ᠰᠢᠨᠬᠤᠸᠠ ᠬᠤᠷᠢᠶᠠᠨ ᠤ ᠡᠷᠬᠡ ᠰᠦᠷᠲᠦ ᠲᠦᠷᠭᠡᠨ ᠮᠡᠳᠡᠭᠡ — ︽ᠳᠡᠯᠡᠬᠡᠢ ᠳ᠋ᠠᠬᠢᠨ ᠳᠤ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠤᠨ ︿ᠪᠣᠬᠢᠷᠳᠤᠯ ᠦᠭᠡᠢ ᠨᠢᠭᠤᠴᠠ﹀ ᠶᠢ ᠲᠠᠨᠢᠭᠤᠯᠤᠶ᠎ᠠ - ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭᠠᠨ ᠤ ᠳᠤᠮᠳᠠᠳᠤ ᠤᠯᠤᠰ ᠤᠨ ᠦᠢᠯᠡᠳᠦᠯᠭᠡ ᠪᠠ ᠳᠡᠯᠡᠬᠡᠢ ᠳ᠋ᠠᠬᠢᠨ ᠳᠠᠬᠢ ᠬᠤᠪᠢ ᠨᠡᠮᠡᠷᠢ︾ ᠭᠡᠬᠦ | ᠤᠶᠤᠨ ᠤ ᠬᠥᠮᠥᠷᠭᠡ ᠶᠢᠨ ᠮᠡᠳᠡᠭᠦᠯᠦᠯᠲᠡ ᠶᠢ ᠨᠡᠶᠢᠲᠡᠯᠡᠪᠡ | | | 11 ᠳ᠋ᠦ᠋ᠭᠡᠷ ᠰᠠᠷ᠎ᠠ ᠶᠢᠨ 26 ᠤ ᠡᠳᠦᠷ᠂ ᠴᠧᠩᠳᠦ᠋ ᠳᠤ ᠶᠠᠪᠤᠭᠳᠠᠭᠰᠠᠨ 2024 ᠪᠦᠬᠦ ᠪᠥᠮᠪᠥᠷᠴᠡᠭ ᠤᠨ ᠮᠠᠯᠤᠷ | ᠦᠳᠡᠭᠡ ᠶᠢᠨ ᠬᠠᠨᠢᠲᠠᠳ ᠤᠨ ᠶᠡᠭᠡ ᠬᠤᠷᠠᠯ ᠳᠡᠭᠡᠷ᠎ᠡ᠂ ᠰᠢᠨᠬᠤᠸᠠ ᠬᠤᠷᠢᠶᠠᠨ ᠤ ᠤᠯᠤᠰ ᠤᠨ ᠳᠡᠭᠡᠳᠦ ᠲᠡᠰ ᠤᠨ ᠤᠶᠤᠨ ᠤ | ᠬᠥᠮᠥᠷᠭᠡ ᠪᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠰᠤᠳᠤᠯᠭᠠᠨ ᠤ ᠲᠥᠪ ᠤᠨ | ᠬᠠᠮᠲᠤ ᠪᠠᠷ ᠲᠤᠭᠤᠷᠪᠢᠭᠰᠠᠨ ︽ᠳᠡᠯᠡᠬᠡᠢ ᠳ᠋ᠠᠬᠢᠨ ᠳᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ︿ᠪᠣᠬᠢᠷᠳᠤᠯ | ᠦᠭᠡᠢ ᠨᠢᠭᠤᠴᠠ﹀ ᠶᠢ ᠲᠠᠨᠢᠭᠤᠯᠤᠶ᠎ᠠ - ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ | ᠳᠤᠮᠳᠠᠳᠤ ᠤᠯᠤᠰ ᠤᠨ ᠦᠢᠯᠡᠳᠦᠯᠭᠡ ᠪᠠ ᠳᠡᠯᠡᠬᠡᠢ ᠳ᠋ᠠᠬᠢᠨ ᠳᠠᠬᠢ ᠬᠤᠪᠢ ᠨᠡᠮᠡᠷᠢ︾ ᠭᠡᠬᠦ ᠤᠶᠤᠨ ᠤ ᠬᠥᠮᠥᠷᠭᠡ ᠶᠢᠨ | ᠮᠡᠳᠡᠭᠦᠯᠦᠯᠲᠡ ᠶᠢ ᠪᠦᠬᠦ ᠪᠦᠮᠪᠦᠷᠴᠡᠭ ᠲᠤ ᠬᠠᠨᠳᠤᠭᠤᠯᠤᠨ ᠨᠡᠶᠢᠲᠡᠯᠡᠪᠡ᠃ | ᠤᠶᠤᠨ ᠤ ᠬᠥᠮᠥᠷᠭᠡ ᠶᠢᠨ ᠮᠡᠳᠡᠭᠦᠯᠦᠯᠲᠡ ᠳᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭᠠᠨ ᠤ ᠴᠠᠭ ᠦᠶ᠎ᠡ ᠶᠢᠨ ᠠᠬᠤᠢ ᠪᠠᠶᠢᠳᠠᠯ ᠬᠢᠭᠡᠳ ᠡᠯᠪᠡᠭ ᠪᠠᠶᠠᠯᠢᠭ ᠠᠭᠤᠯᠬᠤᠨ ᠢ ᠭᠦᠨᠵᠡᠭᠡᠢ ᠲᠠᠶᠢᠯᠪᠤᠷᠢᠯᠠᠵᠤ᠂ ᠠᠮᠢ | ᠠᠬᠤᠢ ᠶᠢᠨ ᠪᠣᠯᠪᠠᠰᠤᠨ ᠢ ᠪᠦᠲᠦᠭᠡᠨ ᠪᠠᠶᠢᠭᠤᠯᠵᠤ ᠪᠠᠶᠢᠭ᠎ᠠ ᠳᠤᠮᠳᠠᠳᠤ ᠤᠯᠤᠰ ᠤᠨ ᠦᠢᠯᠡᠳᠦᠯᠭᠡ ᠶᠢ ᠳ᠋ᠦᠩᠨᠡᠵᠦ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠡᠶᠡᠯᠡᠭᠦᠯᠬᠦ ᠪᠠᠶᠢᠭᠤᠯᠤᠯ ᠤᠨ ᠪᠠᠲᠤᠯᠠᠭ᠎ᠠ ᠶᠢ ᠲᠣᠳᠣᠷᠬᠠᠶᠢᠯᠠᠨ ᠥᠭᠦᠯᠡᠵᠦ᠂ | ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠬᠤ ᠳᠤᠮᠳᠠᠳᠤ ᠤᠯᠤᠰ ᠤᠨ | ᠤᠶᠤᠨ ᠤᠬᠠᠭᠠᠨ ᠢ ᠬᠠᠷᠠᠭᠤᠯᠵᠠᠢ᠃ | |