᠥᠯ ᠬᠤᠪᠢᠶᠠᠨ ᠪᠣᠯᠪᠠᠰᠤᠷᠠᠭᠤᠯᠬᠤ ᠵᠠᠷᠴᠢᠮ ᠢᠶᠠᠷ ᠠᠵᠢᠯ ᠤᠨ ᠡᠭᠦᠷᠭᠡ ᠬᠠᠷᠢᠭᠤᠴᠠᠯᠭ᠎ᠠ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠬᠡᠦᠬᠡᠳ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ᠂ ᠰᠡᠳᠬᠢᠴᠡ ᠶᠢᠨ ᠡᠷᠡᠭᠦᠯ ᠮᠡᠨᠳᠦ ᠶᠢᠨ ᠬᠠᠯᠠᠮᠵᠢ᠂ ᠨᠡᠶᠢᠭᠡᠮ ᠤᠨ ᠠᠵᠢᠯ ᠤᠨ ᠪᠣᠳᠠᠲᠤ ᠶᠠᠪᠤᠳᠠᠯ ᠵᠡᠷᠭᠡ ᠶᠢᠨ ᠲᠣᠭᠤᠷᠢᠨ ᠳᠤ ᠪᠥᠬᠦ ᠠᠵᠢᠯᠲᠠᠨ ᠤ ᠪᠣᠯᠪᠠᠰᠤᠷᠠᠯ ᠢ ᠭᠤᠣᠯᠳᠠᠯᠭ᠎ᠠ ᠲᠠᠢ ᠬᠢᠵᠦ᠂ ᠲᠤᠰᠠᠯᠠᠵᠤ ᠲᠡᠳᠬᠦᠬᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠠᠮᠤᠷ ᠲᠦᠪᠰᠢᠨ ᠤ ᠥᠪᠡᠷ ᠢ ᠪᠠᠨ ᠬᠠᠮᠠᠭᠠᠯᠠᠬᠤ ᠬᠥᠮᠦᠵᠢᠯ᠂ ᠰᠡᠳᠬᠢᠴᠡ ᠶᠢᠨ  ᠬᠠᠯᠠᠮᠵᠢ ᠵᠡᠷᠭᠡ ᠲᠠᠯ᠎ᠠ ᠪᠠᠷ ᠨᠠᠰᠤᠨ ᠳᠤ ᠥᠯᠥ ᠭᠦᠷᠦᠭᠰᠡᠳ ᠲᠤ ᠴᠢᠨᠠᠷ ᠰᠠᠶᠢᠲᠠᠢ ᠦᠢᠯᠡᠴᠢᠯᠡᠭᠡ ᠬᠠᠨᠭ᠍ᠭᠠᠭᠠᠳ ᠪᠥᠬᠦ ᠬᠤᠲᠠ ᠳᠤ  87 ᠬᠡᠦᠬᠡᠳ ᠤᠨ ᠬᠢᠨᠠᠨ ᠵᠢᠯᠣᠭᠤᠳᠤᠭᠴᠢ ᠪᠠ 823 ᠬᠡᠦᠬᠡᠳ ᠤᠨ ᠡᠷᠬᠢᠯᠡᠭᠴᠢ ᠲᠣᠬᠢᠷᠠᠭᠤᠯᠪᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号