ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠦᠪᠤᠷ ᠮᠤᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠡᠦᠬᠡᠳ ᠤᠨ ᠠᠵᠢᠯ ᠤᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠦᠯᠤᠬᠡ ᠦᠪᠤᠷ ᠮᠤᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠪᠦᠬᠦ ᠤᠯᠤᠰ ᠤᠨ ᠨᠡᠭᠦᠳᠡᠯ ᠬᠡᠦᠬᠡᠳ ᠪᠠ ᠭᠡᠷ ᠲᠤ ᠪᠠᠨ | ᠬᠤᠴᠣᠷᠤᠭᠰᠠᠨ ᠬᠡᠦᠬᠡᠳ ᠤᠨ ᠡᠷᠬᠡ ᠠᠰᠢᠭ ᠢ ᠪᠠᠲᠤᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ᠠᠷᠠᠳ ᠤᠨ | ᠶᠠᠪᠤᠳᠠᠯ ᠤᠨ ᠶᠠᠮᠤᠨ ᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ 21 ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠢᠨ ᠲᠠᠢ ᠬᠠᠮᠲᠤᠷᠠᠨ ︽ᠨᠡᠬᠦᠳᠡᠯ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠬᠤ | ᠲᠤᠬᠠᠢ ᠬᠡᠷᠡᠭᠵᠢᠭᠦᠯᠬᠦ ᠲᠥᠰᠥᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠳᠡᠯ | ᠬᠡᠦᠬᠡᠳ ᠢ ᠰᠠᠭᠤᠭ᠎ᠠ ᠭᠠᠵᠠᠷ ᠲᠤ ᠨᠢ ᠬᠠᠯᠠᠮᠵᠢᠯᠠᠨ ᠬᠠᠯᠠᠮᠵᠢᠯᠠᠬᠤ ᠦᠢᠯᠡᠴᠢᠯᠡᠭᠡᠨ ᠤ ᠨᠠᠷᠢᠨ ᠬᠠᠭᠤᠳᠠᠰᠤ︾ ᠶᠢ | ᠲᠣᠭᠲᠠᠭᠠᠨ ᠳᠠᠷᠤᠮᠠᠯᠯᠠᠨ ᠲᠠᠷᠬᠠᠭᠠᠪᠠ᠃ | ︽ᠨᠡᠬᠦᠳᠡᠯ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ | ︾ ᠳᠤ ᠭᠤᠣᠯᠳᠠᠭᠤ ᠬᠢᠨᠠᠨ ᠰᠢᠯᠭᠠᠵᠤ ᠪᠠᠶᠢᠴᠠᠭᠠᠨ ᠭᠠᠷᠭᠠᠬᠤ᠂ ᠳᠦᠷᠢᠮ ᠪᠠ ᠠᠷᠭ᠎ᠠ ᠶᠢ ᠲᠡᠭᠦᠯᠳᠡᠷᠵᠢᠭᠦᠯᠬᠦ᠂ | ᠬᠠᠯᠠᠮᠵᠢᠯᠠᠨ ᠬᠠᠮᠠᠭᠠᠯᠠᠬᠤ ᠦᠢᠯᠡᠴᠢᠯᠡᠭᠡ ᠶᠢ ᠴᠢᠩᠭᠠᠳᠬᠠᠬᠤ ᠵᠡᠷᠭᠡ 3 ᠲᠠᠯ᠎ᠠ ᠶᠢᠨ ᠲᠣᠭᠤᠷᠢᠨ ᠳᠤ ᠬᠠᠯᠠᠮᠵᠢᠯᠠᠨ | ᠬᠠᠮᠠᠭᠠᠯᠠᠬᠤ 11 ᠠᠷᠭ᠎ᠠ ᠶᠢ ᠲᠣᠳᠣᠷᠬᠠᠢ ᠲᠣᠭᠲᠠᠭᠠᠪᠠ᠃ ᠬᠢᠨᠠᠨ ᠬᠡᠮᠵᠢᠵᠦ ᠣᠶᠢᠯᠠᠭᠠᠨ ᠵᠢᠭᠰᠠᠭᠠᠬᠤ ᠲᠠᠯ᠎ᠠ ᠪᠠᠷ ︽ | ᠨᠡᠬᠦᠳᠡᠯ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ ︾ ᠳᠤ | ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠠᠷᠢᠴᠠᠭᠤᠯᠤᠯ ᠪᠠ ᠲᠣᠭᠲᠠᠮᠠᠯ | ᠬᠤᠭᠤᠴᠠᠭ᠎ᠠ ᠲᠠᠢ ᠪᠠᠷ ᠬᠢᠨᠠᠨ ᠬᠡᠮᠵᠢᠵᠦ ᠣᠶᠢᠯᠠᠭᠠᠨ ᠵᠢᠭᠰᠠᠭᠠᠬᠤ ᠠᠵᠢᠯ ᠤᠨ ᠲᠣᠭᠲᠠᠴᠠ ᠶᠢ ᠲᠣᠳᠣᠷᠬᠠᠢ | ᠪᠠᠶᠢᠭᠤᠯᠵᠤ᠂ ᠡᠯ᠎ᠡ ᠭᠠᠵᠠᠷ ᠢ ᠵᠢᠯᠣᠭᠤᠳᠤᠨ ᠨᠡᠭᠦᠳᠡᠯ ᠬᠡᠦᠬᠡᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ ᠢ ᠪᠠᠶᠢᠭᠤᠯᠵᠤ᠂ ᠨᠡᠭᠦᠳᠡᠯ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠤᠨ ᠲᠣᠭᠠᠴᠢᠯᠠᠯᠲᠠ᠂ | ᠣᠶᠤᠨᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠳᠦᠷᠢᠮ ᠪᠠ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠬᠦ ᠲᠠᠯ᠎ᠠ ᠪᠠᠷ ︽ᠨᠡᠬᠦᠳᠡᠯ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠢ | ᠬᠡᠷᠡᠭᠵᠢᠭᠦᠯᠬᠦ ᠲᠥᠰᠥᠯ︾ ᠳᠤ ᠭᠤᠣᠯᠳᠠᠭᠤ ᠰᠤᠷᠭᠠᠨ ᠬᠥᠮᠦᠵᠢᠯ ᠤᠨ ᠪᠠᠲᠤᠯᠠᠭ᠎ᠠ ᠶᠢ ᠰᠢᠯᠢᠳᠡᠭᠵᠢᠭᠦᠯᠬᠦ᠂ ᠡᠷᠡᠭᠦᠯ | ᠬᠠᠮᠠᠭᠠᠯᠠᠯ ᠡᠮ ᠡᠮᠨᠡᠯᠭᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠬᠦ᠂ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ | ᠲᠣᠣᠷ ᠢ ᠨᠢᠭᠲᠠ ᠪᠥᠭᠡᠳ ᠪᠠᠲᠤ ᠰᠦᠯᠵᠢᠬᠦ ᠵᠡᠷᠭᠡ 3 ᠲᠠᠯ᠎ᠠ ᠪᠠᠷ ᠨᠠᠷᠢᠯᠢᠭᠵᠢᠭᠤᠯᠬᠤ ᠠᠷᠭ᠎ᠠ ᠳᠤᠷᠠᠳᠴᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ ᠰᠠᠯᠠᠭ᠎ᠠ ᠮᠥᠴᠢᠷ ᠤᠨ | ᠳᠦᠷᠢᠮ ᠢ ᠨᠢᠭᠡᠳᠦᠯᠲᠡᠢ ᠲᠥᠯᠥᠪᠯᠡᠵᠦ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠠᠮ ᠬᠦᠴᠦᠨ ᠢ ᠪᠣᠶ | ᠪᠣᠯᠭᠠᠵᠤ᠂ ᠨᠡᠭᠦᠳᠡᠯ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠤᠨ ᠦᠢᠯᠡᠴᠢᠯᠡᠭᠡᠨ ᠤ ᠲᠦᠪᠰᠢᠨ ᠪᠠ | ᠦᠢᠯᠡᠴᠢᠯᠡᠭᠡᠨ ᠤ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠬᠠᠯᠠᠮᠵᠢᠯᠠᠨ | ᠬᠠᠮᠠᠭᠠᠯᠠᠬᠤ ᠦᠢᠯᠡᠴᠢᠯᠡᠭᠡ ᠶᠢ ᠴᠢᠩᠭᠠᠳᠬᠠᠬᠤ ᠲᠠᠯ᠎ᠠ ᠪᠠᠷ ︽ᠨᠡᠬᠦᠳᠡᠯ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ | ᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ︾ ᠳᠤ ᠭᠤᠣᠯᠳᠠᠭᠤ ᠭᠡᠷ ᠪᠦᠯᠢ ᠶᠢᠨ ᠬᠥᠮᠦᠵᠢᠯ ᠤᠨ | ᠵᠢᠯᠤᠭᠤᠳᠬᠤ ᠲᠦᠪᠰᠢᠨ ᠢ ᠳᠡᠭᠡᠭᠰᠢᠯᠡᠭᠦᠯᠬᠦ᠂ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠬᠤ ᠦᠢᠯᠡᠴᠢᠯᠡᠭᠡ | ᠬᠠᠩᠭᠠᠬᠤ᠂ ᠣᠶᠤᠨ ᠤ ᠰᠣᠶᠣᠯ ᠤᠨ ᠠᠮᠢᠳᠤᠷᠠᠯ ᠢ ᠴᠢᠩᠭᠠᠳᠬᠠᠬᠤ᠂ ᠬᠠᠤᠯᠢ ᠪᠠᠷ ᠵᠠᠰᠠᠬᠤ ᠠᠮᠤᠷ ᠲᠦᠪᠰᠢᠨ ᠤ | ᠬᠥᠮᠦᠵᠢᠯ ᠢ ᠴᠢᠩᠭᠠᠳᠬᠠᠬᠤ ᠪᠠ ᠬᠤᠲᠠ ᠶᠢᠨ ᠠᠭᠤᠰᠤᠯᠴᠠᠯ ᠢ ᠥᠷᠨᠢᠭᠦᠯᠬᠦ ᠵᠡᠷᠭᠡ 5 ᠲᠠᠯ᠎ᠠ ᠪᠠᠷ ᠠᠵᠢᠯ ᠤᠨ | ᠡᠭᠦᠷᠭᠡ ᠶᠢ ᠲᠣᠳᠣᠷᠬᠠᠶᠢᠯᠠᠵᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠣᠨ ᠨᠡᠶᠢᠭᠡᠮ ᠤᠨ ᠬᠦᠴᠦᠨ | ᠬᠠᠮᠵᠢᠯᠴᠠᠨ ᠨᠡᠭᠦᠳᠡᠯ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠬᠠᠮᠲᠤ ᠪᠠᠷ ᠰᠠᠶᠢᠲᠤᠷ ᠬᠢᠬᠦ ᠶᠢ | ᠴᠢᠬᠤᠯᠠᠴᠢᠯᠠᠪᠠ᠃ | ︽ᠦᠢᠯᠡᠴᠢᠯᠡᠭᠡᠨ ᠤ ᠨᠠᠷᠢᠨ ᠲᠠᠩᠰᠠ︾ ᠨᠢ ᠨᠢᠯᠬ᠎ᠠ ᠬᠡᠦᠬᠡᠳ ᠰᠠᠭᠤᠬᠤ ᠴᠡᠴᠡᠷᠯᠢᠭ ᠲᠠᠢ᠂ | ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠡᠪᠡᠳᠴᠢᠯᠡᠪᠡᠯ ᠵᠠᠰᠠᠭᠤᠯᠬᠤ ᠡᠮᠨᠡᠯᠭᠡ ᠲᠠᠢ᠂ ᠰᠠᠭᠤᠬᠤ ᠠᠴᠠ ᠣᠷᠣᠨ | ᠰᠠᠭᠤᠴᠠ ᠲᠠᠢ᠂ ᠪᠠᠭᠤᠷᠠᠶᠢᠴᠤᠤᠯ ᠳᠤ ᠲᠡᠳᠬᠦᠮᠵᠢ ᠲᠠᠢ᠂ ᠬᠥᠭᠵᠢᠯᠲᠡ ᠶᠢᠨ ᠪᠠᠲᠤᠯᠠᠭ᠎ᠠ ᠲᠠᠢ ᠵᠡᠷᠭᠡ 6 ᠲᠠᠯ᠎ᠠ ᠪᠠᠷ | ᠤᠯᠤᠰ ᠤᠨ 19 ᠵᠦᠢᠯ ᠤᠨ ᠦᠢᠯᠡᠴᠢᠯᠡᠭᠡᠨ ᠤ ᠠᠭᠤᠯᠭ᠎ᠠ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ 21 | ᠵᠦᠢᠯ ᠤᠨ ᠦᠢᠯᠡᠴᠢᠯᠡᠭᠡᠨ ᠤ ᠠᠭᠤᠯᠭ᠎ᠠ ᠶᠢ ᠬᠠᠮᠤᠷᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠠᠯᠠᠮᠵᠢᠯᠠᠨ ᠬᠠᠮᠠᠭᠠᠯᠠᠬᠤ ᠦᠢᠯᠡᠴᠢᠯᠡᠭᠡᠨ ᠤ ᠨᠠᠷᠢᠨ ᠲᠠᠩᠰᠠ ᠶᠢ ᠲᠣᠭᠲᠠᠭᠠᠵᠤ᠂ ᠨᠡᠭᠦᠳᠡᠯ ᠬᠡᠦᠬᠡᠳ ᠲᠤ ᠣᠷᠣᠰᠢᠨ | ᠰᠠᠭᠤᠭ᠎ᠠ ᠭᠠᠵᠠᠷ ᠲᠤ ᠨᠢ ᠨᠠᠩ ᠲᠥᠪ ᠭᠤᠥᠯᠴᠢ᠂ ᠳᠥᠭᠦᠮ ᠳᠥᠲᠡ᠂ ᠴᠢᠨᠠᠷᠵᠢᠭᠤᠨ ᠦᠢᠯᠡᠴᠢᠯᠡᠭᠡ ᠬᠦᠷᠳᠡᠬᠡᠨ | ᠲᠡᠳᠡᠨ ᠤ ᠠᠮᠤᠷ ᠠᠮᠤᠭᠤᠯᠠᠩ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯ ᠤᠨ ᠲᠥᠷᠥᠭᠳᠡᠯ ᠢ | ᠲᠠᠰᠤᠷᠠᠯᠲᠠ ᠦᠭᠡᠢ ᠲᠡᠭᠡᠭᠰᠢᠯᠡᠬᠦᠯᠬᠦ ᠪᠤᠯᠤᠨ᠎ᠠ᠃ | | | | | |