ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 12 ᠤᠨ ᠴᠠᠭᠢᠯᠭᠠᠨ ᠮᠡᠳᠡᠭᠡ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠲᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ | ᠶᠠᠷᠢᠶ᠎ᠠ ᠲᠠᠯᠪᠢᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ | ᠰᠢᠶᠠᠩ᠂ ᠯᠢ ᠰᠢ ᠬᠤᠷᠠᠯ ᠳᠤ ᠣᠷᠣᠯᠴᠠᠵᠠᠢ᠃ | | | 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ | ᠪᠡᠭᠡᠵᠢᠩ ᠳᠤ ᠬᠤᠷᠠᠯᠳᠤᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ | ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ | ᠰᠡᠭᠦᠳᠡᠷᠯᠡᠪᠡ | ᠰᠢ ᠶᠢᠨ ᠫᠢᠩ ᠴᠢᠬᠤᠯᠠ ᠶᠠᠷᠢᠶᠠᠨ ᠳᠠᠭᠠᠨ 2024 ᠣᠨ ᠤ ᠠᠵᠤ ᠠᠬᠤᠢ ᠶᠢᠨ ᠠᠵᠢᠯ ᠢ ᠳ᠋ᠦᠩᠨᠡᠵᠦ᠂ ᠣᠳᠣᠬᠠᠨ ᠤ | ᠠᠵᠤ ᠠᠬᠤᠢ ᠶᠢᠨ ᠪᠠᠶᠢᠳᠠᠯ ᠢ ᠵᠠᠳᠠᠯᠤᠨ᠂ 2025 ᠣᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ᠃ ᠯᠢ ᠴᠢᠶᠠᠩ | ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ | ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ | ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠭᠠᠳᠠᠭᠠᠳᠤ ᠳᠠᠷᠤᠯᠲᠠ ᠨᠡᠮᠡᠭᠳᠡᠵᠦ᠂ ᠳᠣᠲᠣᠭᠠᠳᠤ ᠶᠢᠨ | ᠬᠦᠴᠢᠷᠳᠡᠯ ᠨᠡᠮᠡᠭᠳᠡᠵᠦ ᠪᠠᠶᠢᠭ᠎ᠠ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ᠂ | ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠤᠷᠤᠭᠰᠢᠲᠠᠢ ᠪᠡᠶᠡᠯᠡᠭᠳᠡᠬᠦ ᠪᠣᠯᠣᠯ᠎ᠠ᠃ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠲᠣᠭᠲᠠᠭᠤᠨ ᠢᠶᠠᠷ ᠬᠥᠭᠵᠢᠵᠦ᠂ ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ | ᠭᠦᠨᠵᠡᠭᠡᠶᠢᠷᠡᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠠᠷᠢᠯᠭᠠᠬᠤ ᠠᠵᠢᠯ ᠡᠮᠬᠢ ᠵᠢᠷᠤᠮ ᠲᠠᠢ | ᠪᠦᠲᠦᠮᠵᠢᠲᠡᠶ ᠶᠠᠪᠤᠭᠳᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠥᠭᠡᠳ ᠬᠦᠴᠦᠲᠡᠢ ᠪᠣᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠰᠢᠨ᠎ᠡ ᠠᠯᠬᠤᠮ ᠢ ᠠᠯᠬᠤᠪᠠ᠃ ᠨᠢᠭᠡ ᠵᠢᠯ ᠤᠨ | ᠲᠤᠷᠰᠢᠬᠢ ᠬᠥᠭᠵᠢᠯᠲᠡ ᠶᠢᠨ ᠶᠠᠪᠤᠴᠠ ᠶᠡᠷᠦ ᠪᠤᠰᠤ ᠶᠢᠨ ᠪᠠᠶᠢᠵᠤ᠂ ᠠᠮᠵᠢᠯᠲᠠ ᠪᠦᠲᠦᠮᠵᠢ ᠬᠥᠮᠥᠰ ᠢ ᠵᠣᠷᠢᠭᠵᠢᠭᠤᠯᠤᠭᠰᠠᠨ | ᠪᠠᠶᠢᠨ᠎ᠠ᠂ ᠢᠯᠠᠩᠭᠤᠶ᠎ᠠ 9 ᠰᠠᠷ᠎ᠠ ᠶᠢᠨ 26 ᠤ ᠡᠳᠦᠷ ᠤᠨ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠠᠴᠠ ᠡᠷᠡᠰ ᠰᠢᠭᠤᠷᠬᠠᠢ ᠪᠠᠷ ᠠᠯᠢ ᠤᠯᠠᠨ ᠨᠡᠮᠡᠭᠳᠡᠯ ᠤᠨ | ᠲᠦᠷᠦ ᠶᠢᠨ ᠪᠣᠳᠣᠯᠭ᠎ᠠ ᠶᠢ ᠪᠠᠶᠢᠷᠢᠯᠠᠭᠤᠯᠵᠤ᠂ ᠨᠡᠶᠢᠭᠡᠮ ᠤᠨ ᠢᠲᠡᠭᠡᠯ ᠵᠣᠷᠢᠭ ᠢ ᠪᠦᠲᠦᠮᠵᠢᠲᠡᠢ ᠬᠥᠭᠵᠢᠭᠡᠵᠦ᠂ ᠠᠵᠤ ᠠᠬᠤᠢ | ᠢᠯᠡᠳᠲᠡ ᠳᠡᠭᠡᠭᠰᠢᠯᠡᠪᠡ ᠭᠡᠵᠦ ᠦᠵᠡᠵᠡᠢ᠃ | ᠬᠤᠷᠠᠯ ᠠᠴᠠ᠂ ᠣᠳᠣᠬᠠᠨ ᠤ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ ᠦᠭᠡᠢ | ᠨᠥᠯᠥᠭᠡ ᠭᠦᠨᠵᠡᠭᠡᠶᠢᠷᠡᠵᠦ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠳᠤ ᠮᠥᠨ ᠬᠦ ᠴᠥᠭᠡᠨ ᠪᠤᠰᠤ ᠬᠦᠴᠢᠷᠳᠡᠯ | ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ᠂ ᠭᠤᠣᠯᠳᠠᠭᠤ ᠤᠯᠤᠰ ᠤᠨ ᠳᠣᠲᠣᠭᠠᠳᠤ ᠶᠢᠨ ᠬᠡᠷᠡᠭᠴᠡᠭᠡ ᠬᠦᠷᠦᠯᠴᠡᠬᠦ ᠦᠭᠡᠢ᠂ | ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯᠲᠡᠢ᠂ ᠤᠯᠠᠨ ᠲᠦᠮᠡᠨ ᠤ ᠠᠵᠢᠯ ᠣᠯᠭᠤᠯᠲᠠ | ᠣᠷᠣᠯᠭ᠎ᠠ ᠶᠢᠨ ᠨᠡᠮᠡᠭᠳᠡᠯ ᠳᠠᠷᠤᠯᠲᠠ ᠳᠤ ᠲᠤᠯᠭᠠᠷᠠᠵᠤ᠂ ᠠᠶᠤᠯ ᠲᠦᠭᠰᠢᠭᠦᠷᠢ ᠭᠡᠮ ᠰᠣᠭᠤᠭ ᠮᠥᠨ ᠬᠦ ᠨᠡᠯᠢᠶᠡᠳ ᠤᠯᠠᠨ | ᠪᠠᠶᠢᠨ᠎ᠠ᠃ ᠡᠭᠦᠨ ᠤ ᠬᠠᠮᠲᠤ᠂ ᠮᠠᠨ ᠤ ᠤᠯᠤᠰ ᠤᠨ ᠠᠵᠤ ᠠᠬᠤᠢ ᠶᠢᠨ ᠰᠠᠭᠤᠷᠢ ᠲᠣᠭᠲᠠᠭᠤᠨ᠂ ᠳᠠᠪᠠᠭᠤᠯᠢᠭ ᠣᠯᠠᠨ᠂ | ᠤᠶᠠᠨ ᠴᠢᠨᠠᠷ ᠴᠢᠩᠭ᠎ᠠ᠂ ᠳᠠᠯᠳᠠ ᠴᠢᠳᠠᠪᠤᠷᠢ ᠶᠡᠭᠡ᠂ ᠣᠷᠳᠣ ᠬᠤᠭᠤᠴᠠᠭ᠎ᠠ ᠪᠠᠷ ᠰᠠᠶᠢᠵᠢᠷᠠᠬᠤ ᠲᠤᠯᠭᠠᠭᠤᠷᠢᠯᠠᠬᠤ ᠨᠥᠬᠦᠴᠡᠯ | ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠪᠠᠶᠢᠬᠤ ᠶᠢ ᠡᠷᠬᠡᠪᠰᠢ ᠣᠯᠵᠤ ᠬᠠᠷᠠᠬᠤ ᠬᠡᠷᠡᠭᠲᠡᠢ᠃ ᠪᠢᠳᠡ ᠬᠦᠴᠢᠷ | ᠪᠡᠷᠬᠡᠰᠢᠶᠡᠯ ᠳᠤ ᠵᠥᠪ ᠢᠶᠠᠷ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠯ᠎ᠡ ᠲᠠᠯ᠎ᠠ ᠶᠢᠨ ᠢᠳᠡᠪᠬᠢ ᠬᠦᠴᠦᠨ | ᠵᠦᠢᠯ ᠢ ᠬᠥᠭᠵᠢᠯᠲᠡ ᠶᠢᠨ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠦᠢᠯᠡᠳᠦᠯᠭᠡ ᠶᠢᠨ ᠳᠤᠮᠳᠠ ᠪᠢᠳᠡ ᠠᠵᠤ ᠠᠬᠤᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ | ᠲᠤᠬᠠᠢ ᠲᠠᠨᠢᠯᠲᠠ ᠪᠠᠨ ᠲᠠᠰᠣᠷᠠᠯᠳᠠ ᠦᠭᠡᠢ ᠭᠦᠨᠵᠡᠭᠡᠶᠢᠷᠡᠭᠦᠯᠪᠡ᠃ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ | ᠵᠠᠩᠭᠢᠯᠠᠭ᠎ᠠ ᠶᠢᠨ ᠴᠠᠭ ᠮᠥᠴᠡ᠂ ᠴᠢᠬᠤᠯᠠ ᠴᠠᠭ ᠦᠶ᠎ᠡ ᠳᠤ᠂ ᠨᠠᠮ ᠤᠨ ᠲᠥᠪ ᠬᠤᠷᠢᠶ᠎ᠠ ᠴᠠᠭ ᠲᠤᠬᠠᠢ ᠳᠤᠨᠢ ᠪᠠᠶᠢᠳᠠᠯ ᠢ | ᠰᠤᠳᠤᠯᠤᠨ ᠮᠠᠭᠠᠳᠯᠠᠵᠤ᠂ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠮᠠᠨ ᠤ ᠤᠯᠤᠰ ᠤᠨ ᠠᠵᠤ ᠠᠬᠤᠢ ᠶᠢᠨ | ᠬᠥᠯᠭᠡ ᠣᠩᠭᠤᠴᠠ ᠶᠢᠨ ᠰᠠᠯᠬᠢ ᠳᠠᠪᠠᠯᠭᠠᠨ ᠢ ᠵᠦᠰᠦᠨ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠪᠠ᠃ | ᠡᠷᠬᠡᠪᠰᠢ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ︽ᠠᠮᠢᠳᠤᠯᠢᠭ ᠪᠤᠯᠭᠠᠬᠤ︾ ᠮᠥᠷᠲᠡᠭᠡᠨ ︽ᠬᠠᠮᠢᠶᠠᠷᠴᠤ ᠲᠡᠶᠢᠯᠭᠦ︾ ᠠᠵᠤ | ᠠᠬᠤᠢ ᠶᠢᠨ ᠡᠮᠬᠢ ᠳᠢᠭᠯᠢᠮ ᠢ ᠪᠤᠢ ᠪᠤᠯᠭᠠᠬᠤ ᠬᠡᠷᠡᠭᠲᠡᠢ᠃ ᠡᠷᠬᠡᠪᠰᠢ ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ | ᠬᠡᠷᠡᠭᠴᠡᠭᠡ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠠᠷᠠᠳ ᠤᠨ ᠠᠵᠤ ᠠᠬᠤᠢ ᠶᠢᠨ | ᠣᠷᠴᠢᠯ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ ᠡᠷᠬᠡᠪᠰᠢ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠪᠠ | ᠬᠠᠭᠤᠴᠢᠨ ᠬᠥᠳᠡᠯᠭᠡᠬᠦ ᠡᠨᠧᠷᠭᠢ ᠶᠢ ᠰᠢᠨᠡᠳᠬᠡᠬᠦ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ | ᠡᠷᠬᠡᠪᠰᠢ ᠨᠡᠮᠡᠭᠳᠡᠯ ᠢ ᠰᠢᠯᠢᠳᠡᠭᠵᠢᠭᠦᠯᠬᠦ ᠪᠠ ᠨᠥᠭᠡᠴᠡ ᠶᠢ ᠠᠮᠢᠳᠤᠯᠢᠭᠵᠢᠭᠤᠯᠬᠤ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ | ᠬᠡᠷᠡᠭᠲᠡᠢ᠃ ᠡᠷᠬᠡᠪᠰᠢ ᠶᠠᠰᠤ ᠴᠢᠨᠠᠷ ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠬᠠᠷᠢᠴᠠᠭ᠎ᠠ ᠶᠢ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠣᠳᠠᠰ ᠤᠨ | ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠦᠵᠡᠪᠡ᠃ | ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠠᠶᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠠᠩ | ᠢᠳᠡᠪᠬᠢᠲᠡᠢ ᠦᠷ᠎ᠡ ᠪᠦᠳᠦᠮᠵᠢ ᠲᠠᠢ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ | ᠰᠢᠨ᠎ᠡ ᠶᠢ ᠡᠭᠦᠳᠬᠦ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠸᠠᠷ ᠤᠨ ᠣᠷᠣᠨ ᠰᠠᠭᠤᠴᠠ ᠶᠢᠨ ᠵᠠᠬ᠎ᠠ ᠳᠡᠯᠭᠡᠭᠦᠷ | ᠰᠲ᠋ᠣᠺ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ | ᠭᠠᠳᠠᠭᠠᠳᠤ ᠠᠴᠠ ᠢᠷᠡᠬᠦ ᠴᠣᠬᠢᠯᠲᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ ᠲᠣᠭᠲᠠᠪᠤᠷᠢᠵᠢᠭᠤᠯᠵᠤ᠂ ᠠᠮᠢᠵᠢᠷᠠᠯ ᠤᠨ | ᠬᠦᠴᠦᠨ ᠢ ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠠᠬᠢᠭᠤᠯᠵᠤ᠂ ᠠᠷᠠᠳ ᠤᠨ | ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ | ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ | ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ | ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠢᠷᠡᠬᠦ ᠵᠢᠯ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠵᠤ᠂ ᠠᠵᠢᠯ ᠣᠯᠭᠤᠯᠲᠠ᠂ | ᠪᠠᠷᠠᠭᠠᠨ ᠤ ᠦᠨ᠎ᠡ ᠶᠢᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠤᠯᠠᠨ ᠤᠯᠤᠰ ᠤᠨ ᠬᠤᠭᠤᠷᠣᠨᠳᠣᠭᠢ | ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠠᠶᠢᠬᠤ ᠶᠢ ᠪᠠᠲᠤᠯᠠᠵᠤ᠂ ᠰᠠᠭᠤᠭᠠᠯᠢ ᠠᠷᠠᠳ ᠤᠨ ᠣᠷᠣᠯᠭ᠎ᠠ | ᠪᠣᠯᠣᠨ ᠠᠵᠤ ᠠᠬᠤᠢ ᠶᠢᠨ ᠵᠡᠷᠭᠡ ᠪᠠᠷ ᠨᠡᠮᠡᠭᠳᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠢᠷᠡᠬᠦ ᠵᠢᠯ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ ᠪᠠᠷ | ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠤᠷᠢᠳ ᠢᠶᠠᠷ | ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠵᠦ᠂ ᠰᠢᠰᠲ᠋ᠧᠮᠵᠢᠭᠦᠯᠦᠨ ᠬᠤᠷᠠᠭᠤᠯᠵᠤ᠂ ᠬᠠᠮᠵᠢᠯᠴᠠᠨ ᠠᠵᠢᠯᠯᠠᠵᠤ | ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠷᠸ᠎ᠠ ᠡᠵᠡᠮᠳᠡᠯ | ᠲᠣᠬᠢᠷᠠᠭᠤᠯᠭ᠎ᠠ ᠶᠢᠨ ᠪᠠᠷᠠᠯᠠᠯᠳᠤ ᠴᠢᠨᠠᠷ᠂ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ | ᠨᠡᠩ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ ᠡᠳ᠋ ᠤᠨ ᠵᠠᠰᠠᠭ ᠤᠨ | ᠤᠯᠠᠭᠠᠨ ᠲᠤᠭ᠎ᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢᠨ ᠦᠷᠭᠦᠯᠵᠢᠯᠡᠨ | ᠬᠦᠴᠦᠯᠡᠬᠦ᠂ ᠨᠡᠩ ᠦᠷ᠎ᠡ ᠪᠦᠲᠦᠮᠵᠢᠲᠡᠢ ᠪᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠳ᠋ ᠤᠨ ᠵᠠᠰᠠᠭ ᠤᠨ | ᠵᠠᠷᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ | ᠭᠡᠳᠤ ᠣᠷᠳᠣ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠶᠢ ᠲᠠᠷᠬᠠᠭᠠᠬᠤ ᠶᠢ ᠨᠡᠮᠡᠭᠳᠡᠭᠦᠯᠵᠦ᠂ ︽ᠤᠯᠤᠰ ᠤᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ | ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ︾ ᠶᠢᠨ ᠲᠥᠷᠥᠯ ᠵᠦᠢᠯ ᠪᠠ ︽ᠶᠡᠭᠡ ᠬᠡᠮᠵᠢᠶᠡᠨ ᠤ ᠲᠤᠨᠤᠭ | ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠦᠯᠲᠡ ᠶᠢ ᠦᠷᠭᠦᠯᠵᠢᠯᠡᠨ ᠳᠡᠮᠵᠢᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ | ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ ᠬᠡᠷᠡᠭᠯᠡᠬᠦ ᠶᠢ ᠨᠡᠮᠡᠭᠳᠡᠭᠦᠯᠵᠦ᠂ ᠪᠡᠯᠡ ᠣᠷᠣᠭᠤᠯᠤᠯᠲᠠ ᠶᠢᠨ ᠴᠢᠭᠯᠡᠯ ᠤᠨ | ᠬᠦᠷᠢᠶ᠎ᠡ ᠴᠠᠷᠠᠭ᠎ᠠ ᠪᠠ ᠲᠦᠷᠦᠯ ᠵᠦᠢᠯ ᠤᠨ ᠬᠥᠷᠥᠩᠭᠡ ᠮᠥᠩᠭᠦ ᠪᠣᠯᠭᠠᠨ ᠬᠡᠷᠡᠭᠯᠡᠬᠦ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ | ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ᠂ ᠨᠥᠭᠡᠴᠡ | ᠬᠦᠴᠦᠨ ᠢ ᠨᠡᠮᠡᠭᠳᠡᠭᠦᠯᠬᠦ ᠶᠢ ᠨᠡᠩ ᠴᠢᠬᠤᠯᠠᠴᠢᠯᠠᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ | ᠱᠤᠭᠤᠮ ᠢ ᠪᠠᠲᠤ ᠰᠠᠬᠢᠬᠤ ᠬᠡᠷᠡᠭᠲᠡᠢ᠃ ᠨᠠᠮ ᠵᠠᠰᠠᠭ ᠤᠨ ᠪᠠᠶᠢᠭᠤᠯᠭ᠎ᠠ ᠠᠷᠪᠢᠯᠠᠨ ᠭᠠᠮᠨᠠᠵᠤ ᠠᠮᠢᠳᠤᠷᠠᠬᠤ ᠶᠢ ᠪᠠᠷᠢᠮᠲᠠᠯᠠᠬᠤ | ᠬᠡᠷᠡᠭᠲᠡᠢ᠃ | ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ | ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ ᠦᠢᠯᠡᠳᠦᠯ | ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠣᠷᠮ᠎ᠠ ᠬᠠᠳᠠᠭᠠᠯᠠᠮᠵᠢ ᠪᠠ | ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠴᠠᠭ ᠲᠤᠨᠢ ᠲᠣᠬᠢᠷᠠᠭᠤᠯᠤᠨ ᠪᠠᠭᠤᠷᠠᠭᠤᠯᠵᠤ᠂ ᠭᠦᠢᠯᠭᠡᠭᠡᠨ ᠤ ᠴᠢᠨᠠᠷ ᠢᠶᠠᠷ | ᠭᠦᠢᠴᠡᠳ ᠪᠠᠶᠢᠬᠤ ᠶᠢ ᠪᠠᠲᠤᠯᠠᠨ᠂ ᠨᠡᠶᠢᠭᠡᠮ ᠤᠨ ᠪᠡᠯᠡ ᠬᠤᠷᠠᠮᠳᠤᠭᠤᠯᠭ᠎ᠠ ᠶᠢᠨ ᠬᠡᠪᠴᠢᠶ᠎ᠡ᠂ ᠵᠣᠭᠤᠰᠤᠨ ᠤ ᠬᠠᠩᠭᠠᠯᠭ᠎ᠠ ᠶᠢᠨ | ᠬᠡᠮᠵᠢᠶ᠎ᠡ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ᠂ ᠦᠨ᠎ᠡ ᠬᠠᠩᠰᠢ ᠶᠢᠨ ᠶᠡᠷᠦᠩᠬᠡᠢ ᠬᠢᠷᠢ ᠲᠦᠪᠰᠢᠨ ᠤ ᠵᠢᠱᠢᠭᠰᠡᠨ | ᠬᠠᠷᠠᠯᠲᠠ ᠯᠤᠭ᠎ᠠ ᠬᠠᠷᠢᠯᠴᠠᠨ ᠲᠣᠬᠢᠷᠠᠯᠴᠠᠭᠤᠯᠬᠤ ᠬᠡᠷᠡᠭᠲᠡᠢ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ | ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠬᠤ | ᠬᠡᠷᠡᠭᠲᠡᠢ᠃ ᠲᠥᠪ ᠪᠠᠩᠬᠢ ᠶᠢᠨ ᠬᠤᠷᠸ᠎ᠠ ᠲᠠᠯ᠎ᠠ ᠶᠢᠨ ᠬᠢᠨᠠᠭᠤᠷ ᠪᠣᠯᠭᠤᠮᠵᠢᠲᠠᠢ ᠪᠠᠶᠢᠬᠤ ᠪᠠ ᠮᠥᠩᠭᠦᠨ ᠭᠦᠢᠯᠭᠡᠭᠡᠨ ᠢ | ᠲᠣᠭᠲᠠᠭᠤᠨ ᠪᠠᠶᠢᠯᠭᠠᠬᠤ ᠦᠢᠯᠡᠳᠦᠯ ᠴᠢᠳᠠᠮᠵᠢ ᠶᠢ ᠰᠦᠪᠡᠭᠴᠢᠯᠡᠨ ᠥᠷᠭᠡᠳᠬᠡᠵᠦ᠂ ᠮᠥᠩᠭᠦᠨ ᠭᠦᠢᠯᠭᠡᠭᠡᠨ ᠤ ᠪᠠᠭᠠᠵᠢ ᠶᠢᠨ | ᠲᠠᠯ᠎ᠠ ᠪᠠᠷ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ | ᠲᠦᠷᠦ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠡᠳ᠋ ᠤᠨ ᠵᠠᠰᠠᠭ᠂ | ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ᠂ ᠠᠷᠠᠯᠵᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ | ᠬᠢᠨᠠᠯᠲᠠ ᠬᠠᠮᠢᠶᠠᠷᠤᠯᠲᠠ ᠵᠡᠷᠭᠡ ᠲᠦᠷᠦ ᠶᠢᠨ ᠪᠣᠳᠣᠯᠭ᠎ᠠ ᠪᠠ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠬᠡᠮᠵᠢᠶ᠎ᠡ ᠶᠢᠨ | ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣᠭᠢ ᠪᠦᠲᠦᠮᠵᠢᠲᠡᠢ ᠨᠡᠪᠲᠡᠷᠡᠯᠴᠡᠭᠡ᠂ | ᠵᠥᠪᠳᠡᠯᠴᠡᠨ ᠬᠠᠷᠢᠭᠤ ᠲᠤᠰᠬᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠶᠢᠨ ᠬᠠᠮᠲᠤᠷᠠᠯ | ᠬᠦᠴᠦᠨ ᠢ ᠴᠢᠩᠭᠠᠷᠠᠭᠤᠯᠬᠤ ᠬᠡᠷᠡᠭᠲᠡᠢ᠃ ᠠᠵᠤ ᠠᠬᠤᠢ ᠶᠢᠨ ᠲᠥᠷᠥ ᠶᠢᠨ ᠪᠣᠳᠣᠯᠭ᠎ᠠ ᠪᠠ ᠠᠵᠤ ᠠᠬᠤᠢ ᠶᠢᠨ ᠪᠤᠰᠤ | ᠲᠥᠷᠥ ᠶᠢᠨ ᠪᠣᠳᠣᠯᠭ᠎ᠠ ᠶᠢ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠡᠢ ᠴᠢᠨᠠᠷ ᠢ ᠦᠨᠡᠯᠡᠬᠦ | ᠬᠡᠪᠴᠢᠶᠡᠨ ᠳᠤ ᠣᠷᠣᠭᠤᠯᠵᠤ᠂ ᠲᠥᠷᠥ ᠶᠢᠨ ᠪᠣᠳᠣᠯᠭ᠎ᠠ ᠲᠣᠭᠲᠠᠭᠠᠬᠤ ᠪᠠ ᠬᠡᠷᠡᠭᠵᠢᠭᠦᠯᠬᠦ ᠪᠦᠭᠦ ᠶᠠᠪᠤᠴᠠ ᠶᠢ ᠨᠢᠭᠡᠳᠦᠯᠲᠡᠢ | ᠲᠥᠯᠥᠪᠵᠢᠭᠦᠯᠦᠨ᠂ ᠲᠥᠷᠥ ᠶᠢᠨ ᠪᠣᠳᠣᠯᠭ᠎ᠠ ᠶᠢᠨ ᠪᠦᠬᠦᠯᠢ ᠴᠣᠭᠴᠠ ᠶᠢᠨ ᠦᠷ᠎ᠡ ᠪᠦᠳᠦᠮᠵᠢ ᠶᠢ ᠳᠡᠭᠡᠭᠰᠢᠯᠡᠭᠦᠯᠭᠦ ᠬᠡᠷᠡᠭᠲᠡᠢ | ᠭᠡᠵᠦ ᠱᠠᠭᠠᠷᠳᠠᠪᠠ᠃ | ᠬᠤᠷᠠᠯ ᠠᠴᠠ᠂ ᠢᠷᠡᠬᠦ ᠵᠢᠯ ᠳᠣᠣᠷᠠᠬᠢ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠬᠤ ᠬᠡᠷᠡᠭᠲᠡᠢ ᠭᠡᠵᠦ | ᠲᠣᠭᠲᠠᠪᠠ᠃ | ᠨᠢᠭᠡ ᠳᠤ᠂ ᠬᠡᠷᠡᠭᠯᠡᠭᠡ ᠶᠢ ᠶᠡᠭᠡ ᠪᠠᠷ ᠬᠥᠭᠵᠢᠭᠡᠵᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠂ | ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠭᠦ ᠲᠠᠯ᠎ᠠ ᠪᠠᠷ ᠥᠷᠭᠡᠳᠬᠡᠬᠦ ᠬᠡᠷᠡᠭᠲᠡᠢ᠃ ᠬᠡᠷᠡᠭᠯᠡᠭᠡ ᠶᠢ ᠬᠥᠭᠵᠢᠭᠡᠬᠦ | ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠣᠷᠣᠯᠭ᠎ᠠ ᠶᠢ ᠨᠡᠮᠡᠭᠳᠡᠭᠦᠯᠦᠨ | ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠵᠤ᠂ ᠬᠡᠷᠡᠭᠯᠡᠭᠡ ᠶᠢᠨ ᠴᠢᠳᠠᠪᠤᠷᠢ᠂ ᠬᠦᠰᠡᠯ ᠡᠷᠡᠮᠡᠯᠵᠡᠯ ᠪᠠ ᠱᠠᠲᠤ | ᠳᠠᠪᠬᠤᠷᠭ᠎ᠠ ᠶᠢ ᠳᠡᠭᠡᠭᠰᠢᠯᠡᠭᠦᠯᠭᠦ ᠬᠡᠷᠡᠭᠲᠡᠢ᠃ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠵᠣᠬᠢᠰᠲᠠᠢ ᠪᠠᠷ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠭᠦ ᠬᠡᠷᠡᠭᠲᠡᠢ᠃ ︽ | ᠬᠤᠶᠠᠷ ᠰᠢᠨ᠎ᠡ︾ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠬᠦᠴᠦᠯᠡᠨ ᠥᠷᠭᠡᠳᠬᠡᠵᠦ᠂ ᠤᠯᠠᠨ | ᠡᠰᠢᠵᠢᠭᠰᠡᠨ ᠬᠡᠷᠡᠭᠯᠡᠭᠡ ᠶᠢᠨ ᠦᠵᠡᠭᠳᠡᠯ ᠪᠠᠶᠢᠳᠠᠯ ᠤᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠨ᠂ | ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠩᠬ᠎ᠠ ᠲᠠᠷᠬᠠᠭᠠᠬᠤ ᠠᠵᠤ ᠠᠬᠤᠢ᠂ | ᠮᠥᠰᠥ ᠴᠠᠰᠤᠨ ᠤ ᠠᠵᠤ ᠠᠬᠤᠢ᠂ ᠪᠤᠭᠤᠷᠤᠯᠴᠤᠳ ᠤᠨ ᠠᠵᠤ ᠠᠬᠤᠢ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ᠃ | ᠳᠡᠭᠡᠷ᠎ᠡ ᠠᠴᠠ ᠳᠣᠷᠣᠭᠰᠢ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ︽ᠬᠤᠶᠠᠷ ᠴᠢᠬᠤᠯᠠ︾ ᠲᠥᠷᠥᠯ | ᠵᠦᠢᠯ ᠢ ᠨᠠᠩ ᠬᠦᠴᠦᠲᠡᠢ ᠳᠡᠮᠵᠢᠬᠦ ᠬᠡᠷᠡᠭᠲᠡᠢ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ | ᠵᠣᠬᠢᠰᠲᠠᠢ ᠪᠠᠷ ᠨᠡᠮᠡᠭᠳᠡᠭᠦᠯᠬᠦ ᠬᠡᠷᠡᠭᠲᠡᠢ᠃ ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠤ ᠬᠠᠮᠵᠢᠯᠴᠠᠭ᠎ᠠ ᠶᠢ | ᠴᠢᠩᠭᠠᠳᠬᠠᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠨᠡᠶᠢᠭᠡᠮ ᠤᠨ ᠪᠡᠯᠡ ᠣᠷᠣᠭᠤᠯᠤᠯᠲᠠ ᠶᠢ ᠪᠦᠲᠦᠮᠵᠢᠲᠡᠶ | ᠳᠠᠶᠢᠴᠢᠯᠠᠬᠤ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠴᠢᠬᠤᠯᠠ ᠶᠡᠭᠡ ᠲᠥᠷᠥᠯ ᠵᠦᠢᠯ ᠢ ᠡᠷᠲᠡᠬᠡᠨ | ᠤᠬᠠᠭᠠᠯᠠᠨ ᠲᠥᠯᠥᠪᠯᠡᠬᠦ ᠬᠡᠷᠡᠭᠲᠡᠢ᠃ ᠬᠤᠲᠠ ᠶᠢᠨ ᠰᠢᠨᠡᠴᠢᠯᠡᠯᠲᠡ ᠶᠢ ᠶᠡᠭᠡ ᠪᠠᠷ ᠬᠡᠷᠡᠭᠵᠢᠭᠦᠯᠬᠦ ᠬᠡᠷᠡᠭᠲᠡᠢ᠃ ᠪᠦᠭᠦ | ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠦᠷᠲᠡᠭ ᠢ ᠪᠠᠭᠤᠷᠠᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ | ᠬᠡᠷᠡᠭᠲᠡᠢ᠃ | ᠬᠤᠶᠠᠷ ᠲᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠥᠲᠥᠯᠥᠨ ᠳᠠᠭᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠠᠶᠢᠭᠤᠯᠬᠤ ᠬᠡᠷᠡᠭᠲᠡᠢ᠃ ᠰᠠᠭᠤᠷᠢ ᠰᠤᠳᠤᠯᠭᠠᠨ ᠪᠠ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ | ᠰᠢᠪᠲᠤᠯᠬᠤ ᠠᠵᠢᠯ ᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠦᠷᠦᠯ ᠵᠦᠢᠯ ᠢ | ᠤᠷᠢᠳᠴᠢᠯᠠᠨ ᠪᠠᠶᠢᠷᠢᠰᠢᠭᠤᠯᠵᠤ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠦᠵᠡᠭᠳᠡᠯ ᠪᠠᠶᠢᠳᠠᠯ ᠤᠨ ᠶᠡᠭᠡ | ᠬᠡᠪᠴᠢᠶᠡᠨ ᠤ ᠬᠡᠷᠡᠭᠯᠡᠭᠡᠨ ᠤ ᠵᠢᠱᠢᠶ᠎ᠡ ᠦᠵᠡᠭᠦᠯᠭᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ︽ᠵᠣᠬᠢᠶᠠᠮᠠᠯ ᠣᠶᠤᠨ | ᠴᠢᠳᠠᠪᠤᠷᠢ +︾ ᠠᠵᠢᠯᠯᠠᠭ᠎ᠠ ᠶᠢ ᠥᠷᠨᠢᠭᠦᠯᠵᠦ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠬᠡᠷᠡᠭᠲᠡᠢ᠃ | ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠣᠯᠠᠨ ᠲᠠᠰ ᠳᠠᠪᠬᠤᠷᠭ᠎ᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ | ᠪᠦᠷᠢᠨᠰᠢᠭᠦᠯᠵᠦ᠂ ᠬᠦᠯᠢᠴᠡᠩᠭᠦᠢ ᠬᠥᠷᠥᠩᠭᠡ ᠶᠢ ᠪᠤᠵᠠᠭᠠᠶᠢᠷᠠᠭᠤᠯᠤᠨ᠂ ᠨᠡᠶᠢᠭᠡᠮ ᠤᠨ ᠬᠥᠷᠥᠩᠭᠡ ᠶᠢ ᠨᠠᠩ ᠶᠡᠭᠡ ᠡᠷᠴᠢᠮ ᠢᠶᠠᠷ | ᠲᠠᠲᠠᠵᠤ ᠦᠢᠯᠡᠰ ᠪᠣᠰᠬᠠᠬᠤ ᠪᠡᠯᠡ ᠣᠷᠣᠭᠤᠯᠤᠯᠲᠠ ᠳᠤ ᠣᠷᠣᠯᠴᠠᠭᠤᠯᠵᠤ᠂ ᠰᠢᠨ᠎ᠡ ᠶᠢ ᠡᠭᠦᠳᠬᠦ ᠭᠡᠯᠪᠡᠷᠢ ᠶᠢᠨ ᠠᠵᠤ | ᠠᠬᠤᠶᠢᠯᠠᠯ ᠢ ᠱᠠᠲᠤᠯᠢᠭ ᠢᠶᠠᠷ ᠪᠤᠶᠢᠵᠢᠭᠤᠯᠬᠤ ᠬᠡᠷᠡᠭᠲᠡᠢ᠃ ︽ᠳᠣᠲᠣᠭᠰᠢ ᠬᠤᠮᠢᠷᠠᠬᠤ ᠮᠠᠶ᠋ᠢᠭ︾ ᠤᠨ ᠥᠷᠢᠰᠦᠯᠳᠦᠭᠡᠨ ᠢ | ᠶᠡᠷᠦᠩᠬᠡᠶᠢᠯᠡᠨ ᠴᠡᠭᠴᠡᠯᠡᠨ ᠵᠠᠰᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠠᠵᠢᠯᠯᠠᠭ᠎ᠠ ᠶᠢ | ᠵᠢᠷᠤᠮᠵᠢᠭᠤᠯᠬᠤ ᠬᠡᠷᠡᠭᠲᠡᠢ᠃ ᠲᠣᠭᠠᠴᠢᠯᠠᠭᠰᠠᠨ ᠮᠡᠷᠭᠡᠵᠢᠯ᠂ ᠪᠣᠬᠢᠷᠳᠤᠯ ᠦᠭᠡᠢ ᠲᠦ᠋ᠭᠨᠢᠭ ᠮᠡᠷᠭᠡᠵᠢᠯ ᠢ ᠢᠳᠡᠪᠬᠢᠲᠡᠢ ᠬᠡᠷᠡᠭᠯᠡᠵᠦ | ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠬᠡᠷᠡᠭᠲᠡᠢ᠃ | ᠭᠤᠷᠪᠠ ᠳᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ | ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠴᠢᠨᠠᠷ ᠰᠠᠶᠢᠲᠠᠢ ᠪᠡᠶᠡᠯᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢ ᠠᠬᠢᠭᠤᠯᠬᠤ ᠬᠠᠤᠯᠢ ᠶᠢ ᠨᠡᠶᠢᠲᠡᠯᠡᠬᠦ ᠬᠡᠷᠡᠭᠲᠡᠢ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠥᠷᠨᠢᠭᠦᠯᠬᠦ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ | ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢᠨ ᠵᠢᠯᠣᠭᠤᠳᠤᠮᠵᠢ ᠶᠢ ᠲᠣᠭᠲᠠᠭᠠᠬᠤ ᠬᠡᠷᠡᠭᠲᠡᠢ᠃ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠲᠠᠪᠴᠠᠩ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ | ᠡᠳ᠋ ᠤᠨ ᠵᠠᠰᠠᠭ ᠭᠠᠶᠢᠯᠢ ᠶᠢᠨ ᠲᠠᠯ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠣᠷᠣᠨ ᠨᠤᠲᠤᠭ ᠤᠨ ᠪᠡᠶ᠎ᠡ ᠪᠠᠨ ᠳᠠᠭᠠᠭᠠᠭᠰᠠᠨ ᠡᠳ᠋ ᠤᠨ ᠬᠦᠴᠦᠨ ᠢ ᠨᠡᠮᠡᠭᠳᠡᠭᠦᠯᠬᠦ ᠬᠡᠷᠡᠭᠲᠡᠢ᠃ | ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠮᠳᠠ ᠤᠷᠲᠤ ᠬᠤᠭᠤᠴᠠᠭᠠᠨ ᠤ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ | ᠣᠷᠣᠬᠤ ᠬᠤᠷᠢᠭ᠎ᠠ ᠴᠡᠭ ᠢ ᠨᠠᠪᠲᠠᠷᠡᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠳᠦᠷᠢᠮ ᠤᠨ ᠪᠠᠭᠲᠠᠭᠠᠮᠵᠢᠲᠤ ᠴᠢᠨᠠᠷ᠂ | ᠵᠣᠬᠢᠴᠠᠬᠤ ᠴᠢᠨᠠᠷ ᠢ ᠴᠢᠩᠭᠠᠷᠠᠭᠤᠯᠬᠤ ᠬᠡᠷᠡᠭᠲᠡᠢ᠃ | ᠳᠥᠷᠪᠡ ᠳᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠭᠠᠳᠠᠭᠠᠳᠤ ᠠᠷᠠᠯᠵᠢᠶ᠎ᠠ ᠶᠢ | ᠲᠣᠭᠲᠠᠪᠤᠷᠢᠵᠢᠭᠤᠯᠵᠤ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠬᠡᠷᠡᠭᠲᠡᠢ᠃ ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ | ᠪᠠ ᠭᠠᠭᠴᠠ ᠲᠠᠯᠠᠲᠤ ᠨᠡᠭᠡᠭᠡᠯᠲᠡ ᠶᠢ ᠡᠮᠬᠢ ᠵᠢᠷᠤᠮ ᠲᠠᠢ ᠥᠷᠭᠡᠳᠬᠡᠨ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ | ᠯᠠᠪᠳᠠᠭᠤᠨ ᠢᠶᠠᠷ ᠥᠷᠭᠡᠳᠬᠡᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠪᠠ ᠥᠭᠡᠷᠡᠴᠢᠯᠡᠯᠲᠡ ᠶᠢᠨ ᠡᠭᠦᠷᠭᠡ ᠶᠢᠨ ᠡᠷᠬᠡ ᠣᠯᠭᠤᠯᠲᠠ ᠶᠢ ᠥᠷᠭᠡᠳᠬᠡᠬᠦ ᠶᠢ ᠠᠬᠢᠭᠤᠯᠵᠤ᠂ | ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠭᠤᠣᠯᠯᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ | ᠲᠦᠷᠭᠡᠳᠬᠡᠨ ᠠᠬᠢᠭᠤᠯᠬᠤ ᠬᠡᠷᠡᠭᠲᠡᠢ᠃ ᠦᠢᠯᠡᠴᠢᠯᠡᠭᠡᠨ ᠤ ᠠᠷᠠᠯᠵᠢᠶ᠎ᠠ᠂ ᠪᠣᠬᠢᠷᠳᠤᠯ ᠦᠭᠡᠢ ᠠᠷᠠᠯᠵᠢᠶ᠎ᠠ᠂ ᠲᠣᠭᠠᠴᠢᠯᠠᠭᠰᠠᠨ | ᠠᠷᠠᠯᠵᠢᠶ᠎ᠠ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢ | ᠠᠬᠢᠭᠤᠯᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠦᠢᠯᠡᠴᠢᠯᠡᠭᠡᠨ ᠤ | ᠦᠢᠯᠡᠰ ᠤᠨ ᠨᠡᠭᠡᠭᠡᠯᠲᠡ ᠶᠢ ᠯᠠᠪᠳᠠᠭᠤᠨ ᠢᠶᠠᠷ ᠠᠬᠢᠭᠤᠯᠵᠤ᠂ ᠴᠠᠭᠢᠯᠭᠠᠨ ᠴᠢᠮᠡᠭᠡ ᠬᠤᠯᠪᠤᠭ᠎ᠠ᠂ ᠡᠮᠴᠢᠯᠡᠭᠡᠨ᠂ ᠰᠤᠷᠭᠠᠨ | ᠬᠥᠮᠦᠵᠢᠯ ᠵᠡᠷᠭᠡ ᠬᠦᠷᠢᠶᠡᠨ ᠳᠠᠬᠢ ᠨᠡᠭᠡᠭᠡᠯᠲᠡ ᠶᠢᠨ ᠲᠤᠷᠰᠢᠯᠲᠠ ᠶᠢᠨ ᠴᠡᠭ ᠢ ᠥᠷᠭᠡᠳᠬᠡᠨ᠂ ︽ᠳᠤᠮᠳᠠᠳᠤ ᠤᠯᠤᠰ ᠲᠤ | ᠪᠡᠯᠡ ᠣᠷᠣᠭᠤᠯᠬᠤ︾ ᠲᠦᠷᠦᠯ ᠲᠡᠮᠳᠡᠭ ᠢ ᠦᠷᠭᠦᠯᠵᠢᠯᠡᠨ ᠡᠭᠦᠳᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ | ᠭᠠᠳᠠᠭᠠᠳᠤ ᠳᠠᠬᠢ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ | ᠲᠠᠪᠤ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ | ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠭᠡᠷ | ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠠᠶᠢᠳᠠᠯ ᠳᠤ ᠣᠷᠣᠬᠤ ᠶᠢ | ᠦᠷᠭᠦᠯᠵᠢᠯᠡᠨ ᠬᠦᠴᠦᠯᠡᠨ ᠠᠬᠢᠭᠤᠯᠵᠤ᠂ ᠬᠤᠲᠠᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ | ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠦᠴᠦᠯᠡᠨ ᠬᠢᠵᠦ᠂ ᠬᠠᠲᠠᠭᠤ ᠬᠡᠷᠡᠭᠴᠡᠭᠡ ᠪᠠ ᠰᠠᠶᠢᠵᠢᠷᠠᠭᠤᠯᠬᠤ ᠴᠢᠨᠠᠷᠲᠠᠢ | ᠣᠷᠣᠨ ᠰᠠᠭᠤᠴᠠ ᠶᠢᠨ ᠬᠡᠷᠡᠭᠴᠡᠭᠡ ᠶᠢᠨ ᠳᠠᠯᠳᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ ᠰᠢᠨ᠎ᠡ ᠪᠠᠷ | ᠨᠡᠮᠡᠭᠳᠡᠭᠰᠡᠨ ᠭᠡᠷ ᠭᠠᠵᠠᠷ ᠤᠨ ᠬᠥᠷᠥᠩᠭᠡ ᠳᠤ ᠬᠡᠷᠡᠭᠯᠡᠬᠦ ᠭᠠᠵᠠᠷ ᠰᠢᠷᠣᠢ ᠶᠢᠨ ᠬᠠᠩᠭᠠᠯᠭ᠎ᠠ ᠶᠢ ᠵᠦᠢ ᠵᠣᠬᠢᠰᠲᠠᠢ ᠬᠢᠵᠠᠭᠠᠷᠯᠠᠵᠤ | ᠂ ᠨᠥᠭᠡᠴᠡ ᠭᠠᠵᠠᠷ ᠰᠢᠷᠣᠢ ᠪᠠ ᠬᠤᠳᠠᠯᠳᠤᠭ᠎ᠠ ᠡᠵᠡᠩᠨᠡᠯᠲᠡ ᠳᠤ ᠬᠡᠷᠡᠭᠯᠡᠬᠦ ᠪᠠ ᠠᠯᠪᠠᠯᠠᠬᠤ ᠳᠤ ᠬᠡᠷᠡᠭᠯᠡᠬᠦ ᠭᠡᠷ ᠪᠠᠶᠢᠰᠢᠩ ᠢ | ᠠᠮᠢᠳᠤᠯᠢᠭᠵᠢᠭᠤᠯᠵᠤ᠂ ᠨᠥᠭᠡᠴᠡ ᠲᠠᠸᠠᠷ ᠤᠨ ᠭᠡᠷ ᠪᠠᠶᠢᠰᠢᠩ ᠢ ᠰᠢᠢᠳᠪᠦᠷᠢᠯᠡᠬᠦ ᠠᠵᠢᠯ ᠢ ᠠᠬᠢᠭᠤᠯᠬᠤ ᠬᠡᠷᠡᠭᠲᠡᠢ᠃ ᠭᠡᠷ | ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠶᠢ ᠠᠬᠢᠭᠤᠯᠵᠤ᠂ ᠬᠤᠯᠪᠣᠭᠳᠠᠯ ᠪᠦᠬᠦᠢ | ᠰᠠᠭᠤᠷᠢᠯᠠᠬᠤ ᠴᠢᠨᠠᠷᠲᠠᠢ ᠳᠦᠷᠢᠮ ᠢ ᠡᠮᠬᠢ ᠵᠢᠷᠤᠮ ᠲᠠᠢ ᠪᠠᠷ ᠪᠠᠶᠢᠭᠤᠯᠬᠤ ᠬᠡᠷᠡᠭᠲᠡᠢ᠃ ᠣᠷᠣᠨ ᠨᠤᠲᠤᠭ ᠤᠨ ᠳᠤᠮᠳᠠ ᠪᠠᠭ᠎ᠠ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠯᠠᠪᠳᠠᠭᠤᠨ ᠲᠣᠬᠢᠷᠠᠮᠵᠢᠲᠠᠢ ᠰᠢᠢᠳᠪᠦᠷᠢᠯᠡᠬᠦ ᠬᠡᠷᠡᠭᠲᠡᠢ | ᠃ ᠲᠥᠪ ᠤᠨ ᠪᠠ ᠣᠷᠣᠨ ᠨᠤᠲᠤᠭ ᠤᠨ ᠬᠢᠨ ᠬᠦᠴᠦ ᠪᠠᠨ ᠬᠠᠮᠲᠤᠳᠬᠠᠨ ᠬᠠᠤᠯᠢ ᠪᠤᠰᠤ ᠮᠥᠩᠭᠦᠨ ᠭᠦᠢᠯᠭᠡᠭᠡᠨ ᠤ | ᠠᠵᠢᠯᠯᠠᠭ᠎ᠠ ᠳᠤ ᠴᠣᠬᠢᠯᠲᠠ ᠥᠭᠬᠦ ᠬᠡᠷᠡᠭᠲᠡᠢ᠃ | ᠵᠢᠷᠭᠤᠭ᠎ᠠ ᠳᠤ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ ᠬᠥᠳᠡᠭᠡ ᠶᠢᠨ ᠠᠭᠤᠰᠤᠯᠴᠠᠨ | ᠬᠥᠭᠵᠢᠬᠦ ᠶᠢ ᠠᠬᠢᠭᠤᠯᠬᠤ ᠬᠡᠷᠡᠭᠲᠡᠢ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ | ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠢ᠃ ᠠᠮᠤ ᠪᠤᠳᠠᠭ᠎ᠠ | ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ | ᠰᠠᠶᠢᠲᠤᠷ ᠠᠳᠬᠤᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ | ᠬᠡᠷᠡᠭᠲᠡᠢ᠃ ᠠᠮᠤ ᠪᠤᠳᠠᠭ᠎ᠠ ᠲᠠᠷᠢᠬᠤ ᠲᠠᠷᠢᠶᠠᠴᠢᠨ ᠪᠠ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠢᠳᠡᠪᠬᠢᠵᠢᠯ ᠢ | ᠬᠠᠮᠠᠭᠠᠯᠠᠵᠤ᠂ ᠠᠮᠤ ᠪᠤᠳᠠᠭᠠᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠵᠤ ᠦᠢᠯᠡᠰ ᠢ ᠬᠥᠭᠵᠢᠭᠦᠯᠬᠦ᠂ ᠰᠢᠶᠠᠨ ᠢ ᠬᠦᠴᠦᠷᠬᠡᠭᠵᠢᠭᠦᠯᠬᠦ᠂ ᠠᠷᠠᠳ ᠢ | ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠣᠳᠣᠬᠢᠴᠢᠯᠠᠭᠰᠠᠨ ᠶᠡᠭᠡ | ᠬᠤᠲᠠ ᠶᠢᠨ ᠲᠣᠭᠤᠷᠢᠭ ᠢ ᠬᠥᠭᠵᠢᠭᠦᠯᠵᠦ᠂ ᠭᠡᠲᠦ ᠲᠣᠮᠣ ᠣᠨᠴᠠ ᠲᠣᠮᠣ ᠬᠤᠲᠠ ᠶᠢᠨ ᠣᠳᠣᠬᠢᠴᠢᠯᠠᠭᠰᠠᠨ ᠵᠠᠰᠠᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢ ᠶᠡᠭᠡ ᠪᠠᠷ ᠬᠥᠭᠵᠢᠭᠦᠯᠬᠦ ᠬᠡᠷᠡᠭᠲᠡᠢ᠃ | ᠲᠤᠯᠤᠭ᠎ᠠ ᠳᠤ᠂ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠣᠷᠣᠨ ᠪᠦᠰᠡ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠬᠤ ᠬᠡᠷᠡᠭᠲᠡᠢ᠃ ᠣᠷᠣᠨ ᠪᠦᠰᠡ ᠶᠢ | ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ | ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢᠨ ᠳᠠᠪᠬᠤᠷ ᠦᠢᠯᠡᠳᠦᠯ ᠨᠥᠯᠥᠭᠡ ᠶᠢ | ᠪᠠᠳᠠᠷᠠᠭᠤᠯᠵᠤ᠂ ᠰᠢᠨ᠎ᠡ ᠨᠡᠮᠡᠭᠳᠡᠯ ᠤᠨ ᠲᠦᠢᠯ ᠢ ᠢᠳᠡᠪᠬᠢᠲᠡᠢ ᠪᠤᠶᠢᠵᠢᠭᠤᠯᠬᠤ ᠬᠡᠷᠡᠭᠲᠡᠢ᠃ ᠠᠵᠤ ᠠᠬᠤᠢ ᠶᠢᠨ | ᠬᠥᠭᠵᠢᠯᠲᠡ ᠪᠠᠷ ᠳᠠᠪᠠᠭᠤᠯᠢᠭ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠪᠠ ᠨᠥᠯᠥᠭᠡᠯᠡᠨ ᠳᠠᠶᠢᠴᠢᠯᠠᠬᠤ | ᠦᠢᠯᠡᠳᠦᠯ ᠢ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠢ ᠶᠢᠨ ᠲᠣᠮᠣ ᠮᠤᠵᠢ ᠶᠢᠨ ᠲᠤᠯᠭᠠᠭᠤᠷᠢ ᠬᠦᠴᠦᠨ ᠪᠤᠯᠬᠤ ᠶᠢ | ᠲᠡᠮᠵᠢᠵᠤ᠂ ᠪᠤᠰᠤᠳ ᠭᠠᠵᠠᠷ ᠣᠷᠣᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠤᠰ ᠲᠤᠰ ᠤᠨ | ᠳᠠᠪᠠᠭᠤᠯᠢᠭ ᠢᠶᠠᠨ ᠪᠠᠳᠠᠷᠠᠭᠤᠯᠬᠤ ᠶᠢ ᠵᠣᠷᠢᠭᠵᠢᠭᠤᠯᠬᠤ ᠬᠡᠷᠡᠭᠲᠡᠢ᠃ ᠵᠡᠭᠦᠨ᠂ ᠳᠤᠮᠳᠠ᠂ ᠪᠠᠷᠠᠭᠤᠨ ᠪᠠ ᠵᠡᠭᠦᠨ | ᠬᠤᠶᠢᠲᠤ ᠶᠢᠨ ᠭᠠᠵᠠᠷ ᠣᠷᠣᠨ ᠤ ᠠᠵᠤ ᠦᠢᠯᠡᠰ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠳᠠᠯᠠᠢ ᠲᠠᠩᠭᠢᠰ ᠤᠨ ᠠᠵᠤ | ᠠᠬᠤᠢ ᠪᠠ ᠪᠤᠯᠤᠩ ᠤᠨ ᠣᠷᠣᠨ ᠤ ᠠᠵᠤ ᠠᠬᠤᠢ ᠶᠢ ᠶᠡᠭᠡ ᠪᠠᠷ ᠬᠥᠭᠵᠢᠭᠦᠯᠬᠦ ᠬᠡᠷᠡᠭᠲᠡᠢ᠃ | ᠨᠠᠢᠮᠠ ᠳᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ | ᠨᠣᠭᠤᠭᠠᠷᠠᠭᠤᠯᠤᠯᠲᠠ ᠶᠢ ᠥᠷᠭᠡᠳᠬᠡᠬᠦ᠂ ᠥᠰᠦᠯᠲᠡ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠬᠦ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠬᠦ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠡᠷᠡᠭᠦᠯ ᠢᠶᠠᠷ | ᠬᠥᠭᠵᠢᠬᠦ ᠠᠮᠢ ᠠᠬᠤᠢ ᠶᠢ ᠪᠤᠢ ᠪᠤᠯᠭᠠᠵᠤ᠂ ᠪᠣᠬᠢᠷᠳᠤᠯ ᠦᠭᠡᠢ ᠪᠠᠷᠢᠯᠭ᠎ᠠ ᠵᠡᠷᠭᠡ ᠰᠢᠨ᠎ᠡ ᠨᠡᠮᠡᠭᠳᠡᠯ ᠤᠨ ᠴᠡᠭ ᠢ | ᠪᠤᠶᠢᠵᠢᠭᠤᠯᠬᠤ ᠬᠡᠷᠡᠭᠲᠡᠢ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠤ ᠴᠢᠬᠤᠯᠠ ᠦᠷ᠎ᠡ ᠪᠦᠲᠦᠭᠡᠯ ᠣᠯᠬᠤ ᠶᠢ ᠠᠬᠢᠭᠤᠯᠵᠤ᠂ ︽ᠡᠯᠡᠰᠦ ᠭᠤᠪᠢ ᠴᠦᠯ︾ ᠳᠠᠬᠢ ᠰᠢᠨ᠎ᠡ | ᠡᠨᠧᠷᠭᠢ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠨᠢᠭᠡ ᠪᠦᠯᠦᠭ ᠨᠡᠭᠦᠷᠡᠰᠦᠲᠥ᠋ᠷᠥᠭᠴᠢ | ᠥᠯᠤ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠪᠠᠶᠢᠭᠤᠯᠵᠤ᠂ ᠪᠦᠭᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ | ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠵᠤ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ | ᠬᠠᠮᠢᠶᠠᠷᠤᠯᠲᠠ ᠶᠢᠨ ᠰᠢᠰᠲ᠋ᠧᠮ᠂ ᠨᠡᠭᠦᠷᠡᠰᠦᠲᠥ᠋ᠷᠥᠭᠴᠢ ᠶᠢᠨ ᠲᠡᠮᠳᠡᠭ ᠢᠯᠡᠳᠬᠡᠮᠵᠢ ᠭᠡᠷᠡᠴᠢᠯᠡᠬᠦ ᠳᠦᠷᠢᠮ ᠢ ᠪᠠᠶᠢᠭᠤᠯᠬᠤ | ᠬᠡᠷᠡᠭᠲᠡᠢ᠃ ᠬᠥᠬᠡ ᠣᠭᠲᠠᠷᠭᠤᠢ᠂ ᠬᠥᠬᠡᠮᠳᠦᠭ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ | ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠵᠠᠰᠠᠬᠤ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠬᠤ ᠬᠡᠷᠡᠭᠲᠡᠢ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ | ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠶᠢᠰᠦ ᠳᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠷᠠᠳ | ᠣᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ᠃ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ᠂ ᠬᠤᠲᠠ ᠬᠥᠳᠡᠭᠡ ᠦᠨᠳᠦᠰᠦᠨ ᠱᠠᠲᠤ | ᠪᠣᠯᠣᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ | ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠢ᠃ ᠠᠮᠢᠳᠤᠯᠢᠭ ᠢᠶᠠᠷ ᠠᠵᠢᠯ ᠣᠯᠣᠭᠰᠠᠳ ᠪᠠ | ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ | ᠬᠡᠷᠡᠭᠲᠡᠢ᠃ ᠠᠵᠤ ᠦᠢᠯᠡᠰ᠂ ᠠᠵᠢᠯ ᠣᠯᠭᠤᠯᠲᠠ ᠵᠡᠷᠭᠡ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ | ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠬᠡᠷᠡᠭᠲᠡᠢ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠬᠦ ᠶᠢ ᠠᠬᠢᠭᠤᠯᠵᠤ᠂ ᠴᠢᠨᠠᠷ ᠰᠠᠶᠢᠲᠠᠢ ᠵᠢᠩᠬᠢᠨᠢ | ᠠᠩᠭᠢ ᠶᠢᠨ ᠪᠠᠭᠲᠠᠭᠠᠮᠵᠢ ᠶᠢ ᠥᠷᠭᠡᠳᠬᠡᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠦᠷᠡᠵᠢᠯ ᠢ ᠠᠬᠢᠭᠤᠯᠬᠤ ᠲᠦᠷᠦ ᠶᠢᠨ | ᠪᠣᠳᠣᠯᠭ᠎ᠠ ᠶᠢ ᠲᠣᠭᠲᠠᠭᠠᠬᠤ ᠬᠡᠷᠡᠭᠲᠡᠢ᠃ ᠨᠡᠶᠢᠭᠡᠮ ᠲᠣᠭᠤᠷᠢᠭ ᠠᠴᠠ ᠳᠡᠮᠵᠢᠬᠦ ᠭᠡᠷ ᠲᠡᠭᠡᠨ ᠰᠠᠭᠤᠵᠤ ᠠᠰᠠᠷᠠᠮᠵᠢ ᠭᠦᠷᠳᠡᠭᠦ | ᠨᠠᠰᠤᠵᠢᠯ ᠤᠨ ᠠᠰᠠᠷᠠᠮᠵᠢ ᠶᠢ ᠬᠥᠭᠵᠢᠭᠦᠯᠵᠦ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ | ᠥᠷᠭᠡᠳᠬᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮᠲᠦ ᠵᠠᠰᠠᠯᠲᠠ ᠶᠢ ᠴᠢᠩᠭᠠᠳᠬᠠᠬᠤ ᠬᠡᠷᠡᠭᠲᠡᠢ᠃ | ᠬᠤᠷᠠᠯ ᠠᠴᠠ᠂ ᠤᠬᠠᠮᠰᠠᠷ ᠠᠴᠠ ᠪᠠᠨ ᠪᠠᠶᠢᠳᠠᠯ ᠬᠠᠨᠳᠤᠰᠢ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠨᠵᠢᠯᠡᠬᠦ | ᠤᠬᠠᠭᠠᠨᠴᠢ ᠮᠠᠭᠠᠳᠯᠠᠯᠲᠠ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠯᠲᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ | ᠨᠢᠭᠡᠳᠬᠡᠵᠦ᠂ ᠶᠡᠷᠦᠩᠬᠡᠢ ᠬᠠᠨᠳᠤᠰᠢ ᠶᠢ ᠡᠵᠡᠮᠳᠡᠵᠦ᠂ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ ᠪᠥᠭᠡᠳ ᠪᠠᠰᠠ | ᠬᠦᠴᠢᠷᠳᠡᠯ ᠳᠤ ᠵᠥᠪ ᠬᠠᠨᠳᠤᠵᠤ᠂ ᠰᠡᠷᠭᠡᠭ ᠪᠠᠶᠢᠬᠤ ᠬᠡᠷᠡᠭᠲᠡᠢ᠃ ᠢᠷᠡᠬᠦ ᠵᠢᠯ ᠤᠨ ᠠᠵᠤ ᠠᠬᠤᠢ ᠶᠢᠨ ᠠᠵᠢᠯ ᠤᠨ | ᠶᠡᠷᠦᠩᠬᠡᠢ ᠱᠠᠭᠠᠷᠳᠠᠯᠭ᠎ᠠ ᠪᠣᠯᠣᠨ ᠲᠦᠷᠦ ᠶᠢᠨ ᠪᠣᠳᠣᠯᠭ᠎ᠠ ᠶᠢᠨ ᠬᠠᠨᠳᠤᠰᠢ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠨᠡᠮᠡᠭᠳᠡᠯ ᠲᠣᠭᠲᠠᠭᠤᠨ᠂ ᠠᠵᠢᠯ ᠣᠯᠭᠤᠯᠲᠠ ᠲᠣᠭᠲᠠᠭᠤᠨ | ᠪᠠ ᠪᠠᠷᠠᠭᠠᠨ ᠤ ᠦᠨ᠎ᠡ ᠵᠣᠬᠢᠰᠲᠠᠢ ᠳᠡᠭᠡᠭᠰᠢᠯᠡᠭᠰᠡᠨ ᠰᠢᠯᠢᠳᠡᠭᠵᠢᠭᠰᠡᠨ ᠶᠡᠷᠦᠩᠬᠡᠢ ᠪᠠᠶᠢᠳᠠᠯ ᠢ ᠬᠦᠴᠦᠯᠡᠨ ᠪᠡᠶᠡᠯᠡᠭᠦᠯᠬᠦ | ᠭᠡᠷᠡᠭᠲᠡᠢ︔ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠡᠵᠡᠮᠳᠡᠵᠦ᠂ ᠴᠠᠭ ᠲᠣᠭᠢᠶᠠᠯ ᠢ ᠠᠮᠵᠢᠬᠤ ᠡᠷᠴᠢᠮ ᠢ ᠡᠷᠬᠢᠮᠯᠡᠵᠦ᠂ | ᠡᠯ᠎ᠡ ᠵᠦᠢᠯ ᠤᠨ ᠠᠵᠢᠯ ᠢ ᠡᠷᠲᠡᠬᠡᠨ ᠰᠢᠭ ᠬᠢᠵᠦ᠂ ᠴᠢᠩᠭ᠎ᠠ ᠪᠥᠭᠡᠳ ᠪᠣᠳᠠᠲᠠᠢ ᠠᠳᠬᠤᠵᠤ᠂ ᠭᠦᠢᠴᠡᠳ ᠡᠷᠴᠢᠮᠲᠡᠢ | ᠪᠠᠶᠢᠬᠤ ᠶᠢ ᠪᠠᠲᠤᠯᠠᠬᠤ ᠭᠡᠷᠡᠭᠲᠡᠶ︔ ᠰᠢᠰᠲ᠋ᠧᠮᠳᠤ ᠰᠡᠳᠬᠢᠬᠦᠢ ᠪᠠᠨ ᠴᠢᠩᠭᠠᠷᠠᠭᠤᠯᠵᠤ᠂ ᠡᠯ᠎ᠡ ᠲᠥᠷᠥᠯ ᠤᠨ ᠲᠥᠷᠥ ᠶᠢᠨ | ᠪᠣᠳᠣᠯᠭ᠎ᠠ ᠪᠠ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠬᠡᠮᠵᠢᠶ᠎ᠡ ᠶᠢᠨ ᠵᠣᠬᠢᠴᠠᠯᠳᠤᠨ ᠬᠠᠮᠵᠢᠯᠴᠠᠬᠤ ᠶᠢ ᠴᠢᠬᠤᠯᠠᠴᠢᠯᠠᠨ᠂ | ᠲᠥᠷᠥ ᠶᠢᠨ ᠪᠣᠳᠣᠯᠭ᠎ᠠ ᠶᠢᠨ ᠦᠷ᠎ᠡ ᠨᠥᠯᠥᠭᠡ ᠶᠢ ᠥᠷᠭᠡᠳᠬᠡᠬᠦ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ | ᠠᠳᠬᠤᠨ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠪᠡᠶᠡᠯᠡᠭᠦᠯᠵᠦ᠂ | ᠬᠡᠷᠡᠭᠴᠡᠭᠡ ᠬᠦᠷᠦᠯᠴᠡᠬᠦ ᠦᠭᠡᠢ ᠪᠠᠶᠢᠭ᠎ᠠ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠳᠣᠲᠣᠭᠠᠳᠤ ᠬᠡᠷᠡᠭᠴᠡᠭᠡ ᠢᠯᠠᠩᠭᠤᠶ᠎ᠠ | ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ ᠬᠦᠴᠦᠯᠡᠨ ᠬᠥᠭᠵᠢᠭᠡᠬᠦ ᠭᠡᠷᠡᠭᠲᠡᠢ︔ ᠭᠦᠭᠵᠢᠯᠲᠡ ᠶᠢ ᠬᠦᠯᠢᠶᠡᠰᠦᠯᠡᠵᠦ | ᠪᠠᠶᠢᠭ᠎ᠠ ᠭᠦᠨ ᠳᠡᠰ ᠳᠠᠪᠬᠤᠷᠭ᠎ᠠ ᠶᠢᠨ ᠬᠠᠷᠰᠢ ᠰᠠᠭᠠᠳ ᠪᠣᠯᠣᠨ ᠭᠠᠳᠠᠭᠠᠳᠤ ᠥᠷᠢᠰᠦᠯᠳᠦᠭᠡᠨ ᠳᠤ ᠴᠢᠭᠯᠡᠭᠦᠯᠦᠨ᠂ | ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠬᠦ ᠭᠡᠷᠡᠭᠳᠡᠢ︔ ᠠᠵᠤ | ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠣᠭᠤᠮᠢ ᠶᠢᠨ ᠬᠢᠵᠠᠭᠠᠷᠯᠠᠯ ᠳᠤ ᠴᠢᠭᠯᠡᠭᠦᠯᠦᠨ᠂ ᠰᠢᠨ᠎ᠡ | ᠬᠠᠭᠤᠴᠢᠨ ᠬᠥᠳᠡᠯᠭᠡᠬᠦ ᠡᠨᠧᠷᠭᠢ ᠶᠢᠨ ᠲᠣᠭᠲᠠᠭᠤᠨ ᠢᠶᠠᠷ ᠵᠠᠯᠭᠠᠯᠳᠤᠨ ᠰᠣᠯᠢᠭᠳᠠᠬᠤ ᠶᠢ ᠠᠬᠢᠭᠤᠯᠬᠤ ᠭᠡᠷᠡᠭᠳᠡᠢ︔ ᠠᠵᠤ | ᠠᠬᠤᠶᠢᠯᠠᠯ ᠤᠨ ᠡᠵᠡᠩᠨᠡᠯᠲᠡ ᠳᠠᠬᠢ ᠠᠩᠬᠠᠷᠤᠯ ᠲᠠᠯᠪᠢᠵᠤ ᠪᠠᠶᠢᠭ᠎ᠠ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠲᠦᠷᠦ ᠶᠢᠨ | ᠪᠣᠳᠣᠯᠭ᠎ᠠ ᠶᠢᠨ ᠳᠡᠮᠵᠢᠯᠭᠡ ᠪᠠ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠭᠡᠷᠡᠭᠳᠡᠢ︔ | ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠲᠤ ᠴᠢᠭᠯᠡᠭᠦᠯᠦᠨ᠂ ᠠᠶᠤᠯ ᠲᠦᠭᠰᠢᠭᠦᠷᠢ ᠶᠢ | ᠰᠢᠢᠳᠪᠦᠷᠢᠯᠡᠬᠦ ᠠᠵᠢᠯ ᠢ ᠦᠷᠭᠦᠯᠵᠢᠯᠡᠨ ᠬᠦᠴᠦᠯᠡᠨ ᠠᠬᠢᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠠᠳᠬᠤᠬᠤ | ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ | ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠮᠲᠤᠷᠠᠯ ᠬᠦᠴᠦᠨ ᠢ ᠨᠠᠩ ᠰᠠᠶᠢᠲᠤᠷ ᠨᠢᠭᠲᠠᠷᠠᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯᠯᠠᠬᠤ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠬᠦᠴᠢᠷ ᠢ ᠰᠥᠷᠦᠨ ᠤᠷᠤᠭᠰᠢᠯᠠᠵᠤ᠂ | ᠴᠢᠷᠮᠠᠶᠢᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠵᠥᠪ ᠲᠠᠯ᠎ᠠ ᠠᠴᠠ | ᠵᠣᠷᠢᠭᠵᠢᠭᠤᠯᠬᠤ ᠶᠢ ᠴᠢᠩᠭᠠᠳᠬᠠᠵᠤ᠂ ᠠᠵᠢᠯ ᠬᠢᠵᠦ ᠦᠢᠯᠡᠰ ᠪᠣᠰᠬᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ | ᠬᠡᠷᠡᠭᠲᠡᠢ᠃ ᠦᠨᠳᠦᠰᠦᠨ ᠱᠠᠲᠤᠨ ᠤ ᠬᠦᠯᠢᠶᠡᠰᠦ ᠶᠢ ᠦᠨᠡᠨ ᠬᠦ ᠰᠤᠯᠠᠯᠠᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ | ᠠᠵᠢᠯ ᠬᠢᠬᠦ ᠰᠠᠨᠠᠭ᠎ᠠ ᠲᠠᠢ᠂ ᠠᠵᠢᠯ ᠬᠢᠵᠦ ᠴᠢᠳᠠᠬᠤ ᠺᠠᠳ᠋ᠷ ᠢ ᠠᠵᠢᠯ ᠬᠢᠵᠦ ᠴᠢᠳᠠᠬᠤ᠂ ᠠᠵᠢᠯ ᠪᠦᠲᠦᠭᠡᠵᠦ ᠳᠡᠶᠢᠯᠭᠦ | ᠪᠤᠯᠭᠠᠬᠤ ᠬᠡᠷᠡᠭᠲᠡᠢ᠃ ᠢᠯᠵᠢᠷᠡᠯ ᠢ ᠡᠷᠡᠰ ᠭᠤᠶᠢᠪᠢᠰᠢ ᠦᠭᠡᠢ ᠪᠠᠷ ᠵᠠᠯᠬᠠᠭᠠᠨ ᠰᠢᠢᠳᠬᠡᠵᠦ᠂ ᠡᠷᠬᠡ ᠲᠡᠭᠰᠢ ᠲᠥᠪ ᠭᠤᠣᠯᠴᠢ | ᠵᠠᠬ᠎ᠠ ᠳᠡᠯᠭᠡᠭᠦᠷ ᠤᠨ ᠣᠷᠴᠢᠨ ᠨᠥᠬᠦᠴᠡᠯ᠂ ᠣᠪᠣᠷ ᠰᠤᠷᠲᠠᠯ ᠲᠥᠪ ᠴᠢᠬᠡᠴᠢ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠪᠠᠲᠤᠯᠠᠬᠤ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠳᠡᠭᠡᠷ᠎ᠡ ᠱᠠᠲᠤᠨ ᠳᠤ | ᠬᠢᠵᠦ ᠦᠵᠡᠭᠦᠯᠭᠦ ᠳᠤᠷ᠎ᠠ ᠲᠠᠢ᠂ ᠳᠣᠣᠷ᠎ᠠ ᠱᠠᠲᠤᠨ ᠳᠠᠭᠠᠨ ᠬᠠᠷᠢᠭᠤᠴᠠᠬᠤ ᠦᠭᠡᠢ᠂ ᠪᠣᠳᠠᠲᠤ ᠦᠷ᠎ᠡ ᠪᠦᠲᠦᠮᠵᠢ ᠶᠢ | ᠪᠣᠳᠣᠯᠬᠢᠯᠠᠬᠤ ᠦᠭᠡᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠬᠦ ᠬᠡᠷᠡᠭᠲᠡᠢ᠃ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠦᠨ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠨᠡᠶᠢᠭᠡᠮ ᠤᠨ ᠠᠮᠤᠷ | ᠲᠦᠪᠰᠢᠨ ᠤ ᠬᠡᠷᠡᠭ ᠢ ᠪᠦᠲᠦᠮᠵᠢᠲᠡᠢ ᠪᠠᠷ ᠰᠡᠷᠭᠡᠶᠢᠯᠡᠨ ᠴᠠᠭ ᠲᠤᠬᠠᠢ ᠳᠤᠨᠢ ᠠᠷᠭᠠᠴᠠᠭᠠᠬᠤ ᠬᠡᠷᠡᠭᠲᠡᠢ᠃ ᠬᠠᠮᠵᠢᠯᠴᠠᠨ | ᠬᠥᠳᠡᠯᠦᠯᠴᠡᠬᠦ ᠶᠢ ᠴᠢᠩᠭᠠᠳᠬᠠᠵᠤ᠂ ᠥᠪᠡᠷᠮᠡᠲᠡᠭᠡᠢ ᠦᠵᠡᠯ ᠢ ᠡᠰᠡᠷᠭᠦᠴᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ | ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠵᠢᠱᠢᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠪᠠ ᠵᠢᠱᠢᠯᠲᠡ ᠶᠢ ᠬᠥᠲᠥᠯᠥᠨ ᠵᠢᠯᠤᠭᠤᠳᠬᠤ ᠶᠢ ᠬᠠᠮᠵᠢᠯᠴᠠᠨ ᠠᠬᠢᠭᠤᠯᠵᠤ᠂ ᠲᠥᠷᠥ ᠶᠢᠨ | ᠪᠣᠳᠣᠯᠭ᠎ᠠ ᠶᠢᠨ ᠬᠥᠲᠥᠯᠥᠨ ᠵᠢᠯᠤᠭᠤᠳᠬᠤ ᠬᠦᠴᠦᠨ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠡᠭᠦᠨ ᠤ | ᠬᠠᠮᠲᠤ᠂ ᠳᠡᠯᠡᠬᠡᠢ ᠶᠢᠨ ᠪᠠᠶᠢᠳᠠᠯ ᠤᠯᠤᠰ ᠤᠨ ᠪᠠᠶᠢᠳᠠᠯ ᠨᠠᠮ ᠤᠨ ᠪᠠᠶᠢᠳᠠᠯ ᠨᠡᠶᠢᠭᠡᠮ ᠤᠨ ᠪᠠᠶᠢᠳᠠᠯ ᠢ ᠣᠨᠣᠪᠴᠢᠲᠠᠢ | ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠤᠬᠠᠭᠠᠯᠠᠨ ᠲᠥᠯᠥᠪᠯᠡᠬᠦ ᠪᠠᠨ ᠴᠢᠩᠭᠠᠳᠬᠠᠨ᠂ ᠲᠥᠪ ᠤᠨ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠨᠠᠭᠤᠯᠭ᠎ᠠ ᠶᠢ ᠰᠠᠶᠢᠲᠤᠷ ᠲᠣᠭᠲᠠᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠣᠨ ᠤ ᠡᠴᠦᠰ ᠵᠢᠯ ᠤᠨ ᠡᠬᠢᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠣᠨ ᠠᠮᠤᠷ ᠲᠦᠪᠰᠢᠨ | ᠲᠣᠭᠲᠠᠭᠤᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠡᠯ᠎ᠡ ᠲᠦᠷᠦᠯ ᠤᠨ ᠵᠥᠷᠢᠴᠡᠯ ᠵᠠᠭᠤᠷᠠᠯᠳᠤᠭᠠᠨ ᠪᠣᠯᠣᠨ | ᠠᠶᠤᠯ ᠲᠦᠭᠰᠢᠭᠦᠷᠢ ᠭᠡᠮ ᠰᠣᠭᠤᠭ ᠢ ᠭᠦᠨᠵᠡᠭᠡᠢ ᠪᠠᠶᠢᠴᠠᠭᠠᠨ ᠰᠢᠢᠳᠪᠦᠷᠢᠯᠡᠵᠦ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠪᠦᠭᠦ ᠨᠠᠮ ᠪᠦᠭᠦ ᠤᠯᠤᠰ ᠪᠦᠭᠦ ᠨᠡᠶᠢᠭᠡᠮ ᠢᠶᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠷᠠᠯ ᠤᠨ ᠡᠯ᠎ᠡ ᠵᠦᠢᠯ ᠤᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ | ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠪᠦᠭᠦ ᠲᠠᠯ᠎ᠠ ᠪᠠᠷ ᠠᠬᠢᠭᠤᠯᠰᠤᠭᠠᠢ ᠭᠡᠵᠦ ᠤᠷᠢᠶᠠᠯᠠᠪᠠ᠃ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ | ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ | ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ | ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ | ᠨᠥᠬᠦᠳ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠵᠡᠷᠭᠡ ᠬᠥᠮᠥᠰ ᠬᠤᠷᠠᠯ ᠳᠤ ᠣᠷᠣᠯᠴᠠᠪᠠ᠃ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠳᠠ | ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠮᠥᠩᠭᠦᠨ ᠭᠦᠢᠯᠭᠡᠭᠡᠨ ᠤ | ᠪᠠᠶᠢᠭᠤᠯᠤᠮᠵᠢ ᠪᠣᠯᠣᠨ ᠠᠵᠤ ᠠᠬᠤᠶᠢᠯᠠᠯ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ | ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | | |