ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ 2024 ᠣᠨ ᠤ ᠨᠠᠮ ᠤᠨ ᠠᠵᠢᠯ ᠤᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/11/4
     ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ︽7.9︾ ᠤ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠪᠦᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠳᠤ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ  ᠶᠢ ᠦᠷᠭᠦᠯᠵᠢᠯᠡᠨ ᠠᠬᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯᠲᠠᠳ ᠤᠨ ᠴᠢᠳᠠᠪᠤᠷᠢ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠶᠢ ᠠᠬᠢᠭᠤᠯᠬᠤ ᠶᠢᠨ ᠲᠦᠯᠤᠬᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ10 ᠳ᠋ᠤᠭᠠᠷ ᠰᠠᠷ᠎ᠠ ᠶᠢᠨ 30 ᠤ ᠠᠴᠠ 11 ᠳ᠋ᠤᠬᠡᠷ ᠰᠠᠷ᠎ᠠ ᠶᠢᠨ 1 ᠳᠤ  ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ 2024 ᠣᠨ ᠤ ᠨᠠᠮ ᠤᠨ ᠠᠵᠢᠯ ᠤᠨ ᠪᠣᠯᠪᠠᠰᠤᠷᠠᠯ ᠡᠷᠭᠢᠯᠡᠪᠡ᠃    ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠢ ᠲᠤᠰᠢᠶᠠᠯᠲᠤ ᠳᠡᠳ᠋ ᠱᠦᠵᠢ ᠴᠢᠶᠣᠤ ᠯᠢ ᠷᠦᠩ ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠪᠡ᠃ ᠪᠣᠯᠪᠠᠰᠤᠷᠠᠯ ᠲᠡᠬᠡᠷ᠎ᠡ ᠨᠢᠭᠡ ᠳᠤ᠂ ᠦᠵᠡᠯ ᠰᠠᠨᠠᠭ᠎ᠠ ᠪᠠᠨ ᠨᠢᠭᠡᠳᠬᠡᠵᠦ ᠲᠠᠨᠢᠯᠲᠠ ᠪᠠᠨ ᠳᠡᠭᠡᠭᠰᠢᠯᠡᠭᠦᠯᠵᠦ ᠰᠤᠷᠤᠯᠴᠠᠯᠭ᠎ᠠ ᠪᠣᠯᠪᠠᠰᠤᠷᠠᠯ ᠤᠨ ᠤᠬᠠᠮᠰᠠᠷᠲᠤ ᠴᠢᠨᠠᠷ ᠪᠣᠯᠣᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ ᠨᠠᠮ ᠤᠨ ᠪᠠᠶᠢᠭᠤᠯᠤᠯᠲᠠ ᠶᠢᠨ ᠮᠡᠳᠡᠯᠭᠡ ᠪᠠᠨ ᠰᠢᠨᠡᠳᠬᠡᠵᠦ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠡᠭᠡᠭᠰᠢᠯᠡᠬᠦᠯᠤᠬᠡᠳ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠪᠣᠳᠠᠲᠠᠢ ᠱᠠᠭᠠᠷᠳᠠᠯᠭ᠎ᠠ ᠶᠢ ᠦᠨᠳᠦᠰᠦᠨ ᠱᠠᠲᠤᠨ ᠳᠤ ᠰᠠᠶᠢᠲᠤᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ ᠰᠣᠷᠣᠭᠰᠠᠨ ᠢᠶᠠᠨ ᠬᠡᠷᠡᠭᠯᠡᠵᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠠᠷᠭ᠎ᠠ ᠳᠡᠮ ᠢ ᠰᠠᠶᠢᠲᠤᠷ ᠡᠵᠡᠮᠰᠢᠵᠦ᠂ ᠬᠠᠷᠠᠯᠲᠠ ᠲᠣᠭᠲᠠᠭᠠᠬᠤ ᠪᠠ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠤᠶᠠᠯᠳᠤᠭᠤᠯᠬᠤ ᠬᠡᠷᠡᠭᠲᠡᠢ᠃ ᠨᠠᠷᠢᠨ ᠬᠢᠨᠠᠮᠠᠭᠠᠢ ᠲᠥᠯᠥᠪᠵᠢᠭᠦᠯᠵᠦ  ᠦᠷᠭᠦᠯᠵᠢᠯᠡᠨ ᠠᠬᠢᠭᠤᠯᠤᠭᠠᠳ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠬᠤ ᠬᠡᠷᠡᠭᠲᠡᠢ᠃ ᠤᠬᠠᠮᠰᠠᠷ ᠠᠴᠠ ᠪᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠡᠷᠡᠰ ᠪᠠᠲᠤ ᠰᠢᠲᠦᠭᠴᠢ᠂ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ᠃ ᠭᠤᠷᠪᠠ ᠳᠤ᠂ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ ᠪᠡᠶ᠎ᠡ ᠪᠠᠨ ᠴᠢᠩᠭ᠎ᠠ ᠱᠠᠭᠠᠷᠳᠠᠵᠤ  ᠲᠠᠶᠢᠪᠤᠭᠤᠬᠠᠨ  ᠰᠤᠷᠤᠯᠴᠠᠵᠤ  ᠰᠤᠷᠤᠯᠴᠠᠪᠠᠯ ᠣᠯᠣᠯᠲᠠ ᠲᠠᠢ ᠪᠣᠯᠬᠤ ᠬᠡᠷᠡᠭᠲᠡᠢ᠃ ᠣᠨᠣᠯ ᠢ ᠪᠣᠳᠠᠲᠠᠢ ᠲᠠᠢ ᠤᠶᠠᠯᠳᠤᠭᠤᠯᠬᠤ ᠰᠢᠯᠢᠳᠡᠭ ᠤᠯᠠᠮᠵᠢᠯᠠᠯ ᠢ ᠭᠦᠢᠴᠡᠳ ᠪᠠᠳᠠᠷᠠᠭᠤᠯᠵᠤ᠂ ᠠᠰᠠᠭᠤᠳᠠᠯ ᠳᠤ ᠴᠢᠭᠯᠡᠭᠦᠯᠦᠨ ᠭᠦᠨᠵᠡᠭᠡᠢ ᠰᠣᠯᠢᠯᠴᠠᠨ ᠰᠤᠷᠤᠯᠴᠠᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠱᠠᠭᠠᠷᠳᠠᠭᠳᠠᠬᠤ ᠴᠢᠳᠠᠪᠤᠷᠢ ᠪᠣᠯᠣᠨ ᠮᠡᠳᠡᠯᠭᠡ ᠶᠢ ᠡᠵᠡᠮᠰᠢᠵᠦ᠂ ᠪᠣᠯᠪᠠᠰᠤᠷᠠᠯ ᠳᠤ ᠰᠣᠷᠣᠭᠰᠠᠨ ᠮᠡᠳᠡᠯᠭᠡ ᠪᠠᠨ ᠴᠠᠭ ᠲᠤᠬᠠᠢ  ᠳᠤ ᠨᠢ ᠠᠵᠢᠯ ᠤᠨ ᠦᠢᠯᠡᠳᠦᠯᠭᠡ ᠳᠤᠮᠳᠠ ᠪᠠᠨ ᠬᠡᠷᠡᠭᠯᠡᠬᠡᠳ ᠦᠵᠡᠯ ᠰᠠᠨᠠᠭᠠᠨ ᠤ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ᠂ ᠤᠨᠤᠯ ᠤᠨ ᠲᠠᠯ᠎ᠠ ᠪᠠᠷ ᠰᠢᠨ᠎ᠡ ᠣᠯᠣᠯᠲᠠ ᠲᠠᠢ᠂ ᠠᠵᠢᠯ ᠤᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ  ᠪᠤᠯᠤᠭᠠᠳ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠡᠢ᠃    ᠲᠣᠰ ᠪᠣᠯᠪᠠᠰᠤᠷᠠᠯ ᠲᠡᠬᠡᠷ᠎ᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷ ᠤᠨ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠠᠵᠢᠯ ᠢ  ᠢᠯᠡᠵᠢᠬᠦᠯᠬᠦ ᠳᠦᠷᠢᠮ ︵ᠲᠤᠷᠰᠢᠨ ᠬᠡᠷᠡᠭᠵᠢᠭᠦᠯᠬᠦ︶︾ ᠢ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠲᠤᠰᠬᠠᠢ ᠰᠡᠳᠦᠪ ᠢᠶᠠᠷ  ᠵᠢᠯᠤᠭᠤᠳᠴᠤ ᠰᠤᠷᠤᠯᠴᠠᠭᠰᠠᠨ ᠪᠥᠭᠡᠳ ᠤᠯᠠᠭᠠᠨᠴᠠᠪ ᠬᠤᠲᠠ ᠶᠢᠨ ᠮᠦᠽᠧᠢ ᠪᠠ ᠵᠢᠨᠢᠩ ᠤᠨ ᠳᠠᠶᠢᠯᠠᠯᠳᠤᠭᠠᠨ ᠤ ᠣᠷᠳᠣᠨ ᠳᠤ ᠬᠦᠷᠴᠦ ᠨᠠᠮᠴᠢ ᠴᠢᠨᠠᠷ ᠤᠨ ᠬᠥᠮᠦᠵᠢᠯ ᠥᠷᠨᠢᠭᠦᠯᠦᠭᠰᠡᠨ ᠪᠠᠶᠢᠨ᠎ᠠ᠃ ᠲᠤᠰᠬᠠᠢ ᠰᠡᠳᠦᠪ ᠤᠨ ᠲᠠᠶᠢᠯᠤᠮᠵᠢ᠂ ᠵᠢᠱᠢᠶ᠎ᠡ ᠶᠢᠨ ᠵᠠᠳᠠᠯᠤᠯᠲᠠ᠂ ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠪᠣᠳᠠᠲᠠᠢ ᠪᠣᠯᠪᠠᠰᠤᠷᠠᠯ ᠢ ᠴᠢᠩᠭᠠᠳᠬᠠᠬᠰᠠᠨ ᠨᠢ ᠨᠠᠮ ᠤᠨ ᠠᠵᠢᠯ ᠤᠨ ᠠᠵᠢᠯᠲᠠᠳ ᠤᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠬᠤ ᠳᠤ ᠴᠢᠬᠤᠯᠠ ᠠᠴᠢ ᠬᠤᠯᠪᠣᠭᠳᠠᠯ ᠲᠠᠢ ᠪᠤᠯᠬᠤᠷ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠪᠠᠶᠢᠭᠤᠯᠭ᠎ᠠ᠂ ᠰᠢᠭᠤᠳ ᠬᠠᠷᠢᠶ᠎ᠠ ᠨᠢᠬᠡᠴᠢ ᠶᠢᠨ ᠨᠠᠮ ᠤᠨ ᠠᠵᠢᠯ ᠤᠨ ᠺᠠᠳ᠋ᠷ ᠤᠨ ᠤᠨᠤᠯ ᠤᠨ ᠲᠦᠪᠰᠢᠨ ᠪᠣᠯᠣᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ ᠪᠠᠲᠤ ᠴᠢᠩᠭ᠎ᠠ ᠪᠠᠬᠢᠯᠡᠯᠲᠡ ᠶᠢᠨ︽ᠵᠢᠱᠢᠶᠡᠴᠢ︾ ᠨᠠᠮ ᠤᠨ ᠡᠭᠦᠷ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ  ᠠᠬᠢᠭᠤᠯᠤᠬᠰᠠᠨ ᠪᠠᠶᠢᠨ᠎ᠠ᠃    ᠪᠣᠯᠪᠠᠰᠤᠷᠠᠯ ᠳᠤ  ᠤᠷᠤᠯᠴᠠᠬᠰᠠᠳ ᠲᠤᠰ ᠪᠣᠯᠪᠠᠰᠤᠷᠠᠯ ᠤᠨ ᠬᠠᠨᠳᠤᠯᠭᠠᠲᠤ ᠴᠢᠨᠠᠷ᠂ ᠵᠢᠯᠤᠭᠤᠳᠬᠤ ᠴᠢᠨᠠᠷ᠂ ᠪᠣᠳᠠᠲᠠᠢ ᠪᠣᠯᠪᠠᠰᠤᠷᠠᠯ ᠤᠨ ᠴᠢᠨᠠᠷ ᠲᠠᠢ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠴᠢᠷᠮᠠᠶᠢᠨ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠦᠢᠯᠡᠳᠦᠯᠭᠡ ᠶᠢ ᠵᠢᠯᠤᠭᠤᠳᠬᠤ᠂ ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠲᠠᠷᠠᠭᠠᠴᠢ ᠪᠠᠷ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ  ᠪᠤᠯᠭᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ ︽ᠳᠥᠷᠪᠡᠨ ᠢᠲᠡᠭᠡᠯ︾ ᠢᠶᠠᠨ ᠪᠠᠲᠤᠳᠬᠠᠵᠤ  ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠤᠬᠡᠳ ᠡᠯ᠎ᠡ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠴᠢᠷᠮᠠᠶᠢᠨ ᠰᠠᠶᠢᠲᠤᠷ ᠠᠳᠬᠤᠵᠤ ᠨᠠᠮ ᠤᠨ ᠠᠵᠢᠯ ᠤᠨ ᠺᠠᠳ᠋ᠷᠴᠤᠳ ᠤᠨ ᠬᠠᠮᠢᠶᠠᠷᠤᠯᠲᠠ ᠪᠠ ᠪᠣᠯᠪᠠᠰᠤᠷᠠᠯ ᠢ ᠴᠢᠩᠭᠠᠳᠬᠠᠵᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠪᠠ  ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠠᠷᠠᠳ ᠤᠨ ᠶᠠᠪᠤᠳᠠᠯ ᠤᠨ ᠥᠨᠳᠥᠷ ᠬᠡᠪ ᠴᠢᠨᠠᠷ ᠪᠠ ᠲᠤᠰᠬᠠᠶᠢᠵᠢᠭᠰᠠᠨ ᠨᠠᠮ ᠤᠨ ᠠᠵᠢᠯ ᠤᠨ ᠺᠠᠳ᠋ᠷᠴᠤᠳ ᠤᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠤᠭᠠᠳ ᠨᠠᠮ ᠤᠨ ᠠᠵᠢᠯ ᠤᠨ ᠺᠠᠳ᠋ᠷᠴᠤᠳ ᠢ ᠤᠯᠤᠰ ᠲᠦᠷᠦ ᠶᠢᠨ ᠲᠠᠯ᠎ᠠ ᠪᠠᠷ ᠮᠡᠷᠭᠡᠰᠢᠭᠰᠡᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠠᠯ᠎ᠠ ᠪᠠᠷ ᠮᠡᠷᠭᠡᠰᠢᠭᠰᠡᠨ᠂ ᠺᠠᠳ᠋ᠷ ᠠᠵᠢᠯᠲᠠᠨ ᠠᠵᠢᠯᠴᠢᠨ ᠤ ᠳᠣᠲᠣᠨᠣ ᠬᠥᠮᠥᠨ ᠪᠣᠯᠭᠠᠨ ᠬᠦᠮᠤᠵᠢᠬᠦᠯᠬᠦ ᠪᠤᠯᠤᠨ᠎ᠠ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号