ᠠᠷᠠᠳ ᠤᠨ ᠶᠠᠪᠤᠳᠠᠯ ᠤᠨ ᠶᠠᠮᠤᠨ | | ᠠᠷᠠᠳ ᠤᠨ ᠶᠠᠪᠤᠳᠠᠯ ᠤᠨ ᠶᠠᠮᠤᠨ ᠤ ᠬᠢᠨ ᠤᠷᠴᠢᠮ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ᠲᠣᠰ | ᠡᠳᠦᠷ ᠠᠴᠠ ᠡᠬᠢᠯᠡᠨ 2025 ᠣᠨ ᠤ 3 ᠰᠠᠷ᠎ᠠ ᠶᠢᠨ 15 ᠤ ᠡᠳᠦᠷ ︵ᠵᠡᠭᠦᠨ ᠬᠤᠶᠢᠲᠤ ᠣᠷᠣᠨ᠂ ᠪᠠᠷᠠᠭᠤᠨ | ᠬᠤᠶᠢᠲᠤ ᠣᠷᠣᠨ 3 ᠰᠠᠷ᠎ᠠ ᠶᠢᠨ 31 ᠤ ᠡᠳᠦᠷ ᠪᠣᠯᠲᠠᠯ᠎ᠠ ᠤᠷᠲᠤᠳᠬᠠᠨ᠎ᠠ︶ ᠪᠥᠬᠦ ᠤᠯᠤᠰ ᠤᠨ ᠬᠡᠪᠴᠢᠶᠡᠨ ᠳᠤ ︽ | ᠬᠠᠬᠢᠷ ᠡᠪᠦᠯ ᠤᠯᠠᠷᠢᠯ ᠳᠤ ᠬᠠᠯᠠᠮᠵᠢ ᠬᠦᠷᠭᠡᠬᠦ︾ ᠲᠤᠰᠬᠠᠢ ᠲᠤᠰᠠᠯᠠᠮᠵᠢ ᠶᠢᠨ ᠠᠵᠢᠯᠯᠠᠭ᠎ᠠ ᠥᠷᠨᠢᠭᠦᠯᠦᠨ᠎ᠡ ᠭᠡᠵᠡᠢ᠃ | ᠠᠷᠠᠳ ᠤᠨ ᠶᠠᠪᠤᠳᠠᠯ ᠤᠨ ᠶᠠᠮᠤᠨ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠪᠠ ᠲᠤᠰᠠᠯᠠᠮᠵᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠲᠤᠰᠠᠯᠠᠮᠵᠢ ᠶᠢᠨ ᠬᠠᠮᠢᠶᠠᠷᠤᠯᠲᠠ ᠶᠢᠨ | ᠠᠵᠢᠯ ᠤᠨ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ | ᠳᠣᠲᠣᠭᠠᠳᠤ ᠶᠢ ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ | ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ ᠵᠡᠭᠡᠯᠢ ᠭᠤᠳᠤᠮᠵᠢ ᠪᠠᠷ ᠢᠳᠬᠠᠨ ᠰᠤᠷᠭᠠᠬᠤ ᠠᠵᠢᠯ ᠢ | ᠬᠠᠮᠲᠤᠷᠠᠨ ᠥᠷᠨᠢᠭᠦᠯᠬᠦ ᠬᠡᠷᠡᠭᠲᠡᠢ ᠬᠡᠵᠡᠢ᠃ | | | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ | | | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠪᠥᠬᠦ | ᠣᠷᠣᠨ ᠤ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠷᠰᠢᠯᠭ᠎ᠠ ᠶᠢ | ᠪᠣᠯᠪᠠᠰᠤᠷᠠᠯ ᠤᠨ ᠠᠩᠭᠢ ᠳᠤ ᠲᠤᠬᠠᠢ ᠶᠢᠨ ᠲᠠᠯᠠᠪᠤᠷ ᠲᠤ ᠵᠢᠭᠠᠨ ᠰᠤᠷᠭᠠᠬᠤ᠂ ᠲᠤᠷᠰᠢᠯᠭ᠎ᠠ ᠪᠠᠨ ᠬᠤᠪᠢᠶᠠᠯᠴᠠᠨ | ᠡᠳ᠋ᠯᠡᠬᠦ ᠪᠠ ᠶᠠᠷᠢᠯᠴᠠᠨ ᠰᠣᠯᠢᠯᠴᠠᠬᠤ ᠠᠷᠭ᠎ᠠ ᠪᠠᠷ ᠬᠢᠴᠢᠶᠡᠯ ᠤᠷᠤᠵᠤ ᠬᠥᠳᠡᠭᠡ ᠲᠣᠰᠬᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠨᠡᠶᠢᠲᠡᠯᠢᠭ ᠵᠢᠱᠢᠶ᠎ᠡ ᠶᠢᠨ | ᠵᠠᠳᠠᠯᠤᠯᠲᠠ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ᠂ ᠨᠠᠰᠤᠲᠠᠶᠢᠴᠤᠳ ᠤᠨ ᠴᠢᠳᠠᠪᠤᠷᠢ ᠶᠢ | ᠦᠨᠡᠯᠡᠬᠦ ᠵᠡᠷᠭᠡ ᠶᠢ ᠪᠠᠭᠲᠠᠭᠠᠵᠤ᠂ ᠰᠤᠷᠤᠯᠴᠠᠬᠤ ᠬᠡᠯᠪᠡᠷᠢ ᠶᠢ ᠪᠠᠶᠠᠯᠢᠭᠵᠢᠭᠤᠯᠤᠨ᠂ ᠪᠣᠯᠪᠠᠰᠤᠷᠠᠯ ᠤᠨ ᠦᠷ᠎ᠡ ᠠᠰᠢᠭ | ᠢ ᠲᠡᠭᠡᠭᠰᠢᠯᠡᠬᠦᠯᠦᠭᠰᠡᠨ ᠪᠠᠶᠢᠨ᠎ᠠ᠃ | | | ᠨᠡᠶᠢᠭᠡᠮ ᠤᠨ ᠲᠤᠰᠠᠯᠠᠮᠵᠢ | | | ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠦᠴᠢᠷᠳᠡᠯᠲᠡᠢ ᠣᠯᠠᠨ | ᠲᠦᠮᠡᠨ ᠢ ᠤᠳᠠᠰᠤ ᠪᠠᠷ ᠰᠤᠷᠪᠤᠯᠵᠢᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠪᠥᠬᠦ ᠬᠤᠲᠠ ᠶᠢᠨ ᠨᠠᠭᠠᠲᠤ | ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠢ ᠲᠣᠭᠲᠠᠮᠠᠯ ᠬᠤᠭᠤᠴᠠᠭ᠎ᠠ ᠲᠠᠢ ᠪᠠᠷ ᠤᠳᠠᠰᠤ ᠪᠠᠷ ᠰᠤᠷᠪᠤᠯᠵᠢᠯᠠᠬᠤ ᠪᠠᠷ | ᠳᠠᠮᠵᠢᠭᠤᠯᠤᠨ᠂ ᠨᠡᠶᠢᠭᠡᠮ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠴᠠᠭ ᠲᠤᠬᠠᠢ ᠳᠤ ᠨᠢ ᠡᠵᠡᠮᠰᠢᠵᠦ᠂ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠪᠤᠯᠤᠨ | ᠨᠡᠶᠢᠭᠡᠮ ᠤᠨ ᠲᠤᠰᠠᠯᠠᠮᠵᠢ ᠶᠢᠨ ᠠᠵᠢᠯ ᠤᠨ ᠲᠤᠬᠠᠢ ᠰᠠᠨᠠᠯ ᠪᠠ ᠰᠠᠨᠠᠭᠤᠯᠭ᠎ᠠ ᠵᠡᠷᠭᠡ ᠶᠢ ᠣᠶᠢᠯᠠᠭᠠᠪᠠ᠃ ᠣᠲᠣ | ᠪᠣᠯᠲᠠᠯ᠎ᠠ ᠤᠲᠠᠰᠤ ᠪᠠᠷ ᠨᠠᠭᠠᠲᠤ ᠵᠠᠬ᠎ᠠ ᠶᠢᠨ ᠪᠠᠲᠤᠯᠠᠭ᠎ᠠ ᠬᠦᠷᠳᠡᠭᠴᠢ ᠶᠢ 364 ᠤᠳᠠᠭ᠎ᠠ ᠰᠤᠷᠪᠤᠯᠵᠢᠯᠠᠭᠰᠠᠨ ᠤ | ᠬᠠᠮᠲᠤ ᠪᠥᠬᠦ ᠬᠤᠲᠠ ᠶᠢᠨ ᠨᠡᠶᠢᠭᠡᠮ ᠤᠨ ᠲᠤᠰᠠᠯᠠᠮᠵᠢ ᠶᠢᠨ ᠪᠠᠶᠢᠡᠭᠭᠤ ᠶᠢᠨ ᠤᠲᠠᠰᠤᠨ ᠤ ᠰᠠᠭᠠᠳ ᠦᠭᠡᠢ ᠪᠥᠭᠡᠳ | ᠪᠦᠲᠦᠮᠵᠢᠲᠡᠶ ᠪᠠᠶᠢᠳᠠᠯ ᠢ 453 ᠤᠳᠠᠭ᠎ᠠ ᠰᠤᠭᠤᠴᠢᠨ ᠪᠠᠶᠢᠴᠠᠭᠠᠪᠠ᠃ | | ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ︽ᠥᠪᠥᠷ | ᠮᠣᠩᠭᠤᠯ ᠤᠨ ᠲᠤᠰᠠᠯᠠᠮᠵᠢ ᠶᠢᠨ ᠰᠤᠹᠲ︾ ᠲᠠᠪᠴᠠᠩ ᠳᠤ ᠲᠦᠰᠢᠭᠯᠡᠨ᠂ ᠨᠢᠭᠡ ᠲᠥᠷᠥᠯ ᠤᠨ ᠭᠥᠯᠢᠶᠡᠨ ᠠᠪᠴᠤ | ᠰᠢᠢᠳᠪᠦᠷᠢᠯᠡᠬᠦ ᠰᠢᠰᠲ᠋ᠧᠮ᠂ ᠨᠡᠶᠢᠭᠡᠮ ᠤᠨ ᠲᠤᠰᠠᠯᠠᠮᠵᠢ ᠬᠦᠷᠳᠡᠬᠦ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ | ᠬᠠᠷᠭᠤᠭᠤᠯᠤᠨ ᠪᠠᠶᠢᠴᠠᠭᠠᠬᠤ ᠰᠢᠰᠲ᠋ᠧᠮ᠂ ᠨᠡᠶᠢᠭᠡᠮ ᠤᠨ ᠲᠤᠰᠠᠯᠠᠮᠵᠢ ᠶᠢᠨ ᠰᠢᠰᠲ᠋ᠧᠮ ᠪᠠ ᠨᠡᠶᠢᠭᠡᠮ ᠤᠨ ᠲᠤᠰᠠᠯᠠᠮᠵᠢ | ᠶᠢᠨ ᠰᠢᠯᠵᠢᠮᠡᠯ ᠬᠤᠯᠪᠤᠭ᠎ᠠ ᠶᠢᠨ ᠣᠯᠠᠨ ᠵᠦᠢᠯ ᠤᠨ ᠴᠢᠳᠠᠮᠵᠢ ᠶᠢ ᠡᠮᠬᠢᠯᠡᠬᠡᠳ ᠨᠡᠶᠢᠭᠡᠮ ᠤᠨ ᠲᠤᠰᠠᠯᠠᠮᠵᠢ ᠶᠢᠨ ︽ | ᠠᠯᠠᠭᠠᠨ ᠬᠦᠢᠴᠡᠳᠬᠡᠬᠦ︾ ︽ᠬᠤᠷᠤᠭᠤᠨ ᠤ ᠦᠨᠳᠡᠭᠡ ᠪᠠᠷ ᠬᠦᠢᠴᠡᠳᠬᠡᠬᠦ ︾ ᠢ ᠪᠡᠶᠡᠯᠡᠭᠦᠯᠬᠦ ᠠᠵᠢᠯ ᠢ | ᠤᠷᠤᠬᠰᠢᠳᠠᠢ ᠠᠬᠢᠭᠤᠯᠤᠬᠰᠠᠨ ᠪᠠᠶᠢᠨ᠎ᠠ᠃ ᠣᠲᠣ ᠪᠣᠯᠲᠠᠯ᠎ᠠ᠂ ᠪᠥᠬᠦ ᠬᠤᠲᠠ ᠶᠢᠨ 1807 ᠬᠥᠮᠥᠨ ︽ᠥᠪᠥᠷ | ᠮᠣᠩᠭᠤᠯ ᠤᠨ ᠲᠤᠰᠠᠯᠠᠮᠵᠢ ᠶᠢᠨ ᠰᠤᠹᠲ︾ ᠢ ᠠᠰᠢᠬᠯᠠᠨ ᠨᠡᠶᠢᠭᠡᠮ ᠤᠨ ᠲᠤᠰᠠᠯᠠᠮᠵᠢ ᠶᠢᠨ ᠭᠤᠶᠤᠴᠢᠯᠠᠯ ᠢᠶᠠᠨ | ᠠᠮᠵᠢᠯᠳᠠ ᠲᠠᠢ ᠪᠠᠷ ᠲᠡᠪᠰᠢᠬᠦᠯᠦᠭᠰᠡᠨ ᠪᠦᠬᠡᠳ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠤᠨ | ᠪᠠᠶᠢᠴᠠᠭᠠᠬᠤ ᠪᠠᠷ ᠳᠡᠮᠵᠢᠨ ᠨᠥᠬᠦᠴᠡᠯ ᠳᠤ ᠨᠡᠶᠢᠴᠡᠬᠦ 149 ᠬᠥᠮᠥᠨ ᠢ ᠪᠠᠲᠤᠯᠠᠭ᠎ᠠ ᠶᠢᠨ ᠬᠡᠪᠴᠢᠶᠡᠨ ᠳᠤ | ᠣᠷᠣᠭᠤᠯᠤᠭᠰᠠᠨ ᠪᠠᠶᠢᠨ᠎ᠠ᠃ | | ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠦᠴᠢᠷᠳᠡᠯᠲᠡᠢ ᠣᠯᠠᠨ ᠲᠦᠮᠡᠨ ᠤ | ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠶᠢᠨ ᠲᠥᠯᠥᠭᠡ ᠭᠤᠣᠯᠳᠠᠯᠭ᠎ᠠ ᠲᠠᠢ ᠬᠦᠴᠢᠷᠳᠡᠯᠲᠡᠢ | ᠣᠯᠠᠨ ᠲᠦᠮᠡᠨ ᠢ ᠪᠠᠶᠢᠴᠠᠭᠠᠨ ᠭᠠᠷᠭᠠᠬᠤ ᠠᠵᠢᠯᠯᠠᠭ᠎ᠠ ᠥᠷᠨᠢᠭᠦᠯᠵᠦ᠂ ᠬᠤᠲᠠ᠂ ᠲᠣᠭᠤᠷᠢᠭ᠂ ᠪᠠᠯᠭᠠᠰᠤ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠨᠡᠶᠢᠭᠡᠮ ᠤᠨ ᠲᠤᠰᠠᠯᠠᠮᠵᠢ ᠶᠢᠨ ᠠᠵᠢᠯᠲᠠᠨ᠂ ᠨᠡᠶᠢᠭᠡᠮ ᠤᠨ | ᠲᠤᠰᠠᠯᠠᠮᠵᠢ ᠶᠢᠨ ᠲᠤᠰᠠᠯᠠᠭᠴᠢ ᠥᠪᠡᠰᠦᠪᠡᠨ ᠳᠤᠯᠠᠭᠠᠯᠠᠵᠤ ᠪᠠᠶᠢᠭ᠎ᠠ ᠲᠠᠷᠠᠬᠠᠢ ᠠᠰᠠᠷᠠᠨ ᠲᠡᠵᠢᠭᠡᠵᠦ ᠪᠠᠶᠢᠭ᠎ᠠ ᠣᠨᠴᠠ | ᠬᠦᠴᠢᠷᠳᠡᠯᠲᠡᠢ ᠬᠥᠮᠥᠰ᠂ ᠬᠥᠳᠡᠯᠵᠦ ᠪᠠᠷᠢᠬᠤ ᠳᠤ ᠳᠥᠭᠦᠮ ᠦᠭᠡᠢ ᠪᠠ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠭᠠᠭᠴᠠᠭᠠᠷ ᠰᠠᠭᠤᠵᠤ ᠪᠠᠶᠢᠭ᠎ᠠ ᠨᠠᠰᠤᠲᠠᠶᠢᠴᠤᠳ ᠢ ᠪᠠᠶᠢᠴᠠᠭᠠᠨ ᠦᠵᠡᠵᠦ ᠨᠡᠭᠦᠷᠡᠰᠦ᠂ ᠴᠠᠬᠢᠯᠭᠠᠨ | ᠢ ᠬᠡᠷᠡᠭᠯᠡᠬᠦ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠪᠠ᠃ ᠣᠲᠣ ᠪᠣᠯᠲᠠᠯ᠎ᠠ ᠪᠥᠬᠦ ᠬᠤᠲᠠ ᠳᠤ | ᠨᠡᠶᠢᠲᠡ 1500 ᠭᠠᠷᠤᠢ ᠬᠦᠴᠢᠷᠳᠡᠯᠲᠡᠢ ᠣᠯᠠᠨ ᠲᠦᠮᠡᠨ ᠢ ᠰᠤᠷᠪᠤᠯᠵᠢᠯᠠᠵᠤ᠂ ᠨᠠᠭᠠᠲᠤ ᠵᠠᠬ᠎ᠠ ᠶᠢᠨ ᠪᠠᠲᠤᠯᠠᠭ᠎ᠠ | ᠭᠥᠷᠳᠡᠵᠦ ᠪᠠᠶᠢᠭ᠎ᠠ ᠭᠡᠷ ᠪᠦᠯᠢ ᠳᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠥᠬᠦᠪᠦᠷᠢ 652 ᠲᠦᠮᠡᠨ | ᠲᠥᠭᠦᠷᠢᠭ ᠢ ᠲᠠᠷᠬᠠᠭᠠᠭᠰᠠᠨ ᠪᠠᠶᠢᠨ᠎ᠠ᠃ | | | | | | | | | | | | |