ᠠᠷᠠᠳ ᠤᠨ ᠶᠠᠪᠤᠳᠠᠯ ᠤᠨ  ᠰᠢᠭᠤᠷᠬᠠᠢ ᠮᠡᠳᠡᠭᠡ 12.13
ᠨᠡᠶᠢᠲᠡᠯᠡᠭᠰᠡᠨ ᠴᠠᠭ᠄
2024/12/13
ᠠᠷᠠᠳ ᠤᠨ ᠶᠠᠪᠤᠳᠠᠯ ᠤᠨ ᠶᠠᠮᠤᠨ    ᠠᠷᠠᠳ ᠤᠨ ᠶᠠᠪᠤᠳᠠᠯ ᠤᠨ ᠶᠠᠮᠤᠨ ᠤ ᠬᠢᠨ ᠤᠷᠴᠢᠮ ᠳᠤ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ 10 ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠃ ᠲᠣᠰ ᠤᠳᠠᠭ᠎ᠠ ᠨᠡᠶᠢᠲᠡᠯᠡᠭᠰᠡᠨ ︽ᠳᠡᠯᠡᠬᠡᠢ ᠶᠢᠨ ᠰᠣᠶᠣᠯ ᠤᠨ ᠬᠠᠮᠲᠤᠷᠠᠯᠴᠠᠭᠠᠨ ᠤ ᠬᠥᠭᠵᠢᠯᠲᠡ ᠶᠢᠨ ᠨᠡᠶᠢᠭᠡᠮᠯᠢᠭ︾ ᠤᠨ ᠬᠡᠷᠡᠭ᠂ ︽ᠳᠤᠮᠳᠠᠳᠤ ᠤᠯᠤᠰ ᠤᠨ ᠨᠢᠭᠦᠯᠡᠰᠦᠩᠭᠦᠢ ᠶᠢᠨ ᠬᠤᠯᠪᠣᠭᠠᠲᠤ ᠬᠤᠷᠠᠯ ᠤᠨ ᠪᠧᠢ ᠬᠠᠢ ᠶᠢᠨ ᠨᠢᠭᠦᠯᠡᠰᠦᠩᠭᠦᠢ ᠶᠢᠨ ᠦᠢᠯᠡᠴᠢᠯᠡᠭᠡᠨ ᠤ ᠥᠷᠲᠡᠭᠡ︾ ᠶᠢᠨ ᠬᠡᠷᠡᠭ ᠵᠡᠷᠭᠡ ᠪᠣᠯ ᠣᠷᠣᠨ ᠨᠤᠲᠤᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠰᠡᠨ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠲᠡᠯᠢᠭ ᠵᠢᠱᠢᠶ᠎ᠡ ᠪᠣᠯᠣᠨ᠎ᠠ᠃ ᠠᠷᠠᠳ ᠤᠨ ᠶᠠᠪᠤᠳᠠᠯ ᠤᠨ ᠶᠠᠮᠤᠨ ᠤ ᠬᠢᠨ ᠬᠤᠯᠪᠣᠭᠳᠠᠯ ᠪᠦᠬᠦᠢ ᠪᠠᠶᠢᠭᠤᠯᠤᠮᠵᠢ ᠪᠠ ᠨᠡᠶᠢᠭᠡᠮ ᠤᠨ ᠣᠯᠠᠨ ᠨᠡᠶᠢᠲᠡ ᠳᠤ᠄ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠯᠴᠠᠭ᠎ᠠ ᠥᠷᠨᠢᠭᠦᠯᠬᠦ ᠪᠤᠶᠤ ᠲᠡᠳᠡᠨ ᠤ ᠠᠵᠢᠯᠯᠠᠭ᠎ᠠ ᠳᠤ ᠣᠷᠣᠯᠴᠠᠬᠤ ᠳᠤ ᠪᠠᠨ ︿ᠳᠤᠮᠳᠠᠳᠤ ᠤᠯᠤᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ﹀᠂ ︿ᠳᠤᠮᠳᠠᠳᠤ ᠤᠯᠤᠰ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠯᠦᠩᠭᠦᠢ ᠪᠠᠶᠢᠳᠠᠯ﹀ ᠤᠨ ᠵᠠᠰᠠᠭ ᠤᠨ ᠶᠠᠪᠤᠳᠠᠯ ᠤᠨ ᠸᠢᠴᠠᠲ ᠢᠶᠠᠷ ᠳᠠᠮᠵᠢᠭᠤᠯᠤᠨ ᠪᠡᠶ᠎ᠡ ᠶᠢᠨ ᠭᠠᠷᠤᠯ ᠢ ᠬᠢᠨᠠᠨ ᠬᠠᠷᠭᠤᠭᠤᠯᠵᠤ ᠪᠣᠯᠣᠨ᠎ᠠ᠃ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠶᠢᠨ ᠰᠦᠪᠡᠭᠴᠢ ᠶᠢ ᠮᠡᠳᠡᠪᠡᠯ ᠲᠤᠬᠠᠢ ᠶᠢᠨ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠬᠦᠯᠤᠬᠡᠷᠡᠢ︾ ᠭᠡᠵᠤ ᠰᠠᠨᠠᠭᠤᠯᠵᠤ ᠪᠠᠶᠢᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ   ᠬᠥᠬᠡᠬᠤᠲᠠ ᠳᠤ ᠣᠲᠣ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ 257 ᠪᠣᠶ᠂ ᠡᠭᠦᠨ ᠳᠤ ᠬᠡᠪᠴᠢᠶᠡᠵᠢᠯ  ᠠᠴᠠ ᠳᠡᠭᠡᠭᠰᠢᠬᠢ ᠭᠡᠰᠢᠭᠦᠨ ᠠᠵᠤ ᠠᠬᠤᠶᠢᠯᠠᠯ ᠤᠨ ᠨᠢᠬᠡᠴᠢ 470 ᠪᠣᠶ᠃ ᠡᠯ᠎ᠡ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠨᠢ ᠨᠡᠶᠢᠭᠡᠮ ᠤᠨ ᠬᠠᠷᠢᠭᠤᠴᠠᠯᠭᠠᠲᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠪᠠ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ 19 ᠪᠠᠶᠢᠭᠤᠯᠵᠤ᠂ ᠤᠷᠢᠵᠤ ᠡᠯᠰᠡᠬᠦ ᠬᠤᠷᠠᠯ᠂ ᠵᠣᠯᠭᠠᠭᠤᠯᠬᠤ ᠬᠤᠷᠠᠯ ᠵᠡᠷᠭᠡ ᠠᠷᠭ᠎ᠠ ᠪᠠᠷ  ᠠᠵᠢᠯ ᠲᠦᠷᠦᠯ ᠤᠨ ᠠᠵᠤ ᠠᠬᠤᠶᠢᠯᠠᠯ ᠢ ᠬᠠᠪᠰᠤᠷᠤᠨ 3930 ᠬᠥᠮᠥᠨ ᠳᠤ ᠠᠵᠢᠯ ᠣᠯᠭᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠪᠦᠲᠦᠮᠵᠢᠲᠡᠶ ᠪᠠᠷ ᠬᠦᠴᠦᠨ ᠨᠡᠮᠡᠷᠢᠯᠡᠪᠡ᠃   ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠦᠨᠤ ᠵᠢᠯ ᠪᠠᠭᠤᠯᠭᠠᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠤᠨ ᠬᠠᠮᠢᠶᠠᠷᠤᠯᠲᠠ ᠶᠢ ᠠᠬᠢᠭᠤᠯᠪᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠬᠠᠮᠢᠶᠠᠷᠬᠤ ᠪᠠ ᠣᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠣᠨ ᠤ ᠪᠠᠶᠢᠴᠠᠭᠠᠯᠲᠠ ᠶᠢᠨ ᠨᠣᠷᠮ᠎ᠠ ᠶᠢ 80% ᠠᠴᠠ ᠳᠡᠭᠡᠭᠰᠢ ᠳᠤ ᠬᠦᠷᠤᠬᠦᠯᠪᠡ᠃ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠤᠨ ᠰᠦᠢᠳᠬᠡᠯ ᠬᠤᠷᠢᠶᠠᠬᠤ ᠠᠵᠢᠯᠯᠠᠭ᠎ᠠ ᠶᠢ ᠦᠷᠭᠦᠯᠵᠢᠯᠡᠨ ᠵᠢᠷᠤᠮᠵᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠴᠦ ᠲᠡᠭᠦᠨ ᠢ ᠴᠡᠭᠴᠡᠯᠡᠨ ᠵᠠᠰᠠᠬᠤ ᠵᠡᠷᠭᠡ ᠲᠤᠰᠬᠠᠢ ᠠᠵᠢᠯᠯᠠᠭ᠎ᠠ ᠶᠢ ᠪᠠᠶᠢᠩᠭᠤᠵᠢᠭᠤᠯᠤᠨ ᠦᠷᠨᠢᠬᠦᠯᠤᠬᠡᠳ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠦᠪᠡᠭᠴᠢ ᠶᠢ1  ᠰᠢᠢᠳᠪᠦᠷᠢᠯᠡᠵᠦ᠂ ᠠᠵᠤ ᠠᠬᠤᠶᠢᠯᠠᠯ ᠤᠨ ᠨᠡᠶᠢᠭᠡᠮᠯᠢᠭ ᠤᠨ ᠰᠦᠢᠳᠬᠡᠯ ᠤᠨ ᠵᠣᠭᠤᠰ ᠤᠨ ᠲᠤᠭ᠎ᠠ ᠶᠢ 12 ᠲᠦᠮᠡᠨ ᠲᠥᠭᠦᠷᠢᠭ   ᠬᠡᠯᠲᠦᠷᠢᠭᠦᠯᠪᠡ᠃ᠨᠡᠶᠢᠭᠡᠮ ᠤᠨ  ᠶᠠᠪᠤᠳᠠᠯ    ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠤᠨ ᠵᠢᠯ ︽520︾ ︽ᠪᠢᠯᠢᠭ ᠤᠨ ᠤᠯᠠᠷᠢᠯ ᠤᠨ ᠳᠣᠯᠣᠭᠠᠨ ᠰᠠᠷ᠎ᠠ ᠶᠢᠨ ᠳᠣᠯᠣᠭᠠᠨ︾ ᠵᠡᠷᠭᠡ ᠤᠷᠤᠭ ᠲᠠᠩᠰᠠᠯᠠᠭᠤᠯᠬᠤ ᠣᠷᠭᠢᠯ ᠦᠶ᠎ᠡ ᠳᠤ ᠡᠯ᠎ᠡ ᠬᠤᠰᠢᠭᠤ ᠬᠤᠲᠠ ᠲᠣᠭᠤᠷᠢᠭ ᠢ ᠵᠣᠬᠢᠶᠠᠨ ᠪᠠᠶᠢᠭᠤᠯᠤᠨ ᠳᠤᠭᠤᠢ ᠤᠨᠤᠵᠤ ᠬᠠᠮᠲᠤ ᠶᠢᠨ ᠬᠤᠷᠢᠮ ᠤᠨ ᠶᠣᠰᠣᠯᠠᠯ ᠬᠢᠬᠦ᠂ ᠴᠠᠭ ᠦᠶ᠎ᠡ ᠶᠢᠨ ᠦᠵᠡᠭᠦᠯᠦᠯᠭᠡ ᠶᠢᠨ ᠬᠠᠮᠲᠤ ᠶᠢᠨ ᠬᠤᠷᠢᠮ ᠤᠨ ᠶᠣᠰᠣᠯᠠᠯ᠂ ᠨᠠᠶᠠᠭᠠᠳ ᠣᠨ ᠤ ᠬᠥᠳᠡᠭᠡ ᠲᠣᠰᠬᠤᠨ ᠤ ᠬᠤᠷᠢᠮ ᠤᠨ ᠶᠣᠰᠣᠯᠠᠯ᠂ ᠲᠠᠯ᠎ᠠ ᠨᠤᠲᠤᠭ ᠤᠨ ᠬᠠᠮᠲᠤ ᠶᠢᠨ ᠬᠤᠷᠢᠮ ᠤᠨ ᠶᠣᠰᠣᠯᠠᠯ᠂ ᠬᠠᠮᠲᠤ ᠶᠢᠨ ᠬᠤᠷᠢᠮ ᠤᠨ ᠶᠣᠰᠣᠯᠠᠯ ᠳᠤ ᠮᠤᠷᠢ ᠪᠠᠷ ᠤᠷᠤᠯᠴᠠᠬᠤ ᠵᠡᠷᠭᠡ ᠲᠣᠰ ᠲᠣᠰ ᠤᠨ ᠣᠨᠴᠠᠯᠢᠭ ᠲᠠᠢ ᠬᠠᠮᠲᠤ ᠶᠢᠨ ᠬᠤᠷᠢᠮ ᠤᠨ ᠶᠣᠰᠣᠯᠠᠯ ᠢ ᠨᠡᠶᠢᠲᠡ 20 ᠭᠠᠷᠤᠢ ᠲᠠᠯᠠᠪᠤᠷ ᠡᠷᠭᠢᠯᠡᠵᠦ᠂ ᠣᠷᠣᠯᠴᠠᠭᠰᠠᠨ ᠬᠥᠮᠥᠨ ᠤ ᠲᠤᠭ᠎ᠠ ᠨᠢ ᠨᠡᠶᠢᠲᠡ 2000 ᠰᠢᠬᠠᠮ ᠪᠤᠯᠵᠤ᠂ ᠬᠠᠮᠲᠤ ᠶᠢᠨ ᠬᠤᠷᠢᠮ ᠤᠨ ᠶᠣᠰᠣᠯᠠᠯ ᠤᠨ ᠰᠢᠨ᠎ᠡ ᠶᠢ  ᠡᠭᠦᠳᠴᠦ᠂ ᠬᠤᠷᠢᠮ ᠤᠨ ᠶᠣᠰᠣᠯᠠᠯ ᠳᠤ ᠰᠢᠨ᠎ᠡ ᠠᠭᠤᠯᠬᠤᠨ ᠨᠡᠮᠡᠷᠢᠯᠡᠪᠡ᠃   ᠣᠷᠣᠨ ᠤ ᠭᠠᠳᠠᠨᠠᠬᠢ ᠮᠡᠳᠡᠭᠡ ᠵᠠᠩᠭᠢ   ᠭᠦᠢᠵᠧᠦ ᠮᠤᠵᠢ ᠶᠢᠨ ᠬᠢᠨ ᠤᠷᠴᠢᠮ ᠳᠤ ᠪᠥᠬᠦ ᠮᠤᠵᠢ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠰᠠᠨ ᠪᠠᠶᠢᠭᠤᠯᠤᠯᠲᠠ ᠪᠠ ᠴᠢᠨᠠᠷᠯᠢᠭ ᠬᠥᠭᠵᠢᠯᠲᠡ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠲᠡᠬᠡᠷ᠎ᠡ᠄ ︽ᠡᠨᠡ ᠵᠢᠯ ᠤᠨ 12 ᠰᠠᠷ᠎ᠠ ᠠᠴᠠ ᠬᠤᠶᠢᠳᠤᠨ ᠵᠢᠯ ᠤᠨ 12 ᠰᠠᠷ᠎ᠠ ᠶᠢᠨ ᠰᠡᠭᠦᠯᠴᠢ ᠪᠣᠯᠲᠠᠯ᠎ᠠ ᠪᠦᠬᠦ ᠮᠤᠵᠢ ᠪᠠᠷ ᠢᠶᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠲᠤᠰᠬᠠᠢ ᠠᠵᠢᠯᠯᠠᠭᠠᠨ ᠤ ᠠᠵᠢᠯ ᠢ ᠥᠷᠨᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠯ ᠢ ᠵᠢᠷᠤᠮᠵᠢᠭᠤᠯᠬᠤ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠠᠰᠠᠯᠲᠠ ᠶᠢ ᠵᠢᠷᠤᠮᠵᠢᠭᠤᠯᠬᠤ ᠪᠠᠶᠢᠭᠤᠯᠤᠯᠲᠠ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠵᠡᠷᠭᠡ 6 ᠠᠵᠢᠯᠯᠠᠭ᠎ᠠ ᠶᠢᠨ 17 ᠵᠦᠢᠯ ᠤᠨ ᠡᠭᠦᠷᠭᠡ ᠪᠠᠷ ᠳᠠᠮᠵᠢᠭᠤᠯᠤᠨ᠂ ᠪᠦᠬᠦ ᠮᠤᠵᠢ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠡᠪᠴᠢᠶ᠎ᠡ ᠨᠢ ᠵᠣᠬᠢᠰᠲᠠᠢ᠂ ᠪᠦᠲᠦᠴᠡ ᠨᠢ ᠵᠣᠬᠢᠰᠲᠠᠢ᠂ ᠵᠠᠰᠠᠯᠲᠠ ᠨᠢ ᠪᠦᠲᠦᠮᠵᠢᠲᠡᠶ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠬᠠᠷᠠᠯᠲᠠ ᠶᠢ ᠪᠡᠶᠡᠯᠡᠬᠦᠯᠬᠦ ᠪᠤᠯᠤᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号