ᠠᠷᠠᠳ ᠤᠨ ᠶᠠᠪᠤᠳᠠᠯ ᠤᠨ  ᠰᠢᠭᠤᠷᠬᠠᠢ ᠮᠡᠳᠡᠭᠡ 11.5
ᠨᠡᠶᠢᠲᠡᠯᠡᠭᠰᠡᠨ ᠴᠠᠭ᠄
2024/11/6
ᠠᠷᠠᠳ ᠤᠨ ᠶᠠᠪᠤᠳᠠᠯ ᠤᠨ ᠶᠠᠮᠤᠨ     ᠠᠷᠠᠳ ᠤᠨ ᠶᠠᠪᠤᠳᠠᠯ ᠤᠨ ᠶᠠᠮᠤᠨ ᠤ ᠬᠢᠨ ᠤᠷᠴᠢᠮ ᠳᠤ ︽ᠵᠠᠶᠢᠯᠠᠰᠢ ᠦᠭᠡᠢ ᠵᠠᠷᠤᠯᠭ᠎ᠠ ᠶᠢᠨ ᠬᠦᠴᠢᠷᠳᠡᠯ ᠲᠠᠢ ᠭᠡᠷ ᠪᠦᠯᠢ ᠶᠢ ᠮᠠᠭᠠᠳᠯᠠᠨ ᠲᠣᠭᠲᠠᠭᠠᠬᠤ ᠠᠷᠭ᠎ᠠ︾ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠪᠠ ᠵᠠᠶᠢᠯᠠᠰᠢ ᠦᠭᠡᠢ ᠵᠠᠷᠤᠯᠭ᠎ᠠ ᠶᠢᠨ ᠪᠥᠬᠦ ᠲᠤᠭ᠎ᠠ ᠶᠢᠨ ᠡᠵᠡᠯᠡᠬᠦ ᠬᠠᠷᠢᠴᠠᠯ ᠤᠨ ᠨᠥᠬᠦᠴᠡᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠤᠨ ᠨᠥᠬᠦᠴᠡᠯ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ ᠭᠡᠷ ᠪᠦᠯᠢ ᠶᠢ ᠮᠠᠭᠠᠳᠯᠠᠨ ᠲᠣᠭᠲᠠᠭᠠᠬᠤ ᠨᠥᠬᠦᠴᠡᠯ ᠢᠶᠠᠷ ᠯᠠᠪᠯᠠᠯᠲᠠ ᠪᠣᠯᠭᠠᠬᠤ ᠪᠤᠶᠤ ᠵᠣᠬᠢᠰᠲᠠᠢ ᠪᠠᠷ ᠠᠭᠤᠵᠢᠭᠤ ᠲᠠᠯᠪᠢᠵᠤ ᠪᠤᠯᠬᠤ ᠠᠵᠢ᠃ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ     ᠬᠥᠯᠥᠨ ᠪᠤᠶᠢᠷ ᠤᠨ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠬᠤᠳᠠ ᠶᠢᠨ ᠲᠤᠰ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠠᠮ ᠤᠨ ᠵᠣᠬᠢᠶᠠᠨ ᠪᠠᠶᠢᠭᠤᠯᠤᠯᠲᠠ ᠶᠢᠨ ︽ᠨᠠᠢᠮᠠ ᠶᠢ ᠪᠦᠷᠢᠳᠦᠭᠦᠯᠬᠦ︾ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠬᠤᠷᠠᠯ ᠢ ᠬᠤᠷᠠᠯᠳᠤᠭᠤᠯᠪᠠ᠃ ᠬᠤᠷᠠᠯᠳᠤᠭᠠᠨ ᠠᠴᠠ 8 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ︽ᠨᠠᠢᠮᠠ ᠶᠢ ᠪᠦᠷᠢᠳᠦᠭᠦᠯᠦᠭᠰᠡᠨ︾ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠬᠢᠬᠦ ᠶᠢ ᠲᠡᠳᠬᠦᠨ ᠳᠡᠮᠵᠢᠬᠦ ᠶᠢᠨ ᠬᠠᠮᠲᠤ ᠬᠤᠲᠠ ᠶᠢᠨ ᠲᠤᠰ ᠱᠠᠲᠤᠨ ᠤ 33 ᠲᠤᠰᠬᠠᠢ ᠲᠤᠰᠢᠶᠠᠯᠲᠤ ᠨᠠᠮ ᠤᠨ ᠠᠵᠢᠯᠲᠠᠨ ᠳᠤ ᠨᠥᠬᠦᠪᠦᠷᠢ ᠣᠯᠭᠤᠵᠤ᠂ ᠨᠠᠮ ᠤᠨ ᠪᠠᠶᠢᠭᠤᠯᠤᠯᠲᠠ ᠶᠢᠨ ᠦᠯᠢᠭᠡᠷ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠬᠦ᠂ ᠨᠠᠮ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠠᠬᠢ ᠤᠳᠤᠷᠢᠳᠤᠯᠭ᠎ᠠ ᠶᠢ ᠴᠢᠩᠭᠠᠳᠬᠠᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠯᠢᠭ ᠬᠦᠴᠦᠨ ᠢ ᠬᠥᠭᠵᠢᠭᠡᠬᠦ ᠳᠤ ᠰᠠᠭᠤᠷᠢ ᠲᠠᠯᠪᠢᠵᠤ ᠥᠭᠬᠦ ᠪᠠᠷ ᠲᠣᠭᠲᠠᠪᠠ᠃ᠨᠡᠶᠢᠭᠡᠮ ᠤᠨ ᠶᠠᠪᠤᠳᠠᠯ     ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠤᠶᠤᠨ ᠤ ᠰᠠᠭᠠᠳ  ᠲᠠᠢ ᠬᠦᠮᠦᠰ ᠢ ᠡᠷᠡᠬᠦᠯᠵᠢᠬᠦᠯᠬᠦ ᠶᠢ ᠠᠭᠤᠰᠤᠯᠴᠠᠭᠤᠯᠬᠤ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠠᠵᠢᠯ ᠢ ᠶᠢ ᠤᠯᠠᠮ ᠨᠢᠭᠡ ᠠᠯᠬᠤᠮ  ᠠᠬᠢᠭᠤᠯᠵᠤ᠂ ᠣᠶᠤᠨ ᠮᠡᠳᠡᠷᠡᠯ ᠤᠨ ᠰᠠᠭᠠᠳ ᠲᠠᠢ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ  ᠰᠢᠰᠲ᠋ᠧᠮ ᠲᠦᠷᠭᠡᠳᠬᠡᠨ  ᠪᠠᠶᠢᠭᠤᠯᠵᠤ ᠪᠠᠶᠢᠨ᠎ᠠ᠃ ᠣᠲᠣ ᠪᠣᠯᠲᠠᠯ᠎ᠠ ᠪᠥᠬᠦ ᠠᠶᠢᠮᠠᠭ ᠲᠤ ᠣᠲᠣ ᠣᠶᠤᠨ ᠤ ᠰᠠᠭᠠᠳ ᠲᠠᠢ ᠬᠦᠮᠦᠰ ᠢ ᠡᠷᠡᠬᠦᠯᠵᠢᠬᠦᠯᠬᠦ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠥᠷᠲᠡᠭᠡ 13 ᠪᠠᠶᠢᠵᠤ᠂ ᠬᠤᠰᠢᠭᠤ ᠰᠢᠶᠠᠨ ᠬᠤᠲᠠ ︵ᠲᠣᠭᠤᠷᠢᠭ︶ ᠳᠤ ᠣᠶᠤᠨ  ᠤ ᠰᠠᠭᠠᠳ  ᠲᠠᠢ ᠬᠦᠮᠦᠰ ᠢ ᠡᠷᠡᠬᠦᠯᠵᠢᠬᠦᠯᠬᠦ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡ ᠶᠢ 68 ᠤᠳᠠᠭ᠎ᠠ ᠥᠷᠨᠢᠭᠦᠯᠵᠦ᠂ ᠣᠶᠤᠨ  ᠤ ᠰᠠᠭᠠᠳ ᠲᠠᠢ ᠡᠪᠡᠳᠴᠢᠲᠡᠨ ᠳᠤ 944 ᠤᠳᠠᠭ᠎ᠠ ᠦᠢᠯᠡᠴᠢᠯᠡᠵᠦ᠂ ᠡᠷᠡᠭᠦᠯᠵᠢᠯ ᠤᠨ ᠦᠢᠯᠡᠴᠢᠯᠡᠭᠡᠨ ᠤ ᠡᠲᠡᠭᠡᠳ ᠤᠨ ᠦᠢᠯᠡᠴᠢᠯᠡᠭᠡ ᠬᠦᠯᠢᠶᠡᠭᠰᠡᠨ ᠨᠣᠷᠮ᠎ᠠ 60% ᠳᠤ ᠬᠥᠷᠪᠡ᠃ᠨᠠᠰᠤᠵᠢᠯ ᠤᠨ ᠦᠢᠯᠡᠴᠢᠯᠡᠭᠡ    ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠮᠥᠩᠭᠦᠨ ᠵᠢᠯ ᠤᠨ ᠠᠵᠢᠯᠯᠠᠭ᠎ᠠ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠲᠠ ᠶᠢᠨ ᠨᠠᠰᠤᠲᠠᠶᠢᠴᠤᠳ ᠤᠨ ᠭᠡᠷ ᠪᠦᠯᠢ ᠶᠢᠨ ᠬᠥᠭᠵᠢᠯᠲᠡ᠂ ᠬᠠᠷᠢᠯᠴᠠᠨ ᠬᠠᠪᠰᠤᠷᠤᠯᠴᠠᠵᠤ ᠨᠠᠰᠤᠲᠠᠨ ᠢ ᠠᠰᠠᠷᠠᠬᠤ᠂ ᠨᠡᠶᠢᠭᠡᠮ ᠲᠣᠭᠤᠷᠢᠭ ᠤᠨ ᠵᠠᠰᠠᠯᠲᠠ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠵᠡᠷᠭᠡ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠦᠳᠡᠯᠤᠬᠡ ᠨᠠᠰᠤᠨ ᠤ ᠢᠯᠴᠢ ᠬᠡᠷᠡᠯ ᠪᠠᠳᠠᠷᠠᠭᠤᠯᠬᠤ ᠶᠢᠨ ᠬᠠᠮᠲᠤ ᠬᠤᠪᠢ ᠬᠥᠮᠥᠨ ᠤ ᠦᠨ᠎ᠡ ᠥᠷᠲᠡᠭ ᠢ ᠪᠡᠶᠡᠯᠡᠭᠦᠯᠵᠦ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠳᠠᠮᠵᠢᠭᠤᠯᠤᠨ ᠬᠠᠮᠤᠷᠬᠤ ᠬᠡᠪᠴᠢᠶ᠎ᠡ ᠪᠠᠷ ᠥᠷᠭᠡᠨ᠂ ᠲᠡᠰ ᠳᠠᠪᠬᠤᠷᠭ᠎ᠠ ᠪᠠᠷ ᠣᠯᠠᠨ ᠶᠠᠩᠵᠤ ᠶᠢᠨ᠂ ᠥᠨᠳᠥᠷ ᠪᠦᠲᠦᠮᠵᠢᠲᠡᠶ ᠪᠥᠭᠡᠳ ᠲᠤᠰᠠᠲᠠᠢ ᠦᠢᠯᠡᠴᠢᠯᠡᠭᠡᠨ ᠤ ᠲᠠᠪᠴᠠᠩ ᠢ ᠪᠠᠶᠢᠭᠤᠯᠵᠤ ᠨᠠᠰᠤᠲᠠᠶᠢᠴᠤᠳ ᠢ ᠵᠣᠬᠢᠶᠠᠨ ᠪᠠᠶᠢᠭᠤᠯᠤᠨ ᠬᠠᠨᠳᠤᠯᠭᠠᠲᠤ ᠴᠢᠨᠠᠷᠲᠠᠢ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠤᠬᠡᠳ ︽ᠨᠠᠰᠤᠲᠠᠶᠢᠴᠤᠳ ᠢ ᠬᠦᠨᠳᠦᠯᠡᠬᠦ ᠰᠠᠷ᠎ᠠ︾ ᠶᠢᠨ ᠬᠤᠭᠤᠴᠠᠭᠠᠨ ᠳᠤ ᠪᠥᠬᠦ ᠬᠤᠲᠠ ᠳᠤ ᠨᠠᠰᠤᠲᠠᠶᠢᠴᠤᠳ ᠲᠤ ᠦᠢᠯᠡᠴᠢᠯᠡᠬᠦ ᠠᠵᠢᠯᠯᠠᠭ᠎ᠠ ᠶᠢ 53 ᠤᠳᠠᠭ᠎ᠠ ᠥᠷᠨᠢᠭᠦᠯᠪᠡ᠃ᠬᠡᠦᠬᠡᠳ ᠤᠨ ᠠᠰᠠᠷᠠᠮᠵᠢ      ᠪᠤᠭᠤᠲᠤ ᠬᠤᠲᠠ ᠶᠢᠨ ᠬᠢᠨ ᠤᠷᠴᠢᠮ ᠳᠤ ᠬᠡᠦᠬᠡᠳ ᠤᠨ ᠠᠰᠠᠷᠠᠮᠵᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠪᠡ᠃ ᠬᠡᠦᠬᠡᠳ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ᠂ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ ᠵᠡᠷᠭᠡ ᠶᠢᠨ ᠲᠣᠭᠤᠷᠢᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠥᠷᠨᠢᠭᠦᠯᠬᠦ ᠶᠢᠨ ᠬᠠᠮᠲᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ ᠤᠨ ᠮᠡᠳᠡᠭᠡ ᠵᠠᠩᠭᠢ ᠶᠢᠨ ᠰᠢᠰᠲ᠋ᠧᠮ᠂ ᠬᠡᠦᠬᠡᠳ ᠤᠨ ᠡᠷᠬᠢᠯᠡᠭᠴᠢ ᠶᠢᠨ ᠵᠢᠵᠢᠭ ᠫᠷᠣᠭ᠍ᠷᠠᠮ ᠤᠨ ᠦᠵᠦᠭᠦᠷ ᠵᠡᠷᠭᠡ ᠶᠢᠨ ᠬᠡᠷᠡᠭᠯᠡᠯᠲᠡ ᠳᠤ ᠵᠢᠯᠣᠭᠤᠳᠤᠯᠭ᠎ᠠ ᠬᠢᠵᠦ᠂ ᠪᠤᠭᠤᠲᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠡᠦᠬᠡᠳ ᠤᠨ ᠠᠰᠠᠷᠠᠮᠵᠢ ᠶᠢᠨ ᠠᠵᠢᠯᠲᠠᠨ 500 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号