ᠠᠷᠠᠳ ᠤᠨ ᠶᠠᠪᠤᠳᠠᠯ ᠤᠨ ᠶᠠᠮᠤᠨ | | | ᠠᠷᠠᠳ ᠤᠨ ᠶᠠᠪᠤᠳᠠᠯ ᠤᠨ ᠶᠠᠮᠤᠨ ᠵᠡᠷᠭᠡ 14 ᠰᠠᠯᠠᠭ᠎ᠠ ᠮᠥᠴᠢᠷ ᠤᠨ ᠬᠢᠨ ᠤᠷᠴᠢᠮ ᠳᠤ ᠬᠠᠮᠲᠤᠷᠠᠨ ︽ | ᠨᠠᠰᠤᠲᠠᠶᠢᠴᠤᠳ ᠤᠨ ᠤᠩᠰᠢᠯᠭ᠎ᠠ ᠶᠢᠨ ᠠᠵᠢᠯ ᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ | ᠲᠠᠷᠬᠠᠭᠠᠵᠤ᠂ 8 ᠵᠦᠢᠯ ᠤᠨ ᠪᠣᠳᠠᠲᠠᠢ ᠠᠵᠢᠯ ᠤᠨ ᠠᠷᠭ᠎ᠠ ᠶᠢ ᠳᠤᠷᠠᠳᠴᠠᠢ᠂ ᠡᠭᠦᠨ ᠳᠤ ᠨᠣᠮ ᠤᠩᠰᠢᠬᠤ | ᠠᠵᠢᠯᠯᠠᠭ᠎ᠠ ᠶᠢ ᠪᠠᠶᠠᠯᠢᠭᠵᠢᠭᠤᠯᠬᠤ᠂ ᠨᠣᠮ ᠤᠩᠰᠢᠬᠤ ᠲᠦᠷᠦᠯ ᠲᠡᠮᠳᠡᠭ ᠢ ᠪᠣᠶᠢᠵᠢᠭᠤᠯᠬᠤ᠂ ᠨᠠᠰᠤᠲᠠᠶᠢᠴᠤᠳ ᠤᠨ | ᠤᠩᠰᠢᠬᠤ ᠪᠢᠴᠢᠭ ᠤᠨ ᠬᠠᠩᠭᠠᠯᠭ᠎ᠠ ᠶᠢ ᠥᠷᠭᠡᠳᠬᠡᠬᠦ᠂ ᠲᠣᠭᠠᠴᠢᠯᠠᠭᠰᠠᠨ ᠡᠬᠢ ᠪᠠᠶᠠᠯᠢᠭ ᠤᠨ ᠪᠠᠶᠢᠭᠤᠯᠤᠯᠲᠠ ᠶᠢ | ᠴᠢᠩᠭᠠᠳᠬᠠᠬᠤ᠂ ᠨᠠᠰᠤᠲᠠᠶᠢᠴᠤᠳ ᠤᠨ ᠤᠩᠰᠢᠯᠭ᠎ᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ | ᠨᠠᠰᠤᠲᠠᠶᠢᠴᠤᠳ ᠤᠨ ᠤᠩᠰᠢᠯᠭ᠎ᠠ ᠶᠢᠨ ᠲᠤᠰᠠᠯᠠᠬᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠬᠤ᠂ | ᠨᠠᠰᠤᠲᠠᠶᠢᠴᠤᠳ ᠤᠨ ᠤᠩᠰᠢᠯᠭ᠎ᠠ ᠶᠢᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠬᠤ ᠪᠠ | ᠨᠠᠰᠤᠲᠠᠶᠢᠴᠤᠳ ᠤᠨ ᠰᠤᠷᠤᠯᠴᠠᠬᠤ ᠳᠤ ᠬᠡᠷᠡᠭᠴᠡᠭᠡ ᠲᠠᠢ ᠪᠠᠶᠢᠬᠤ ᠶᠢ ᠵᠣᠷᠢᠭᠵᠢᠭᠤᠯᠬᠤ ᠵᠡᠷᠭᠡ ᠪᠠᠭᠲᠠᠨ᠎ᠠ᠃ | | | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ | | | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠬᠢᠨ | ᠤᠷᠴᠢᠮ ᠳᠤ 21 ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠠᠢ ᠬᠠᠮᠲᠤᠷᠠᠨ ︽ᠨᠡᠭᠦᠳᠡᠯ ᠬᠡᠦᠬᠡᠳ ᠢ | ᠬᠠᠯᠠᠮᠵᠢᠯᠠᠨ ᠬᠠᠮᠠᠭᠠᠯᠠᠬᠤ ᠠᠵᠢᠯᠯᠠᠭ᠎ᠠ ᠶᠢ ᠴᠢᠩᠭᠠᠳᠬᠠᠬᠤ ᠬᠡᠷᠡᠭᠵᠢᠭᠦᠯᠬᠦ ᠲᠥᠰᠥᠯ︾ ᠪᠠ ᠦᠪᠤᠷ ᠮᠤᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠡᠭᠦᠳᠡᠯ ᠬᠡᠦᠬᠡᠳ ᠢ ᠰᠠᠭᠤᠭ᠎ᠠ ᠭᠠᠵᠠᠷ ᠲᠤ ᠨᠢ ᠬᠠᠯᠠᠮᠵᠢᠯᠠᠨ ᠦᠢᠯᠡᠴᠢᠯᠡᠬᠦ ᠨᠠᠷᠢᠨ | ᠲᠠᠩᠰᠠ ᠶᠢ ᠲᠣᠭᠲᠠᠭᠠᠨ ᠳᠠᠷᠤᠮᠠᠯᠯᠠᠨ ᠲᠠᠷᠬᠠᠭᠠᠪᠠ᠃ ᠬᠡᠷᠡᠭᠵᠢᠭᠦᠯᠬᠦ ᠲᠥᠰᠥᠯ ᠳᠤ ᠭᠤᠣᠯᠳᠠᠭᠤ ᠬᠢᠨᠠᠨ ᠬᠡᠮᠵᠢᠵᠦ | ᠪᠠᠶᠢᠴᠠᠭᠠᠨ ᠭᠠᠷᠭᠠᠬᠤ᠂ ᠳᠦᠷᠢᠮ ᠪᠠ ᠠᠷᠭ᠎ᠠ ᠶᠢ ᠲᠡᠭᠦᠯᠳᠡᠷᠵᠢᠭᠦᠯᠬᠦ᠂ ᠬᠠᠯᠠᠮᠵᠢᠯᠠᠬᠤ ᠦᠢᠯᠡᠴᠢᠯᠡᠭᠡ ᠶᠢ | ᠴᠢᠩᠭᠠᠳᠬᠠᠬᠤ ᠵᠡᠷᠭᠡ 3 ᠲᠠᠯ᠎ᠠ ᠶᠢᠨ ᠲᠣᠭᠤᠷᠢᠨ ᠳᠤ 11 ᠵᠦᠢᠯ ᠤᠨ ᠬᠠᠯᠠᠮᠵᠢᠯᠠᠨ ᠬᠠᠮᠠᠭᠠᠯᠠᠬᠤ ᠠᠷᠭ᠎ᠠ ᠶᠢ | ᠲᠣᠳᠣᠷᠬᠠᠢ ᠲᠣᠭᠲᠠᠭᠠᠪᠠ᠃ ᠦᠢᠯᠡᠴᠢᠯᠡᠭᠡᠨ ᠤ ᠨᠠᠷᠢᠨ ᠲᠠᠩᠰᠠ ᠶᠢ ᠨᠢᠯᠬ᠎ᠠ ᠪᠠᠭ᠎ᠠ ᠠᠴᠠ ᠪᠠᠨ ᠰᠠᠭᠤᠬᠤ | ᠴᠡᠴᠡᠷᠯᠢᠭ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠡᠪᠡᠳᠴᠢᠯᠡᠪᠡᠯ ᠵᠠᠰᠠᠭᠤᠯᠬᠤ ᠡᠮᠨᠡᠯᠭᠡ ᠲᠠᠢ᠂ | ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶᠢᠴᠤᠤᠯ ᠨᠢ ᠲᠡᠳᠬᠦᠮᠵᠢ ᠲᠠᠢ᠂ ᠬᠥᠭᠵᠢᠯᠲᠡ ᠶᠢᠨ | ᠪᠠᠲᠤᠯᠠᠭ᠎ᠠ ᠲᠠᠢ ᠵᠡᠷᠭᠡ 6 ᠲᠠᠯ᠎ᠠ ᠠᠴᠠ 21 ᠵᠦᠢᠯ ᠤᠨ ᠦᠢᠯᠡᠴᠢᠯᠡᠭᠡᠨ ᠤ ᠠᠭᠤᠯᠭ᠎ᠠ ᠶᠢ ᠲᠣᠭᠲᠠᠭᠠᠪᠠ᠃ | | | ᠣᠷᠣᠨ ᠬᠤᠪᠢᠶᠠᠷᠢᠯᠠᠯ ᠭᠠᠵᠠᠷ ᠤᠨ ᠨᠡᠷᠡᠰ | | | ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠥᠷᠭᠡᠨ ᠤᠯᠠᠨ ᠬᠤᠳᠠ ᠶᠢᠨ ᠠᠷᠠᠳ ᠢ | ᠤᠷᠢᠵᠤ ᠬᠥᠳᠡᠭᠡ ᠲᠣᠰᠬᠤᠨ ᠳᠤ ︽ᠨᠡᠷ᠎ᠡ ᠠᠯᠳᠠᠷᠲᠠᠢ︾ ᠪᠣᠯᠭᠠᠵᠤ᠂ ᠳᠡᠷᠭᠡᠳᠡᠬᠢ ︽ᠳᠤᠷ᠎ᠠ ᠰᠣᠨᠢᠷᠬᠠᠯ ᠤᠨ ᠴᠡᠭ | ︾ ᠢ ᠨᠢ ᠭᠡᠷᠡᠯᠳᠦᠬᠦᠯᠵᠡᠢ᠃ ᠬᠦᠬᠡᠬᠤᠳᠠ ᠶᠢᠨ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠯᠪᠠᠨ ᠰᠦᠯᠵᠢᠶ᠎ᠡ᠂ | ᠸᠢᠴᠠᠲ ᠲᠠᠪᠴᠠᠩ ᠢᠶᠠᠷ ᠳᠠᠮᠵᠢᠭᠤᠯᠤᠨ ︽ᠬᠥᠳᠡᠭᠡ ᠲᠣᠰᠬᠤᠨ ᠤ ᠨᠠᠷᠠᠲᠤ ᠠᠵᠢᠯᠯᠠᠭ᠎ᠠ︾ ᠶᠢ ᠨᠡᠶᠢᠲᠡᠯᠡᠵᠦ | ᠸᠢᠴᠠᠲ ᠤᠨ ᠵᠢᠵᠢᠭ ᠫᠷᠣᠭ᠍ᠷᠠᠮ ᠢ ᠬᠡᠷᠡᠭᠯᠡᠬᠦ ᠠᠯᠬᠤᠮ ᠳᠠᠷᠠᠭ᠎ᠠ ᠶᠢ ᠴᠤᠭᠯᠠᠭᠤᠯᠵᠤ᠂ ᠣᠯᠠᠨ ᠢ ᠵᠢᠯᠤᠭᠤᠳᠴᠤ | ᠪᠠᠶᠢᠭᠠᠳ ᠠᠮᠢᠳᠤᠷᠠᠯ ᠤᠨ ᠡᠷᠬᠢᠨ ᠲᠣᠭᠤᠷᠢᠨ ᠤ ᠲᠠᠷᠢᠶᠠᠴᠢᠨ ᠠᠶᠢᠯ ᠤᠨ ᠵᠢᠭᠤᠯᠴᠢᠯᠠᠯ᠂ ᠬᠤᠳᠠᠯᠳᠤᠭᠠᠨ ᠤ ᠫᠦᠰᠡ᠂ | ᠰᠢᠤᠳᠠᠨ ᠢᠶᠠᠷ ᠢᠯᠡᠭᠡᠬᠦ ᠭᠠᠵᠠᠷ ᠵᠡᠷᠭᠡ ᠶᠢ ᠢᠳᠡᠪᠬᠢᠲᠡᠢ ᠪᠠᠷ ᠳᠠᠮᠵᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠪᠡ᠃ ᠣᠳᠣᠬᠠᠨ ᠳᠤ ᠬᠥᠬᠡᠬᠤᠲᠠ ᠶᠢᠨ ᠬᠢᠨ ᠵᠢᠷᠤᠭ ᠤᠨ 6701 ᠵᠤᠷᠪᠤᠰ | ᠭᠠᠵᠠᠷ ᠤᠨ ᠨᠡᠷᠡᠰ ᠤᠨ ᠮᠡᠳᠡᠭᠡ ᠵᠠᠩᠭᠢ ᠶᠢ ᠴᠤᠭᠯᠠᠭᠤᠯᠬᠤ ᠶᠢᠨ ᠬᠠᠮᠲᠤ ᠪᠠᠢ ᠳ᠋ᠦ᠋᠂ ᠲᠧᠩ ᠰᠢᠶᠦ᠋ᠨ᠂ ᠭᠤᠸ ᠳ᠋ᠧ | ᠶᠢᠨ ᠭᠠᠵᠠᠷ ᠤᠨ ᠵᠢᠷᠤᠭ ᠲᠤ ᠵᠡᠷᠭᠡ ᠪᠠᠷ ᠳᠠᠮᠵᠢᠭᠤᠯᠵᠠᠢ᠃ | ᠬᠥᠯᠥᠨ ᠪᠤᠶᠢᠷ ᠬᠤᠲᠠ ᠶᠢᠨ ᠬᠢᠨ ᠤᠷᠴᠢᠮ ᠳᠤ ︽ᠬᠥᠯᠥᠨ ᠪᠤᠶᠢᠷ ᠬᠤᠲᠠ ᠶᠢᠨ ᠭᠠᠵᠠᠷ ᠤᠨ ᠨᠡᠷᠡᠰ ᠤᠨ | ᠰᠣᠶᠣᠯ︾ ᠨᠠᠶᠢᠷᠠᠭᠤᠯᠬᠤ ᠠᠵᠢᠯ ᠢ ᠡᠬᠢᠯᠡᠭᠦᠯᠬᠦ ᠪᠣᠯᠪᠠᠰᠤᠷᠠᠯ ᠤᠨ ᠸᠢᠳᠢᠤ᠋ ᠬᠤᠷᠠᠯ ᠬᠤᠷᠠᠯᠳᠤᠭᠤᠯᠵᠤ᠂ ᠲᠤᠰᠬᠠᠢ | ᠮᠡᠷᠭᠡᠵᠢᠯᠲᠡᠨ ᠤ ᠳᠤᠭᠤᠶᠢᠯᠠᠩ ᠠᠴᠠ ᠨᠠᠶᠢᠷᠠᠭᠤᠯᠬᠤ ᠬᠥᠲᠥᠯᠪᠦᠷᠢ ᠳᠤ ᠪᠣᠯᠪᠠᠰᠤᠷᠠᠯ ᠤᠨ ᠲᠠᠶᠢᠯᠤᠮᠵᠢ ᠬᠢᠵᠦ᠂ | ᠬᠠᠷᠠᠯᠲᠠ ᠪᠠᠨ ᠤᠯᠠᠮ ᠨᠢᠭᠡ ᠠᠯᠬᠤᠮ ᠨᠢᠭᠡᠳᠬᠡᠨ᠂ ᠪᠠᠷᠢᠮᠵᠢᠶ᠎ᠠ ᠪᠠᠨ ᠲᠣᠳᠣᠷᠬᠠᠶᠢᠯᠠᠵᠤ᠂ ᠬᠡᠪ ᠳᠦᠷᠢᠮ ᠢᠶᠠᠨ | ᠵᠢᠷᠤᠮᠵᠢᠭᠤᠯᠤᠭᠰᠠᠨ ᠪᠠᠶᠢᠨ᠎ᠠ᠃ ︽ᠬᠥᠯᠥᠨ ᠪᠤᠶᠢᠷ ᠬᠤᠲᠠ ᠶᠢᠨ ᠭᠠᠵᠠᠷ ᠤᠨ ᠨᠡᠷᠡᠰ ᠤᠨ ᠰᠣᠶᠣᠯ︾ ᠨᠢ | ᠤᠮᠠᠷᠠᠲᠤ ᠬᠢᠯᠢ ᠶᠢᠨ ᠰᠣᠶᠣᠯ ᠤᠨ ᠡᠭᠦᠰᠦᠯ᠂ ᠬᠥᠭᠵᠢᠯᠲᠡ ᠪᠠ ᠢᠷᠡᠭᠡᠳᠦᠢ ᠶᠢ ᠰᠢᠰᠲ᠋ᠧᠮ ᠲᠠᠢ ᠰᠤᠳᠤᠯᠵᠤ᠂ | ᠬᠥᠯᠥᠨ ᠪᠤᠶᠢᠷ ᠬᠤᠲᠠ ᠶᠢᠨ ᠰᠣᠶᠣᠯ ᠤᠨ ᠤᠯᠠᠮᠵᠢᠯᠠᠯ᠂ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ᠂ ᠠᠵᠤ | ᠦᠢᠯᠡᠰ ᠤᠨ ᠬᠥᠭᠵᠢᠯᠲᠡ ᠵᠡᠷᠭᠡ ᠶᠢ ᠠᠬᠢᠭᠤᠯᠬᠤ ᠳᠤ ᠴᠢᠬᠤᠯᠠ ᠴᠣᠩᠬᠤ ᠬᠠᠩᠭᠠᠬᠤ ᠶᠢᠨ ᠲᠥᠯᠥᠭᠡ ᠶᠤᠮ᠃ | | | ᠨᠡᠶᠢᠭᠡᠮ ᠤᠨ ᠬᠡᠷᠡᠭ | | | ᠤᠯᠠᠭᠠᠨᠴᠠᠪ ᠬᠤᠲᠠ ᠶᠢᠨ ᠬᠢᠨ ᠤᠷᠴᠢᠮ ᠤᠨ ᠵᠢᠯ ᠤᠳ ᠲᠤ ᠤᠷᠤᠭ ᠤᠨ ᠵᠠᠩᠰᠢᠯ ᠢ ᠥᠭᠡᠷᠡᠴᠢᠯᠡᠬᠦ ᠠᠵᠢᠯ ᠢ | ᠭᠦᠨᠵᠡᠭᠡᠢ ᠠᠬᠢᠭᠤᠯᠵᠤ᠂ ᠰᠢᠨ᠎ᠡ ᠮᠠᠶ᠋ᠢᠭ ᠤᠨ ᠣᠷᠤᠭ ᠬᠤᠷᠢᠮ ᠤᠨ ᠦᠵᠡᠯᠲᠡ ᠶᠢ ᠪᠣᠶ ᠪᠣᠯᠭᠠᠬᠤ ᠶᠢ ᠢᠳᠡᠪᠬᠢᠲᠡᠢ | ᠰᠠᠨᠠᠭᠠᠴᠢᠯᠠᠪᠠ᠃ ᠰᠢᠨ᠎ᠡ ᠬᠤᠤᠰ ᠢ ᠵᠢᠯᠤᠭᠤᠳᠴᠤ ᠪᠠᠶᠢᠭᠠᠳ ᠰᠢᠨ᠎ᠡ ᠡᠨᠧᠷᠭᠢ ᠶᠢᠨ ᠰᠤᠷᠪᠤᠯᠵᠢ ᠶᠢᠨ ᠨᠡᠶᠢᠲᠡ ᠶᠢᠨ | ᠮᠠᠰᠢᠨ ᠲᠡᠷᠭᠡ ᠶᠢ ᠬᠤᠷᠢᠮ ᠤᠨ ᠲᠡᠷᠭᠡ ᠪᠣᠯᠭᠠᠨ ᠰᠣᠩᠭᠤᠨ ᠬᠡᠷᠡᠭᠯᠡᠬᠦ᠂ ᠬᠥᠳᠡᠭᠡ ᠲᠣᠰᠬᠤᠨ ᠤ ᠶᠣᠰᠣᠯᠠᠯ ᠤᠨ | ᠲᠠᠩᠬᠢᠮ ᠪᠠᠶᠢᠭᠤᠯᠬᠤ ᠵᠡᠷᠭᠡ ᠶᠢ ᠵᠢᠯᠤᠭᠤᠳᠬᠤ ᠪᠠᠷ ᠳᠠᠮᠵᠢᠭᠤᠯᠤᠨ᠂ ᠲᠠᠪᠴᠠᠩ ᠤᠨ ᠪᠠᠶᠢᠭᠤᠯᠤᠯᠲᠠ ᠪᠠᠷ ᠤᠷᠤᠭ | ᠤᠨ ᠵᠠᠩᠰᠢᠯ ᠤᠨ ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ᠃ ᠣᠲᠣ ᠪᠣᠯᠲᠠᠯ᠎ᠠ | ᠶᠣᠰᠣᠯᠠᠯ ᠤᠨ ᠲᠠᠩᠬᠢᠮ ᠳᠤ ᠨᠢᠭᠡᠨᠲᠡ 5 ᠲᠠᠯᠠᠪᠤᠷ ᠣᠷᠤᠭ ᠲᠣᠭᠲᠠᠬᠤ ᠶᠣᠰᠣᠯᠠᠯ᠂ 12 ᠲᠠᠯᠠᠪᠤᠷ ᠠᠯᠲᠠᠨ ᠣᠷᠤᠭ | ᠮᠥᠩᠭᠦᠨ ᠣᠷᠤᠭ ᠤᠨ ᠳᠤᠷᠠᠰᠬᠠᠯ ᠤᠨ ᠡᠳᠦᠷ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠲᠣᠰᠬᠤᠨ ᠤ | ᠨᠠᠰᠤᠲᠠᠶᠢᠴᠤᠳ ᠲᠤ 20 ᠭᠠᠷᠤᠢ ᠤᠳᠠᠭᠠᠨ ᠤ ᠬᠤᠷᠢᠮ ᠤᠨ ᠰᠡᠭᠦᠳᠡᠷ ᠨᠥᠬᠦᠵᠦ ᠰᠡᠭᠦᠳᠡᠷᠯᠡᠨ ᠥᠭᠴᠡᠢ᠃ | | | | | | | | | | |