ᠰᠢ ᠶᠢᠨ ᠫᠢᠩ ᠰᠢᠩᠭᠠᠫᠤᠷ ᠤᠨ ᠲᠦᠷᠦ ᠶᠢᠨ ᠶᠠᠪᠤᠳᠠᠯ ᠤᠨ ᠵᠠᠰᠠᠭ ᠲᠤ ᠲᠤᠰᠠᠯᠠᠭᠴᠢ ᠯᠢ ᠰᠢᠶᠠᠨ ᠯᠦᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/11/27
   ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 26 ᠤ ᠴᠠᠭᠢᠯᠭᠠᠨ ᠮᠡᠳᠡᠭᠡ 11 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠥᠷᠥ ᠶᠢᠨ ᠵᠣᠴᠢᠳ ᠤᠨ ᠪᠠᠭᠤᠳᠠᠯ ᠳᠤ ᠰᠢᠩᠭᠠᠫᠤᠷ ᠤᠨ ᠲᠥᠷᠥ ᠶᠢᠨ ᠶᠠᠪᠤᠳᠠᠯ ᠤᠨ ᠵᠠᠰᠠᠭ ᠲᠤ ᠲᠤᠰᠠᠯᠠᠭᠴᠢ ᠯᠢ ᠰᠢᠶᠠᠨ ᠯᠦᠩ ᠲᠠᠢ ᠠᠭᠤᠯᠵᠠᠪᠠ᠃
27-1图1.jpg    
    11 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠥᠷᠥ ᠶᠢᠨ ᠵᠣᠴᠢᠳ ᠤᠨ ᠪᠠᠭᠤᠳᠠᠯ ᠳᠤ ᠰᠢᠩᠭᠠᠫᠤᠷ ᠤᠨ ᠲᠥᠷᠥ ᠶᠢᠨ ᠶᠠᠪᠤᠳᠠᠯ ᠤᠨ ᠵᠠᠰᠠᠭ ᠲᠤ ᠲᠤᠰᠠᠯᠠᠭᠴᠢ ᠯᠢ ᠰᠢᠶᠠᠨ ᠯᠦᠩ ᠲᠠᠢ ᠠᠭᠤᠯᠵᠠᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ    ᠰᠢ ᠶᠢᠨ ᠫᠢᠩ ᠯᠢ ᠰᠢᠶᠠᠨ ᠯᠦᠩ ᠤᠨ ᠰᠢᠩᠭᠠᠫᠤᠷ ᠤᠨ ᠶᠡᠷᠦᠩᠬᠡᠢ ᠰᠠᠶᠢᠳ ᠤᠨ ᠲᠤᠰᠢᠶᠠᠯ ᠢ ᠬᠠᠷᠢᠭᠤᠴᠠᠵᠤ ᠪᠠᠶᠢᠬᠤ ᠬᠤᠭᠤᠴᠠᠭᠠᠨ ᠳᠠᠭᠠᠨ ᠰᠢᠩᠭᠠᠫᠤᠷ ᠤᠨ ᠬᠢᠨ ᠢ ᠳᠠᠭᠠᠭᠤᠯᠤᠨ ᠢᠯᠡᠳᠲᠡ ᠠᠮᠵᠢᠯᠲᠠ ᠣᠯᠣᠭᠰᠠᠨ ᠪᠥᠭᠡᠳ ᠳᠤᠮᠳᠠᠳᠤ ᠰᠢᠩᠭᠠᠫᠤᠷ ᠤᠨ ᠬᠠᠮᠲᠤᠷᠠᠯᠴᠠᠭ᠎ᠠ ᠶᠢ ᠤᠷᠳᠤ ᠬᠤᠭᠤᠴᠠᠭ᠎ᠠ ᠪᠠᠷ ᠬᠠᠯᠠᠮᠵᠢᠯᠠᠨ ᠳᠡᠮᠵᠢᠭᠰᠡᠨ ᠢ ᠢᠳᠡᠪᠬᠢᠲᠡᠢ ᠦᠨᠡᠯᠡᠪᠡ᠃ ᠰᠢ ᠶᠢᠨ ᠫᠢᠩ᠂ ᠨᠢᠳᠤᠨᠤᠨ ᠪᠢᠳᠡ ᠳᠤᠮᠳᠠᠳᠤ ᠰᠢᠩᠭᠠᠫᠤᠷ ᠤᠨ ᠪᠦᠭᠦ ᠲᠠᠯ᠎ᠠ ᠶᠢᠨ ᠴᠢᠨᠠᠷ ᠰᠠᠶᠢᠲᠠᠢ ᠪᠠᠷᠠᠯᠠᠯᠳᠤ ᠴᠢᠨᠠᠷᠲᠠᠢ ᠬᠠᠨᠢᠲᠠᠨ ᠤ ᠬᠠᠷᠢᠯᠴᠠᠭ᠎ᠠ ᠶᠢ ᠬᠠᠮᠲᠤ ᠪᠠᠷ ᠲᠣᠭᠲᠠᠭᠠᠵᠤ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠳᠤ ᠪᠠᠶᠢᠯᠳᠤᠬᠤ ᠪᠣᠳᠣᠯᠭ᠎ᠠ ᠶᠢᠨ ᠴᠢᠭᠯᠡᠯ ᠢ ᠲᠣᠳᠣᠷᠬᠠᠢ ᠲᠣᠭᠲᠠᠭᠠᠵᠠᠢ᠃ ᠢᠷᠡᠬᠦ ᠵᠢᠯ ᠪᠣᠯ ᠳᠤᠮᠳᠠᠳᠤ ᠰᠢᠩᠭᠠᠫᠤᠷ ᠤᠨ ᠬᠠᠷᠢᠯᠴᠠᠭ᠎ᠠ ᠪᠠᠶᠢᠭᠤᠯᠤᠭᠰᠠᠨ 35 ᠵᠢᠯ ᠤᠨ ᠤᠢ ᠪᠣᠯᠣᠨ᠎ᠠ᠂ ᠬᠤᠶᠠᠷ ᠲᠠᠯ᠎ᠠ ᠪᠠᠷ ᠢᠶᠠᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠤᠯᠠᠮ ᠴᠢᠩᠭᠠᠳᠬᠠᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠠᠵᠠ ᠵᠢᠷᠭᠠᠯ ᠠᠪᠴᠢᠷᠠᠵᠤ᠂ ᠭᠠᠵᠠᠷ ᠣᠷᠣᠨ ᠤ ᠡᠩᠬᠡ ᠲᠠᠶᠢᠪᠤᠩ ᠬᠥᠭᠵᠢᠯ ᠴᠡᠴᠡᠭᠯᠡᠯ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠡᠨᠡ ᠵᠢᠯ ᠪᠣᠯ ᠰᠦᠵᠧᠦ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ 30 ᠵᠢᠯ ᠤᠨ ᠣᠶ ᠪᠣᠯᠣᠨ᠎ᠠ᠃ 30 ᠵᠢᠯ ᠤᠨ ᠲᠤᠷᠰᠢ᠂ ᠰᠦᠵᠧᠦ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︽ᠨᠠᠭᠤᠷ ᠴᠥᠭᠦᠷᠥᠮ ᠬᠤᠲᠣᠭᠤᠷ ᠭᠠᠵᠠᠷ︾ ᠪᠠᠶᠢᠭᠰᠠᠨ ᠠᠴᠠ ᠪᠠᠨ ︽ᠰᠢᠨ᠎ᠡ ᠶᠢ ᠡᠭᠦᠳᠦᠭᠰᠡᠨ ᠬᠤᠳᠠ︾ ᠪᠣᠯᠵᠤ᠂ ᠬᠤᠶᠠᠷ ᠤᠯᠤᠰ ᠤᠨ ᠬᠠᠮᠲᠤᠷᠠᠯᠴᠠᠭᠠᠨ ᠤ ᠠᠮᠢᠳᠤᠯᠢᠭ ᠦᠯᠢᠭᠡᠷ ᠳᠠᠭᠤᠷᠢᠶᠠᠯ ᠢ ᠪᠤᠢ ᠪᠤᠯᠭᠠᠬᠰᠠᠨ ᠪᠥᠭᠡᠳ ᠰᠢᠩᠭᠠᠫᠤᠷ ᠤᠨ ᠬᠢᠨ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠳᠤ ᠭᠦᠨᠵᠡᠭᠡᠢ ᠣᠷᠣᠯᠴᠠᠬᠰᠠᠨ ᠤ ᠭᠡᠷᠡᠴᠢ ᠪᠣᠯᠵᠠᠢ᠃ ᠳᠤᠮᠳᠠᠳᠤ ᠤᠯᠤᠰ ᠥᠪᠡᠷ ᠤᠨ ᠤᠯᠤᠰ ᠤᠨ ᠪᠠᠶᠢᠳᠠᠯ ᠳᠠᠭᠠᠨ ᠲᠣᠬᠢᠷᠠᠭᠰᠠᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠡᠢ᠃ ᠳᠤᠮᠳᠠᠳᠤ ᠤᠯᠤᠰ ᠢᠮᠠᠭᠲᠠ ᠤᠶᠤᠨ ᠴᠢᠳᠠᠯ ᠢᠶᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠶᠢ ᠪᠠᠷᠢᠮᠲᠠᠯᠠᠵᠤ᠂ ᠠᠵᠤ ᠠᠬᠤᠢ ᠶᠢᠨ ᠤᠷᠳᠤ ᠬᠤᠭᠤᠴᠠᠭ᠎ᠠ ᠪᠠᠷ ᠰᠠᠶᠢᠵᠢᠷᠠᠬᠤ ᠶᠢ ᠪᠠᠲᠤᠯᠠᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠢᠲᠡᠭᠡᠯ ᠲᠠᠢ ᠪᠠᠶᠢᠨ᠎ᠠ᠃ ᠰᠢᠩᠭᠠᠫᠤᠷ ᠤᠨ ᠬᠢᠨ ᠤ ᠦᠷᠭᠦᠯᠵᠢᠯᠡᠨ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭᠠᠨ ᠤ ᠬᠤᠰᠢᠭᠤᠴᠢ ᠪᠣᠯᠵᠤ᠂ ᠳᠤᠮᠳᠠᠳᠤ ᠰᠢᠩᠭᠠᠫᠤᠷ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢᠨ ᠬᠤᠷᠠᠯ ᠤᠨ ᠲᠠᠪᠴᠠᠩ ᠢ ᠰᠠᠶᠢᠲᠤᠷ ᠠᠰᠢᠭᠯᠠᠵᠤ᠂ ᠴᠢᠬᠤᠯᠠ ᠶᠡᠭᠡ ᠬᠠᠮᠲᠤᠷᠠᠯᠴᠠᠭᠠᠨ ᠤ ᠲᠦᠷᠦᠯ ᠵᠦᠢᠯ ᠢ ᠥᠨᠳᠥᠷ ᠲᠦᠪᠰᠢᠨ ᠢᠶᠠᠷ ᠰᠠᠶᠢᠲᠤᠷ ᠡᠵᠡᠩᠨᠡᠵᠦ᠂ ᠲᠣᠭᠠᠴᠢᠯᠠᠯᠲᠠ᠂ ᠪᠣᠬᠢᠷᠳᠤᠯ ᠦᠭᠡᠢ ᠬᠥᠭᠵᠢᠯᠲᠡ ᠶᠢᠨ ᠠᠵᠠ ᠲᠣᠭᠢᠶᠠᠯ ᠢ ᠡᠵᠡᠮᠳᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠰᠢᠩᠭᠠᠫᠤᠷ ᠤᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠃ ᠠᠶᠤᠯ ᠲᠦᠭᠰᠢᠭᠦᠷᠢ ᠪᠠ ᠥᠷᠢᠰᠦᠯᠳᠦᠭᠡᠨ ᠤ ᠡᠮᠦᠨ᠎ᠡ᠂ ᠶᠠᠮᠠᠷᠪᠠ ᠤᠯᠤᠰ ᠴᠥᠮ ᠪᠡᠶ᠎ᠡ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ ᠪᠠᠶᠢᠵᠤ ᠪᠤᠯᠬᠤ ᠦᠭᠡᠢ᠂ ᠪᠦᠯᠬᠦᠮᠳᠡᠨ ᠬᠠᠮᠲᠤᠷᠠᠯᠴᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠬᠤ ᠪᠣᠯ ᠰᠠᠶ᠋ᠢ ᠬᠥᠮᠥᠨ ᠤ ᠶᠢᠷᠲᠢᠨᠴᠦ ᠶᠢᠨ ᠲᠥᠪ ᠶᠣᠰᠣ ᠮᠥᠨ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠰᠢᠩᠭᠠᠫᠤᠷ ᠤᠨ ᠲᠠᠯ᠎ᠠ ᠶᠢᠨ ᠬᠢᠨ ᠲᠠᠢ ᠬᠠᠮᠲᠤ ᠪᠠᠷ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠤᠷᠤᠰᠬᠠᠯ ᠳᠤ ᠵᠣᠬᠢᠴᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠪᠦᠯᠦᠭᠯᠡᠯ ᠤᠨ ᠡᠰᠡᠷᠭᠦᠴᠡᠯᠳᠦᠯ᠂ ᠬᠠᠭᠠᠴᠠᠭᠤᠯᠤᠨ ᠡᠰᠡᠷᠭᠦᠴᠡᠯᠳᠦᠬᠦ ᠶᠢ ᠬᠤᠷᠢᠭᠯᠠᠵᠤ᠂ ᠠᠽᠢᠶ᠎ᠠ ᠲᠢᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃
  27-1图2.jpg  
    11 ᠰᠠᠷ᠎ᠠ ᠶᠢᠨ 26 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠲᠥᠷᠥ ᠶᠢᠨ ᠵᠣᠴᠢᠳ ᠤᠨ ᠪᠠᠭᠤᠳᠠᠯ ᠳᠤ ᠰᠢᠩᠭᠠᠫᠤᠷ ᠤᠨ ᠲᠥᠷᠥ ᠶᠢᠨ ᠶᠠᠪᠤᠳᠠᠯ ᠤᠨ ᠵᠠᠰᠠᠭ ᠲᠤ ᠲᠤᠰᠠᠯᠠᠭᠴᠢ ᠯᠢ ᠰᠢᠶᠠᠨ ᠯᠦᠩ ᠲᠠᠢ ᠠᠭᠤᠯᠵᠠᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠶᠠᠩ ᠰᠡᠭᠦᠳᠡᠷᠯᠡᠪᠡ    ᠯᠢ ᠰᠢᠶᠠᠨ ᠯᠦᠩ᠂ ᠨᠢᠳᠤᠨᠤᠨ ᠤ 3 ᠰᠠᠷ᠎ᠠ ᠳᠤ ᠪᠢ ᠳᠤᠮᠳᠠᠳᠤ ᠤᠯᠤᠰ ᠲᠤ ᠠᠮᠵᠢᠯᠲᠠ ᠲᠠᠢ ᠠᠶᠢᠯᠴᠢᠯᠠᠵᠤ᠂ ᠲᠡᠷᠢᠭᠦᠯᠡᠭᠴᠢ ᠰᠢ ᠶᠢᠨ ᠫᠢᠩ ᠲᠠᠢ ᠰᠢᠩᠭᠠᠫᠤᠷ ᠳᠤᠮᠳᠠᠳᠤ ᠶᠢᠨ ᠬᠠᠷᠢᠯᠴᠠᠭ᠎ᠠ ᠶᠢᠨ ᠪᠠᠶᠢᠷᠢ ᠲᠣᠭᠲᠠᠭᠠᠯᠲᠠ ᠶᠢ ᠪᠦᠭᠦ ᠲᠠᠯ᠎ᠠ ᠶᠢᠨ ᠴᠢᠨᠠᠷ ᠰᠠᠶᠢᠲᠠᠢ ᠪᠠᠷᠠᠯᠠᠯᠳᠤ ᠴᠢᠨᠠᠷᠲᠠᠢ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠬᠠᠮᠲᠤ ᠪᠠᠷ ᠨᠡᠶᠢᠲᠡᠯᠡᠭᠰᠡᠨ ᠪᠢᠯᠡ᠃ ᠬᠤᠶᠠᠷ ᠤᠯᠤᠰ ᠤᠨ ᠬᠠᠷᠢᠯᠴᠠᠭ᠎ᠠ ᠤᠯᠠᠮ ᠴᠢᠩᠭᠠᠷᠠᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢᠨ ᠬᠤᠷᠠᠯ ᠤᠷᠤᠭᠰᠢᠲᠠᠢ ᠬᠤᠷᠠᠯᠳᠤᠵᠤ᠂ ᠮᠠᠰᠢ ᠣᠯᠠᠨ ᠪᠣᠳᠠᠲᠤ ᠦᠷ᠎ᠡ ᠪᠦᠲᠦᠭᠡᠯ ᠭᠠᠷᠭᠠᠵᠠᠢ᠃ ᠰᠦᠵᠧᠦ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ 30 ᠵᠢᠯ ᠤᠨ ᠲᠤᠷᠰᠢ᠂ ᠨᠢᠭᠡᠨᠲᠡ ᠣᠳᠣᠬᠢᠴᠢᠯᠠᠭᠰᠠᠨ ᠬᠤᠲᠠ ᠪᠠᠯᠭᠠᠰᠤ ᠪᠣᠯᠣᠨ ᠬᠥᠭᠵᠢᠵᠦ᠂ ᠰᠢᠩᠭᠠᠫᠤᠷ ᠳᠤᠮᠳᠠᠳᠤ ᠶᠢᠨ ᠴᠢᠨᠠᠷ ᠰᠠᠶᠢᠲᠠᠢ ᠬᠠᠮᠲᠤᠷᠠᠯᠴᠠᠭ᠎ᠠ ᠶᠢᠨ ᠠᠮᠵᠢᠯᠲᠠ ᠲᠠᠢ ᠦᠢᠯᠡᠳᠦᠯᠭᠡ ᠪᠠ ᠠᠯᠳᠠᠨ ᠱᠣᠰᠢᠭ᠎ᠠ ᠪᠣᠯᠤᠭᠰᠠᠨ ᠪᠥᠭᠡᠳ ᠳᠤᠮᠳᠠᠳᠤ ᠤᠯᠤᠰ ᠤᠨ ᠳᠠᠰᠤᠷᠠᠯᠳᠠ ᠦᠭᠡᠢ ᠥᠭᠡᠷᠡᠴᠢᠯᠡᠯᠲᠡ ᠨᠡᠭᠡᠭᠡᠯᠲᠡ ᠬᠢᠵᠦ ᠪᠠᠶᠢᠭ᠎ᠠ ᠳᠦᠷᠰᠦ ᠪᠠᠶᠢᠳᠠᠯ ᠢ ᠳᠡᠯᠡᠬᠡᠢ ᠳ᠋ᠠᠬᠢᠨ ᠳᠤ ᠬᠠᠷᠠᠭᠤᠯᠵᠠᠢ᠃ ᠳᠤᠮᠳᠠᠳᠤ ᠤᠯᠤᠰ ᠨᠢᠭᠡᠨᠲᠡ ᠣᠳᠣᠬᠢᠴᠢᠯᠠᠬᠤ ᠬᠥᠭᠵᠢᠯᠲᠡ ᠶᠢᠨ ᠵᠠᠮ ᠢ ᠠᠮᠵᠢᠯᠲᠠ ᠲᠠᠢ ᠬᠠᠶᠢᠵᠤ ᠣᠯᠪᠠ᠂ ᠰᠢᠩᠭᠠᠫᠤᠷ ᠤᠨ ᠬᠢᠨ ᠳᠤᠮᠳᠠᠳᠤ ᠤᠯᠤᠰ ᠤᠨ ᠢᠷᠡᠭᠡᠳᠦᠢ ᠳᠤ ᠢᠲᠡᠭᠡᠯ ᠳᠦᠭᠦᠷᠡᠩ ᠪᠠᠶᠢᠨ᠎ᠠ᠂ ᠳᠤᠮᠳᠠᠳᠤ ᠤᠯᠤᠰ ᠬᠥᠭᠵᠢᠯ ᠴᠡᠴᠡᠭᠯᠡᠯ ᠢᠶᠠᠨ ᠪᠠᠲᠤᠯᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠢᠲᠡᠭᠡᠵᠦ ᠪᠠᠶᠢᠨ᠎ᠠ᠃ ᠰᠢᠩᠭᠠᠫᠤᠷ ᠤᠨ ᠬᠢᠨ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠠᠷ ᠦᠷᠭᠦᠯᠵᠢᠯᠡᠨ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠢᠳᠡᠪᠬᠢᠲᠡᠢ ᠣᠷᠣᠯᠴᠠᠨ᠎ᠠ᠃ ᠣᠳᠣᠬᠠᠨ ᠤ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠳᠣᠣᠷ᠎ᠠ᠂ ᠡᠯ᠎ᠡ ᠤᠯᠤᠰ ᠤᠨ ᠬᠢᠨ ᠠᠯᠤᠰ ᠭᠡᠳᠦ ᠶᠢᠨ ᠬᠠᠷᠠᠴᠠ ᠶᠢ ᠪᠠᠷᠢᠮᠲᠠᠯᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ ᠂ ᠪᠦᠯᠬᠦᠮᠳᠡᠨ ᠬᠠᠮᠲᠤᠷᠠᠯᠴᠠᠬᠤ ᠪᠠᠷ ᠵᠢᠳᠬᠦᠵᠦ᠂ ᠠᠶᠤᠯ ᠲᠦᠭᠰᠢᠭᠦᠷᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠪᠡᠯ ᠵᠣᠬᠢᠨ᠎ᠠ ᠭᠡᠵᠦ ᠢᠯᠡᠳᠬᠡᠪᠡ᠃    ᠬᠤᠶᠠᠷ ᠲᠠᠯ᠎ᠠ ᠪᠠᠷ ᠢᠶᠠᠨ ᠪᠠᠰᠠ ᠳᠤᠮᠳᠠᠳᠤ ᠠᠮᠧᠷᠢᠺᠠ ᠶᠢᠨ ᠬᠠᠷᠢᠯᠴᠠᠭ᠎ᠠ᠂ ᠭᠠᠵᠠᠷ ᠣᠷᠣᠨ ᠤ ᠪᠠᠶᠢᠳᠠᠯ ᠵᠡᠷᠭᠡ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃    ᠸᠠᠩ ᠢ ᠠᠭᠤᠯᠵᠠᠯᠲᠠ ᠳᠤ ᠣᠷᠣᠯᠴᠠᠵᠠᠢ᠃           
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号