ᠠᠷᠠᠳ ᠤᠨ ᠶᠠᠪᠤᠳᠠᠯ ᠤᠨ ᠶᠠᠮᠤᠨ | | | ᠳᠣᠲᠣᠭᠠᠳᠤ ᠶᠢ ᠬᠠᠮᠠᠭᠠᠯᠠᠬᠤ ᠶᠠᠮᠤᠨ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ | ᠠᠷᠠᠳ ᠤᠨ ᠳᠡᠭᠡᠳᠦ ᠰᠢᠭᠦᠬᠦ ᠬᠤᠷᠢᠶ᠎ᠠ᠂ ᠰᠤᠷᠭᠠᠨ ᠬᠥᠮᠦᠵᠢᠯ ᠤᠨ ᠶᠠᠮᠤᠨ᠂ ᠠᠷᠠᠳ ᠤᠨ ᠶᠠᠪᠤᠳᠠᠯ ᠤᠨ ᠶᠠᠮᠤᠨ | ᠵᠡᠷᠭᠡ 9 ᠰᠠᠯᠠᠭ᠎ᠠ ᠮᠥᠴᠢᠷ ᠤᠨ ᠬᠢᠨ ᠤᠷᠴᠢᠮ ᠳᠤ ᠬᠠᠮᠲᠤᠷᠠᠨ ︽ᠭᠡᠷ ᠪᠦᠯᠢ ᠶᠢᠨ ᠬᠦᠴᠦᠷᠬᠡᠭᠯᠡᠯ ᠢ | ᠰᠡᠷᠡᠮᠵᠢᠯᠡᠭᠦᠯᠬᠦ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠴᠢᠩᠭᠠᠳᠬᠠᠬᠤ ᠲᠤᠬᠠᠢ ᠰᠠᠨᠠᠯ︾ ᠢ ᠳᠠᠷᠤᠮᠠᠯᠯᠠᠨ | ᠲᠠᠷᠬᠠᠭᠠᠪᠠ᠃ ᠰᠠᠨᠠᠯ ᠳᠤ᠄ ︽ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠠᠷᠠᠳ ᠤᠨ ᠶᠠᠪᠤᠳᠠᠯ ᠵᠡᠷᠭᠡ ᠰᠠᠯᠠᠭ᠎ᠠ | ᠮᠥᠴᠢᠷ ᠤᠨ ᠬᠢᠨ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ | ᠴᠢᠩᠭᠠᠳᠬᠠᠵᠤ᠂ ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠴᠢᠯᠡᠭᠡᠨ ᠤ ᠪᠠᠶᠢᠭᠤᠯᠤᠮᠵᠢ᠂ ᠰᠠᠭᠤᠭᠠᠯᠢ | ᠠᠷᠠᠳ ᠤᠨ ᠵᠥᠪᠯᠡᠯ᠂ ᠲᠣᠰᠬᠤᠨ ᠤ ᠠᠷᠠᠳ ᠤᠨ ᠵᠥᠪᠯᠡᠯ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ | ᠪᠠᠶᠢᠭᠤᠯᠤᠮᠵᠢ᠂ ᠲᠤᠰᠠᠯᠠᠮᠵᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠠᠰᠠᠷᠠᠮᠵᠢ ᠶᠢᠨ ᠪᠠᠶᠢᠭᠤᠯᠤᠮᠵᠢ᠂ | ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠪᠠ ᠲᠡᠭᠦᠨ ᠤ ᠠᠵᠢᠯᠲᠠᠨ ᠤ | ᠠᠯᠪᠠᠳᠠᠯᠭ᠎ᠠ ᠪᠠᠷ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠬᠤ ᠶᠢ ᠱᠠᠭᠠᠷᠳᠠᠨ ᠵᠢᠯᠤᠭᠤᠳᠬᠤ ᠬᠡᠷᠡᠭᠲᠡᠢ︾ ᠭᠡᠵᠤ | ᠲᠣᠭᠲᠠᠭᠠᠭᠰᠠᠨ ᠠᠵᠢ᠃ | | | ᠨᠠᠰᠤᠵᠢᠯ ᠤᠨ ᠦᠢᠯᠡᠴᠢᠯᠡᠭᠡ | | | ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠣᠯᠠᠨ ᠡᠰᠢᠲᠦ ᠪᠡᠯᠡ ᠴᠤᠭᠯᠠᠭᠤᠯᠬᠤ | ᠲᠣᠭᠲᠠᠴᠠ ᠶᠢ ᠪᠠᠶᠢᠭᠤᠯᠵᠤ᠂ ᠨᠢᠭᠡᠨᠲᠡ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠦᠬᠦᠬᠡᠷᠤᠮᠵᠢ ᠶᠢᠨ ᠰᠠᠭᠤᠷᠢᠨ ᠳᠡᠭᠡᠷ᠎ᠡ ᠰᠢᠬᠢᠳᠬᠡᠬᠡᠷᠢ ᠮᠠᠶ᠋ᠢᠭ ᠤᠨ ᠨᠠᠰᠤᠳᠠᠶᠢᠴᠤᠳ ᠤᠨ ᠬᠤᠭᠤᠯᠠᠨ ᠲᠢᠩᠬᠢᠮ | ᠪᠠᠶᠢᠭᠤᠯᠬᠤ᠂ ᠰᠤᠯᠠ ᠪᠠᠶᠢᠬᠤ ᠭᠡᠷ ᠪᠠᠶᠢᠰᠢᠩ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠪᠤᠴᠠᠭᠠᠨ ᠬᠤᠳᠠᠯᠳᠤᠨ | ᠠᠪᠴᠤ ᠪᠤᠴᠠᠭᠠᠨ ᠲᠦᠷᠢᠶᠡᠰᠦᠯᠡᠬᠦ᠂ ᠭᠡᠷ᠎ᠡ ᠲᠣᠭᠲᠠᠨ ᠬᠤᠯᠪᠣᠭᠠᠯᠠᠵᠤ ᠬᠠᠮᠲᠤᠷᠠᠯᠴᠠᠬᠤ ᠵᠡᠷᠭᠡ ᠣᠯᠠᠨ ᠠᠷᠭ᠎ᠠ ᠪᠠᠷ | 295 ᠨᠠᠰᠤᠲᠠᠶᠢᠴᠤᠳ ᠲᠤ ᠲᠤᠰᠠᠯᠠᠬᠤ ᠬᠤᠭᠤᠯᠠᠨ ᠴᠡᠭ ᠢ ᠰᠢᠨ᠎ᠡ ᠪᠠᠷ ᠪᠠᠶᠢᠭᠤᠯᠵᠤ᠂ ᠨᠠᠰᠤᠲᠠᠶᠢᠴᠤᠳ ᠤᠨ | ᠬᠤᠭᠤᠯᠠ ᠢᠳᠡᠬᠦ ᠳᠤ ᠤᠯᠠᠮ ᠲᠦᠬᠦᠮ ᠦᠵᠡᠬᠦᠯᠪᠡ᠃ ᠣᠳᠣᠬᠠᠨ ᠳᠤ ᠪᠥᠬᠦ ᠬᠤᠲᠠ ᠶᠢᠨ ᠨᠠᠰᠤᠲᠠᠶᠢᠴᠤᠳ ᠲᠤ | ᠵᠣᠷᠢᠭᠤᠯᠤᠭᠰᠠᠨ ᠬᠤᠭᠤᠯᠠᠨ ᠭᠡᠷ᠂ ᠨᠠᠰᠤᠳᠠᠶᠢᠴᠤᠳ ᠤᠨ ᠬᠤᠭᠤᠯᠨ ᠤᠮᠳᠠ ᠳᠤ ᠲᠤᠰᠠᠯᠠᠬᠤ ᠬᠤᠭᠤᠯᠠᠨ ᠬᠡᠷ | ᠨᠡᠶᠢᠲᠡ 358 ᠪᠣᠯᠵᠤ᠂ ᠬᠤᠲᠠ ᠶᠢᠨ ︽ᠨᠢᠭᠡ ᠮᠥᠴᠡ ᠶᠢᠨ ᠲᠤᠳᠤᠷᠠᠬᠢ︾ ᠠᠷᠠᠳ ᠲᠤ ᠲᠥᠬᠦᠮ ᠦᠵᠡᠭᠦᠯᠬᠦ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ ᠤᠨ ᠨᠠᠰᠤᠲᠠᠶᠢᠴᠤᠳ ᠲᠤ ᠵᠣᠷᠢᠭᠤᠯᠤᠭᠰᠠᠨ ᠬᠤᠭᠤᠯᠠᠨ | ᠭᠡᠷ ᠪᠦᠬᠦᠨ ᠢ ᠬᠠᠮᠤᠷᠬᠤ ᠶᠢ ᠪᠡᠶᠡᠯᠡᠭᠦᠯᠪᠡ᠃ | | | ᠬᠡᠦᠬᠡᠳ ᠤᠨ ᠠᠰᠠᠷᠠᠮᠵᠢ | | | ᠬᠥᠯᠥᠨ ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ 21 ᠰᠠᠯᠠᠭ᠎ᠠ ᠮᠥᠴᠢᠷ ᠤᠨ ᠬᠢᠨ | ᠤᠷᠴᠢᠮ ᠳᠤ ᠬᠠᠮᠲᠤᠷᠠᠨ ︽ᠬᠥᠯᠥᠨ ᠪᠤᠶᠢᠷ ᠬᠤᠲᠠ ᠶᠢᠨ ᠨᠡᠭᠦᠳᠡᠯ ᠬᠡᠦᠬᠡᠳ ᠢ ᠬᠠᠯᠠᠮᠵᠢᠯᠠᠨ ᠬᠠᠮᠠᠭᠠᠯᠠᠬᠤ | ᠠᠵᠢᠯᠯᠠᠭ᠎ᠠ ᠶᠢ ᠴᠢᠩᠭᠠᠳᠬᠠᠬᠤ ᠬᠡᠷᠡᠭᠵᠢᠭᠦᠯᠬᠦ ᠲᠥᠰᠥᠯ︾ ᠪᠤᠯᠤᠨ ᠬᠥᠯᠥᠨ ᠪᠤᠶᠢᠷ ᠬᠤᠲᠠ ᠶᠢᠨ ᠨᠡᠭᠦᠳᠡᠯ | ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠠᠭᠤᠷᠢ ᠨᠠᠷᠢᠨ ᠳᠠᠩᠰᠠ ᠶᠢ ᠲᠣᠭᠲᠠᠭᠠᠪᠠ᠃ ᠨᠠᠷᠢᠨ | ᠲᠠᠩᠰᠠ ᠨᠢ ᠨᠢᠯᠬ᠎ᠠ ᠬᠡᠦᠬᠡᠳ ᠲᠤ ᠰᠠᠭᠤᠬᠤ ᠴᠡᠴᠡᠷᠯᠢᠭ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ | ᠡᠪᠡᠳᠴᠢᠯᠡᠪᠡᠯ ᠡᠮᠨᠡᠯᠭᠡ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶᠢᠴᠤᠤᠯ ᠳᠤ ᠲᠡᠳᠬᠦᠮᠵᠢ ᠲᠠᠢ᠂ | ᠨᠠᠰᠤᠨ ᠳᠤ ᠦᠯᠤ ᠬᠦᠷᠦᠭᠰᠡᠳ ᠪᠠᠲᠤᠯᠠᠭ᠎ᠠ ᠲᠠᠢ ᠵᠡᠷᠭᠡ 6 ᠲᠠᠯ᠎ᠠ ᠠᠴᠠ 22 ᠦᠢᠯᠡᠴᠢᠯᠡᠭᠡᠨ ᠤ ᠠᠭᠤᠯᠭ᠎ᠠ ᠶᠢ | ᠪᠦᠷᠢᠯᠳᠦᠭᠦᠯᠵᠦ᠂ ᠨᠡᠭᠦᠳᠡᠯ ᠬᠡᠦᠬᠡᠳ ᠢ ᠬᠠᠯᠠᠮᠵᠢᠯᠠᠨ ᠬᠠᠮᠠᠭᠠᠯᠠᠬᠤ ᠠᠵᠢᠯ ᠢ ᠲᠠᠰᠤᠷᠠᠯᠲᠠ ᠦᠭᠡᠢ ᠴᠢᠩᠭᠠᠳᠬᠠᠨ᠂ | ᠨᠡᠭᠦᠳᠡᠯ ᠬᠡᠦᠬᠡᠳ ᠲᠤ ᠴᠢᠨᠠᠷᠵᠢᠭᠤᠨ᠂ ᠡᠷᠬᠡ ᠠᠰᠢᠭ ᠤᠨ ᠪᠠᠲᠤᠯᠠᠭ᠎ᠠ ᠪᠠ ᠬᠠᠯᠠᠮᠵᠢᠯᠠᠬᠤ ᠦᠢᠯᠡᠴᠢᠯᠡᠭᠡ ᠶᠢ ᠠᠳᠠᠯᠢ | ᠲᠡᠭᠰᠢ ᠪᠠᠷ ᠡᠳ᠋ᠯᠡᠭᠦᠯᠬᠦ ᠶᠢ ᠠᠬᠢᠭᠤᠯᠪᠠ᠃ | 11 ᠳ᠋ᠤᠬᠡᠷ ᠰᠠᠷ᠎ᠠ ᠶᠢᠨ ᠰᠡᠭᠦᠯᠴᠢ ᠪᠣᠯᠲᠠᠯ᠎ᠠ ᠣᠷᠳᠣᠰ ᠬᠤᠲᠠ ᠶᠢᠨ ᠬᠢᠨ 10 ᠡᠪᠡᠳᠴᠢᠨ ᠲᠠᠢ ᠬᠡᠦᠬᠡᠳ ᠲᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ︽ᠵᠢᠭᠦᠷ | ᠤᠷᠭᠤᠭᠤᠯᠬᠤ ᠲᠥᠯᠥᠪᠯᠡᠭᠡ︾ ᠲᠤᠰᠠᠯᠠᠮᠵᠢ ᠶᠢᠨ ᠲᠥᠷᠥᠯ ᠵᠦᠢᠯ ᠢ ᠠᠮᠵᠢᠯᠲᠠ ᠲᠠᠢ ᠪᠠᠷ ᠣᠯᠵᠤ ᠥᠭᠴᠡᠢ᠃ | ᠡᠭᠦᠨ ᠳᠤ ᠬᠦᠴᠢᠷᠳᠡᠯ ᠳᠤ ᠲᠤᠯᠭᠠᠷᠠᠭᠰᠠᠨ 2 ᠬᠡᠦᠬᠡᠳ ᠢ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠳᠤ | ᠲᠥᠷᠥᠯᠬᠢ ᠵᠢᠷᠦᠬᠡᠨ ᠡᠪᠡᠳᠴᠢᠨ ᠤ ᠮᠡᠰᠡ ᠵᠠᠰᠠᠯ ᠢᠶᠠᠷ ᠡᠮᠡᠨᠡᠬᠦᠯᠤᠬᠡᠳ᠂ ᠴᠢᠰᠤ ᠴᠠᠶᠢᠬᠤ ᠡᠪᠡᠳᠴᠢᠨ᠂ ᠪᠥᠭᠡᠷᠡᠨ | ᠡᠪᠡᠳᠴᠢᠨ ᠲᠠᠢ 8 ᠬᠡᠦᠬᠡᠳ ᠲᠤ ᠲᠥᠷᠥᠯ ᠵᠦᠢᠯ ᠤᠨ ᠲᠤᠰᠠᠯᠠᠮᠵᠢ ᠶᠢᠨ ᠮᠥᠩᠭᠦ 21.6 ᠲᠦᠮᠡ ᠭᠠᠷᠤᠢ | ᠲᠥᠭᠦᠷᠢᠭ ᠭᠥᠷᠳᠡᠪᠡ᠃ | | | ᠨᠢᠬᠦᠯᠡᠰᠤᠩᠭᠦᠢ ᠶᠢᠨ ᠦᠢᠯᠡᠰ | | | ᠰᠢᠯᠢ ᠶᠢᠨ ᠭᠤᠣᠯ ᠠᠶᠢᠮᠠᠭ ᠨᠢ ᠨᠡᠶᠢᠭᠡᠮ ᠤᠨ ᠠᠵᠢᠯ ᠤᠨ ᠥᠷᠲᠡᠭᠡ ᠪᠠᠷ ᠲᠠᠪᠴᠠᠩ ᠪᠣᠯᠭᠠᠵᠤ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠵᠢᠯᠤᠭᠤᠳᠴᠤ᠂ | ︽ ᠨᠠᠰᠤᠳᠠᠳ ᠬᠡᠤᠬᠡᠳ ︾ ᠶᠢᠨ ᠲᠣᠭᠤᠷᠢᠨ ᠳᠤ ᠬᠦᠴᠢᠷᠳᠡᠯᠲᠡᠢ ᠣᠯᠠᠨ ᠲᠦᠮᠡᠨ ᠪᠠ ᠬᠡᠷᠡᠭᠴᠡᠭᠡ | ᠱᠠᠭᠠᠷᠳᠠᠯᠭ᠎ᠠ ᠲᠠᠢ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ᠬᠠᠷᠠᠭᠠᠯᠵᠠᠨ ᠠᠰᠠᠷᠠᠬᠤ᠂ ᠨᠡᠶᠢᠭᠡᠮ | ᠲᠣᠭᠤᠷᠢᠭ ᠲᠤ ᠠᠭᠤᠰᠤᠯᠴᠠᠬᠤ᠂ ᠰᠡᠳᠬᠢᠴᠡ ᠶᠢᠨ ᠵᠢᠯᠣᠭᠤᠳᠤᠯᠭ᠎ᠠ᠂ ᠤᠷᠮ᠎ᠠ ᠶᠢ ᠨᠢ ᠲᠡᠳᠬᠦᠬᠦ ᠵᠡᠷᠭᠡ | ᠨᠡᠶᠢᠭᠡᠮ ᠤᠨ ᠲᠤᠰᠬᠠᠢ ᠠᠵᠢᠯ ᠤᠨ ᠦᠢᠯᠡᠴᠢᠯᠡᠭᠡ ᠶᠢ ᠭᠤᠣᠯᠳᠠᠯᠭ᠎ᠠ ᠲᠠᠢ ᠬᠠᠨᠭ᠍ᠭᠠᠭᠠᠳ 2024 ᠣᠨ ᠳᠤ ᠡᠯ᠎ᠡ | ᠲᠦᠷᠦᠯ ᠤᠨ ᠠᠵᠢᠯᠯᠠᠭ᠎ᠠ ᠶᠢ 112 ᠤᠳᠠᠭ᠎ᠠ ᠥᠷᠨᠢᠭᠦᠯᠵᠦ᠂ 3700 ᠭᠠᠷᠤᠢ ᠤᠳᠠᠭ᠎ᠠ ᠳᠤ ᠦᠢᠯᠡᠴᠢᠯᠡᠭᠰᠡᠨ | ᠪᠠᠶᠢᠨ᠎ᠠ᠃ | | | | | | | | | | | | | | | | |