ᠰᠢ ᠶᠢᠨ ᠫᠢᠩ ᠭᠠᠳᠠᠭᠠᠳᠤ ᠤᠯᠤᠰ ᠤᠨ ᠰᠢᠨ᠎ᠡ ᠪᠠᠷ ᠲᠤᠰᠢᠶᠠᠯ ᠳᠤ ᠭᠠᠷᠤᠭᠰᠠᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠳᠡᠪᠰᠢᠭᠦᠯᠦᠭᠰᠡᠨ ᠲᠥᠷᠥ ᠶᠢᠨ ᠪᠢᠴᠢᠭ ᠢ ᠭᠥᠯᠢᠶᠡᠨ ᠠᠪᠴᠠᠢ
ᠨᠡᠶᠢᠲᠡᠯᠡᠭᠰᠡᠨ ᠴᠠᠭ᠄
2024/12/13
    ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 12 ᠤᠨ ᠴᠠᠭᠢᠯᠭᠠᠨ ᠮᠡᠳᠡᠭᠡ 12 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠰᠠᠭᠤᠭ᠎ᠠ 28 ᠡᠯᠴᠢᠨ ᠰᠠᠶᠢᠳ ᠤᠨ ᠳᠡᠪᠰᠢᠭᠦᠯᠦᠭᠰᠡᠨ ᠲᠦᠷᠦ ᠶᠢᠨ ᠪᠢᠴᠢᠭ ᠢ ᠭᠥᠯᠢᠶᠡᠨ ᠠᠪᠤᠪᠠ᠃
 13-6图1.jpg   
    12 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠰᠠᠭᠤᠭ᠎ᠠ 28 ᠡᠯᠴᠢᠨ ᠰᠠᠶᠢᠳ ᠤᠨ ᠳᠡᠪᠰᠢᠭᠦᠯᠦᠭᠰᠡᠨ ᠲᠦᠷᠦ ᠶᠢᠨ ᠪᠢᠴᠢᠭ ᠢ ᠭᠥᠯᠢᠶᠡᠨ ᠠᠪᠤᠪᠠ᠃ ᠲᠦᠷᠦ ᠶᠢᠨ ᠪᠢᠴᠢᠭ ᠳᠡᠪᠰᠢᠭᠦᠯᠬᠦ ᠶᠣᠰᠣᠯᠠᠯ ᠲᠡᠭᠦᠰᠦᠭᠰᠡᠨ ᠤ ᠳᠠᠷᠠᠭ᠎ᠠ᠂ ᠰᠢ ᠶᠢᠨ ᠫᠢᠩ ᠪᠡᠭᠡᠵᠢᠩ ᠲᠢᠩᠬᠢᠮ ᠳᠤ ᠡᠯᠴᠢᠨ ᠰᠠᠶᠢᠳ ᠨᠠᠷ ᠲᠤ ᠶᠠᠷᠢᠶ᠎ᠠ ᠲᠠᠯᠪᠢᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ    ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠡᠭᠦᠳᠡᠨ ᠤ ᠭᠠᠳᠠᠨ᠎ᠠ᠂ ᠶᠣᠰᠣᠯᠠᠯ ᠤᠨ ᠴᠡᠷᠢᠭ ᠬᠤᠶᠠᠷ ᠭᠠᠷᠯᠠᠨ ᠵᠢᠭᠰᠠᠵᠤ᠂ ᠪᠦᠷᠢᠶᠡᠴᠢᠳ ᠵᠣᠴᠢᠨ ᠤᠭᠲᠤᠬᠤ ᠪᠦᠷᠢᠶ᠎ᠡ ᠦᠯᠢᠶᠡᠪᠡ᠃ ᠡᠯᠴᠢᠨ ᠰᠠᠶᠢᠳ ᠨᠠᠷ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠵᠦ᠂ ᠲᠤᠭ ᠤᠨ ᠵᠢᠭᠰᠠᠭᠠᠯ ᠢ ᠥᠩᠭᠡᠷᠡᠨ᠂ ᠭᠠᠨᠳᠢᠭ ᠴᠢᠯᠠᠭᠤᠨ ᠶᠡᠨᠳᠡᠷ ᠢᠶᠠᠷ ᠳᠡᠭᠡᠭᠰᠢ ᠠᠯᠬᠤᠯᠠᠪᠠ᠃    ︽ᠠᠭᠤᠯᠠ ᠤᠰᠤᠨ ᠡᠶᠢᠨ ᠬᠦ ᠲᠠᠩᠰᠤᠭ ᠰᠠᠶᠢᠬᠠᠨ︾ ᠭᠡᠬᠦ ᠲᠣᠮᠣ ᠬᠠᠨ᠎ᠠ ᠶᠢᠨ ᠵᠢᠷᠤᠭ ᠤᠨ ᠡᠮᠦᠨ᠎ᠡ᠂ ᠰᠢ ᠶᠢᠨ ᠫᠢᠩ ᠲᠤᠰ ᠲᠤᠰ ᠡᠯᠴᠢᠨ ᠰᠠᠶᠢᠳ ᠨᠠᠷ ᠤᠨ ᠳᠡᠪᠰᠢᠭᠦᠯᠦᠭᠰᠡᠨ ᠲᠦᠷᠦ ᠶᠢᠨ ᠪᠢᠴᠢᠭ ᠢ ᠭᠥᠯᠢᠶᠡᠨ ᠠᠪᠤᠭᠰᠠᠨ ᠪᠥᠭᠡᠳ ᠲᠡᠳᠡᠨᠤᠰ ᠲᠠᠢ ᠨᠢᠭᠡᠳ ᠨᠢᠭᠡ ᠪᠠᠷ ᠬᠠᠮᠲᠤ ᠶᠢᠨ ᠰᠡᠭᠦᠳᠡᠷ ᠲᠠᠲᠠᠭᠤᠯᠪᠠ᠃    ᠲᠡᠳᠡ ᠨᠠᠷ ᠪᠣᠯ᠄ ᠳᠤᠮᠳᠠᠳᠤ ᠤᠯᠤᠰ ᠲᠤ ᠰᠠᠭᠤᠭ᠎ᠠ ᠬᠤᠯᠠᠨᠳ᠋ ᠤᠨ ᠡᠯᠴᠢᠨ ᠰᠠᠶᠢᠳ ᠬᠤᠤᠱᠪᠦ᠋ᠸᠧ᠂ ᠳᠤᠮᠳᠠᠳᠤ ᠤᠯᠤᠰ ᠲᠤ ᠰᠠᠭᠤᠭ᠎ᠠ ᠮᠣᠷᠣᠺᠺᠤ ᠶᠢᠨ ᠡᠯᠴᠢᠨ ᠰᠠᠶᠢᠳ ᠠᠨᠰᠠᠷᠢ᠂ ᠳᠤᠮᠳᠠᠳᠤ ᠤᠯᠤᠰ ᠲᠤ ᠰᠠᠭᠤᠭ᠎ᠠ ᠺᠠᠮᠪᠤᠵᠠ ᠶᠢᠨ ᠡᠯᠴᠢᠨ ᠰᠠᠶᠢᠳ ᠰᠦᠩ ᠵᠢᠶᠠ ᠸᠧᠢ᠂ ᠳᠤᠮᠳᠠᠳᠤ ᠤᠯᠤᠰ ᠲᠤ ᠰᠠᠭᠤᠭ᠎ᠠ ᠤᠮᠠᠷᠠᠲᠤ ᠮᠠᠺᠧᠳᠤᠨᠢᠶ᠎ᠠ ᠶᠢᠨ ᠡᠯᠴᠢᠨ ᠰᠠᠶᠢᠳ ᠨᠠᠰᠠᠶᠢᠹ᠂ ᠳᠤᠮᠳᠠᠳᠤ ᠤᠯᠤᠰ ᠲᠤ ᠰᠠᠭᠤᠭ᠎ᠠ ᠭᠷᠦ᠋ᠽᠢᠶᠠ ᠶᠢᠨ ᠡᠯᠴᠢᠨ ᠰᠠᠶᠢᠳ ᠺᠠᠯᠠᠨᠳᠠᠽᠧ᠂ ᠳᠤᠮᠳᠠᠳᠤ ᠤᠯᠤᠰ ᠲᠤ ᠰᠠᠭᠤᠭ᠎ᠠ ᠢᠰᠫᠠᠨᠢ ᠶᠢᠨ ᠡᠯᠴᠢᠨ ᠰᠠᠶᠢᠳ ᠪᠧᠲ᠋ᠠᠨᠰᠤᠰ᠂ ᠳᠤᠮᠳᠠᠳᠤ ᠤᠯᠤᠰ ᠲᠤ ᠰᠠᠭᠤᠭ᠎ᠠ ᠠᠷᠭᠧᠨ᠋ᠲ᠋ᠢᠨ ᠤ ᠡᠯᠴᠢᠨ ᠰᠠᠶᠢᠳ ᠮᠠᠷᠼᠧᠯᠤ᠋ · ᠰᠤᠸᠠᠷᠢᠰ · ᠰᠠᠶᠢᠯᠸᠢᠶ᠎ᠡ᠂ ᠳᠤᠮᠳᠠᠳᠤ ᠤᠯᠤᠰ ᠲᠤ ᠰᠠᠭᠤᠭ᠎ᠠ ᠲᠠᠢ ᠤᠯᠤᠰ ᠤᠨ ᠡᠯᠴᠢᠨ ᠰᠠᠶᠢᠳ ᠬᠠᠨ ᠼᠠᠨ ᠼᠠᠢ᠂ ᠳᠤᠮᠳᠠᠳᠤ ᠤᠯᠤᠰ ᠲᠤ ᠰᠠᠭᠤᠭ᠎ᠠ ᠰᠠᠶᠢᠫᠷᠦ᠋ᠰ ᠤᠨ ᠡᠯᠴᠢᠨ ᠰᠠᠶᠢᠳ ᠯᠠᠨᠢᠳᠦ᠋᠂ ᠳᠤᠮᠳᠠᠳᠤ ᠤᠯᠤᠰ ᠲᠤ ᠰᠠᠭᠤᠭ᠎ᠠ ᠰᠷᠢ ᠯᠠᠨᠺᠠ ᠶᠢᠨ ᠡᠯᠴᠢᠨ ᠰᠠᠶᠢᠳ ᠮᠠᠺᠢᠨᠳᠠ᠂ ᠳᠤᠮᠳᠠᠳᠤ ᠤᠯᠤᠰ ᠲᠤ ᠰᠠᠭᠤᠭ᠎ᠠ ᠮᠠᠯᠳᠠᠶᠢᠹ ᠤᠨ ᠡᠯᠴᠢᠨ ᠰᠠᠶᠢᠳ ᠹᠠᠽᠧᠷ᠂ ᠳᠤᠮᠳᠠᠳᠤ ᠤᠯᠤᠰ ᠲᠤ ᠰᠠᠭᠤᠭ᠎ᠠ ᠮᠠᠯᠢ ᠶᠢᠨ ᠡᠯᠴᠢᠨ ᠰᠠᠶᠢᠳ ᠳ᠋ᠠᠠᠦ᠋᠂ ᠳᠤᠮᠳᠠᠳᠤ ᠤᠯᠤᠰ ᠲᠤ ᠰᠠᠭᠤᠭ᠎ᠠ ᠯᠠᠳ᠋ᠸᠢᠶ᠎ᠠ ᠶᠢᠨ ᠡᠯᠴᠢᠨ ᠰᠠᠶᠢᠳ ᠠᠶᠢᠾᠧᠩᠪᠤᠮᠰ᠂ ᠳᠤᠮᠳᠠᠳᠤ ᠤᠯᠤᠰ ᠲᠤ ᠰᠠᠭᠤᠭ᠎ᠠ ᠳ᠋ᠠᠨᠮᠠᠷᠺ ᠤᠨ ᠡᠯᠴᠢᠨ ᠰᠠᠶᠢᠳ ᠺᠦᠩᠮᠦ᠋ᠸᠧᠺᠧ᠂ ᠳᠤᠮᠳᠠᠳᠤ ᠤᠯᠤᠰ ᠲᠤ ᠰᠠᠭᠤᠭ᠎ᠠ ᠠᠶᠢᠷᠯᠠᠨᠳ᠋ ᠤᠨ ᠡᠯᠴᠢᠨ ᠰᠠᠶᠢᠳ ᠡᠸᠦᠪᠦ᠋ᠸᠧᠷᠧᠨ᠂ ᠳᠤᠮᠳᠠᠳᠤ ᠤᠯᠤᠰ ᠲᠤ ᠰᠠᠭᠤᠭ᠎ᠠ ᠽᠢᠮᠪᠠᠪᠦ᠋ᠸᠧᠢ ᠶᠢᠨ ᠡᠯᠴᠢᠨ ᠰᠠᠶᠢᠳ ᠱᠤᠤᠨᠢᠸᠠ᠂ ᠲᠤᠮᠳᠠᠳᠤ ᠤᠯᠤᠰ ᠲᠤ ᠰᠠᠭᠤᠭ᠎ᠠ ᠮᠣᠩᠭᠤᠯ ᠤᠯᠤᠰ ᠤᠨ ᠡᠯᠴᠢᠨ ᠰᠠᠶᠢᠳ ᠡᠩᠬᠡᠪᠣᠯᠣᠳ᠂ ᠳᠤᠮᠳᠠᠳᠤ ᠤᠯᠤᠰ ᠲᠤ ᠰᠠᠭᠤᠭ᠎ᠠ ᠨᠣᠷᠸᠠᠢ ᠶᠢᠨ ᠡᠯᠴᠢᠨ ᠰᠠᠶᠢᠳ ᠳ᠋ᠠᠸᠢᠡᠧᠨ᠂ ᠳᠤᠮᠳᠠᠳᠤ ᠤᠯᠤᠰ ᠲᠤ ᠰᠠᠭᠤᠭ᠎ᠠ ᠨᠠᠥ᠋ᠷᠦ᠋ ᠶᠢᠨ ᠡᠯᠴᠢᠨ ᠰᠠᠶᠢᠳ ᠵᠢᠶᠧᠯᠢᠮᠠᠶᠢᠶᠠ᠂ ᠳᠤᠮᠳᠠᠳᠤ ᠤᠯᠤᠰ ᠲᠤ ᠰᠠᠭᠤᠭ᠎ᠠ ᠹᠢᠨᠯᠠᠨᠳ᠋ ᠤᠨ ᠡᠯᠴᠢᠨ ᠰᠠᠶᠢᠳ ᠮᠢᠩᠺᠠᠢ᠂ ᠳᠤᠮᠳᠠᠳᠤ ᠤᠯᠤᠰ ᠲᠤ ᠰᠠᠭᠤᠭ᠎ᠠ ᠮᠣᠨᠲ᠋ᠧᠨᠧᠭᠷᠤ᠋ ᠶᠢᠨ ᠡᠯᠴᠢᠨ ᠰᠠᠶᠢᠳ ᠪᠦᠯᠠᠲ᠋ᠤᠸᠢᠴ᠂ ᠳᠤᠮᠳᠠᠳᠤ ᠤᠯᠤᠰ ᠲᠤ ᠰᠠᠭᠤᠭ᠎ᠠ ᠰᠠᠯᠸᠠᠳᠤᠷ ᠤᠨ ᠡᠯᠴᠢᠨ ᠰᠠᠶᠢᠳ ᠯᠤᠫᠧᠰ᠂ ᠳᠤᠮᠳᠠᠳᠤ ᠤᠯᠤᠰ ᠲᠤ ᠰᠠᠭᠤᠭ᠎ᠠ ᠰᠯᠤᠸᠧᠨᠢᠶ᠎ᠠ ᠶᠢᠨ ᠡᠯᠴᠢᠨ ᠰᠠᠶᠢᠳ ᠮᠠᠪᠦ᠋ᠸᠧᠶᠠᠩ᠂ ᠳᠤᠮᠳᠠᠳᠤ ᠤᠯᠤᠰ ᠲᠤ ᠰᠠᠭᠤᠭ᠎ᠠ ᠸᠧᠨᠧᠽᠦ᠋ᠧᠯᠠ ᠶᠢᠨ ᠡᠯᠴᠢᠨ ᠰᠠᠶᠢᠳ ᠰᠠᠶᠢᠸᠠᠯᠦ᠋ᠧᠧᠰ᠂ ᠳᠤᠮᠳᠠᠳᠤ ᠤᠯᠤᠰ ᠲᠤ ᠰᠠᠭᠤᠭ᠎ᠠ ᠴᠠᠳ᠋ ᠤᠨ ᠡᠯᠴᠢᠨ ᠰᠠᠶᠢᠳ ᠠᠪᠠᠺᠠᠷ᠂ ᠳᠤᠮᠳᠠᠳᠤ ᠤᠯᠤᠰ ᠲᠤ ᠰᠠᠭᠤᠭ᠎ᠠ ᠰᠣᠮᠠᠯᠢ ᠶᠢᠨ ᠡᠯᠴᠢᠨ ᠰᠠᠶᠢᠳ ᠡᠾᠧᠳᠠᠨ᠂ ᠳᠤᠮᠳᠠᠳᠤ ᠤᠯᠤᠰ ᠲᠤ ᠰᠠᠭᠤᠭ᠎ᠠ ᠨᠧᠫᠠᠯ ᠤᠨ ᠡᠯᠴᠢᠨ ᠰᠠᠶᠢᠳ ᠤᠤᠯᠢ᠂ ᠳᠤᠮᠳᠠᠳᠤ ᠤᠯᠤᠰ ᠲᠤ ᠰᠠᠭᠤᠭ᠎ᠠ ᠪᠧᠩᠭᠠᠯ ᠤᠨ ᠡᠯᠴᠢᠨ ᠰᠠᠶᠢᠳ ᠨᠠᠽᠮᠦᠷ ᠨᠠᠷ ᠪᠣᠯᠣᠨ᠎ᠠ᠃    ᠲᠦᠷᠦ ᠶᠢᠨ ᠪᠢᠴᠢᠭ ᠳᠡᠪᠰᠢᠭᠦᠯᠬᠦ ᠶᠣᠰᠣᠯᠠᠯ ᠲᠡᠭᠦᠰᠦᠭᠰᠡᠨ ᠤ ᠳᠠᠷᠠᠭ᠎ᠠ᠂ ᠰᠢ ᠶᠢᠨ ᠫᠢᠩ ᠪᠡᠭᠡᠵᠢᠩ ᠲᠢᠩᠬᠢᠮ ᠳᠤ ᠡᠯᠴᠢᠨ ᠰᠠᠶᠢᠳ ᠨᠠᠷ ᠲᠤ ᠶᠠᠷᠢᠶ᠎ᠠ ᠲᠠᠯᠪᠢᠪᠠ᠃
  13-6图2.jpg 
    12 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠰᠠᠭᠤᠭ᠎ᠠ 28 ᠡᠯᠴᠢᠨ ᠰᠠᠶᠢᠳ ᠤᠨ ᠳᠡᠪᠰᠢᠭᠦᠯᠦᠭᠰᠡᠨ ᠲᠦᠷᠦ ᠶᠢᠨ ᠪᠢᠴᠢᠭ ᠢ ᠭᠥᠯᠢᠶᠡᠨ ᠠᠪᠤᠪᠠ᠃ ᠲᠦᠷᠦ ᠶᠢᠨ ᠪᠢᠴᠢᠭ ᠳᠡᠪᠰᠢᠭᠦᠯᠬᠦ ᠶᠣᠰᠣᠯᠠᠯ ᠲᠡᠭᠦᠰᠦᠭᠰᠡᠨ ᠤ ᠳᠠᠷᠠᠭ᠎ᠠ᠂ ᠰᠢ ᠶᠢᠨ ᠫᠢᠩ ᠪᠡᠭᠡᠵᠢᠩ ᠲᠢᠩᠬᠢᠮ ᠳᠤ ᠡᠯᠴᠢᠨ ᠰᠠᠶᠢᠳ ᠨᠠᠷ ᠲᠤ ᠶᠠᠷᠢᠶ᠎ᠠ ᠲᠠᠯᠪᠢᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠢᠩ ᠬᠠᠢ ᠲᠣᠣ ᠰᠡᠭᠦᠳᠡᠷᠯᠡᠪᠡ    ᠰᠢ ᠶᠢᠨ ᠫᠢᠩ ᠡᠯᠴᠢᠨ ᠰᠠᠶᠢᠳ ᠨᠠᠷ ᠤᠨ ᠳᠤᠮᠳᠠᠳᠤ ᠤᠯᠤᠰ ᠲᠤ ᠢᠷᠡᠵᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠶᠠᠷᠯᠠᠨ ᠤᠭᠲᠤᠵᠤ᠂ ᠲᠡᠳᠡᠨ ᠢᠶᠠᠷ ᠳᠠᠮᠵᠢᠭᠤᠯᠤᠨ ᠲᠣᠰ ᠲᠣᠰ ᠤᠨ ᠤᠯᠤᠰ ᠤᠨ ᠬᠢᠨᠢ ᠤᠳᠤᠷᠢᠳᠬᠤ ᠬᠥᠮᠥᠰ ᠪᠣᠯᠣᠨ ᠠᠷᠠᠳ ᠲᠦᠮᠡᠨ ᠳᠤ ᠰᠠᠶᠢᠨ ᠰᠠᠶᠢᠬᠠᠨ ᠵᠥᠩᠨᠡᠯ ᠳᠡᠪᠰᠢᠭᠦᠯᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠡᠯᠴᠢᠨ ᠰᠠᠶᠢᠳ ᠨᠠᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠲᠥᠭᠦᠮ ᠦᠵᠡᠭᠦᠯᠵᠦ ᠳᠡᠮᠵᠢᠯᠭᠡ ᠬᠠᠩᠭᠠᠨ᠎ᠠ ᠭᠡᠵᠦ ᠢᠯᠡᠷᠬᠡᠶᠢᠯᠡᠪᠡ᠃    ᠰᠢ ᠶᠢᠨ ᠫᠢᠩ᠂ ᠳᠤᠮᠳᠠᠳᠤ ᠤᠯᠤᠰ ᠥᠨᠢ ᠤᠳᠠᠭᠠᠨ ᠲᠡᠦᠬᠡ ᠲᠠᠢ᠂ ᠨᠤᠲᠤᠭ ᠳᠡᠪᠢᠰᠬᠡᠷ ᠥᠷᠭᠡᠨ ᠠᠭᠤᠳᠠᠮ ᠶᠤᠮ᠃ ᠡᠯᠴᠢᠨ ᠰᠠᠶᠢᠳ ᠨᠠᠷ ᠳᠤᠮᠳᠠᠳᠤ ᠤᠯᠤᠰ ᠤᠨ ᠡᠯ᠎ᠡ ᠭᠠᠵᠠᠷ ᠢᠶᠠᠷ ᠢᠯᠡᠭᠦᠬᠡᠨ ᠶᠠᠪᠤᠵᠤ ᠦᠵᠡᠨ᠂ ᠳᠤᠮᠳᠠᠳᠤ ᠤᠯᠤᠰ ᠤᠨ ᠠᠷᠠᠳ ᠤᠯᠠᠨ ᠤ ᠲᠠᠭᠤᠨ ᠢ ᠢᠯᠡᠭᠦᠬᠡᠨ ᠰᠣᠨᠣᠰᠴᠤ᠂ ᠲᠡᠦᠬᠡᠨ ᠳᠠᠬᠢ ᠳᠤᠮᠳᠠᠳᠤ ᠤᠯᠤᠰ᠂ ᠤᠳᠤ ᠶᠢᠨ ᠳᠤᠮᠳᠠᠳᠤ ᠤᠯᠤᠰ ᠂ ᠢᠷᠡᠭᠡᠳᠦᠢ ᠶᠢᠨ ᠳᠤᠮᠳᠠᠳᠤ ᠤᠯᠤᠰ ᠢ ᠪᠦᠭᠦ ᠲᠠᠯ᠎ᠠ ᠪᠠᠷ ᠣᠶᠢᠯᠠᠭᠠᠵᠤ᠂ ᠳᠤᠮᠳᠠᠳᠤ ᠤᠯᠤᠰ ᠤᠨ ᠴᠠᠭ ᠦᠶ᠎ᠡ ᠶᠢᠨ ᠳᠦᠷᠰᠦ ᠪᠠᠶᠢᠳᠠᠯ᠂ ᠬᠥᠭᠵᠢᠯᠲᠡ ᠶᠢᠨ ᠵᠠᠮ᠂ ᠤᠷᠤᠭᠰᠢᠯᠠᠯᠲᠠ ᠶᠢᠨ ᠴᠢᠭᠯᠡᠯ ᠢ ᠪᠤᠰᠤᠳᠴᠢ ᠪᠠᠷ ᠲᠤᠰᠬᠠᠵᠤ᠂ ᠳᠤᠮᠳᠠᠳᠤ ᠤᠯᠤᠰ ᠪᠣᠯᠣᠨ ᠳᠡᠯᠡᠬᠡᠢ ᠶᠢᠨ ᠬᠤᠭᠤᠷᠣᠨᠳᠤᠭᠢ ᠶᠠᠪᠤᠯᠴᠠᠭ᠎ᠠ ᠶᠢᠨ ᠬᠥᠭᠦᠷᠭᠡ ᠶᠢ ᠲᠠᠯᠪᠢᠭᠴᠢ᠂ ᠬᠠᠮᠲᠤᠷᠠᠯᠴᠠᠭ᠎ᠠ ᠶᠢ ᠠᠬᠢᠭᠤᠯᠤᠭᠴᠢ᠂ ᠨᠥᠬᠦᠷᠯᠡᠯ ᠤᠨ ᠤᠯᠠᠮᠵᠢᠯᠠᠭᠴᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ᠃ 75 ᠵᠢᠯ ᠤᠨ ᠰᠢᠷᠭᠠᠭᠤ ᠬᠠᠲᠠᠭᠤᠵᠢᠯᠲᠠᠢ ᠲᠡᠮᠡᠴᠡᠯ ᠢᠶᠠᠷ ᠳᠠᠮᠵᠢᠭᠠᠳ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢᠭᠡᠨᠲᠡ ᠰᠦᠷᠯᠢᠭ ᠰᠠᠶᠢᠬᠠᠨ ᠦᠵᠡᠮᠵᠢᠲᠦ ᠵᠢᠷᠤᠭ ᠢ ᠳᠡᠯᠭᠡᠭᠰᠡᠨ ᠪᠥᠭᠡᠳ ᠵᠦᠢᠷᠯᠡᠰᠢ ᠦᠭᠡᠢ ᠭᠡᠷᠡᠯ ᠰᠠᠴᠤᠷᠠᠩᠭᠤᠢ ᠠᠯᠤᠰ ᠢᠷᠡᠭᠡᠳᠦᠢ ᠢᠯᠡᠷᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ 300 ᠭᠠᠷᠤᠢ ᠵᠦᠢᠯ ᠤᠨ ᠥᠭᠡᠷᠡᠴᠢᠯᠡᠯᠲᠡ ᠶᠢᠨ ᠴᠢᠬᠤᠯᠠ ᠠᠷᠭ᠎ᠠ ᠪᠠᠷᠢᠯ ᠢ ᠳᠤᠷᠠᠳᠤᠨ ᠭᠠᠷᠭᠠᠪᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠪᠡᠶ᠎ᠡ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ ᠣᠳᠣᠬᠢᠴᠢᠯᠠᠯᠲᠠ ᠪᠢᠰᠢ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠡᠯ᠎ᠡ ᠤᠯᠤᠰ ᠲᠠᠢ ᠬᠠᠮᠲᠤ ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠵᠦ᠂ ᠰᠠᠶᠢᠨ ᠰᠠᠶᠢᠬᠠᠨ ᠢᠶᠠᠨ ᠬᠠᠮᠲᠤ ᠪᠠᠷ ᠬᠤᠪᠢᠶᠠᠯᠴᠠᠵᠤ᠂ ᠬᠠᠷᠢᠯᠴᠠᠨ ᠲᠤᠰᠠᠯᠠᠯᠴᠠᠵᠤ ᠠᠮᠵᠢᠯᠲᠠ ᠣᠯᠬᠤ ᠶᠢ ᠪᠡᠶᠡᠯᠡᠭᠦᠯᠵᠦ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠭᠠᠷ ᠬᠤᠯᠪᠣᠯᠴᠠᠨ ᠲᠡᠮᠡᠴᠡᠨ᠎ᠡ ᠭᠡᠵᠦ ᠵᠢᠭᠠᠵᠤ ᠭᠠᠷᠭᠠᠪᠠ᠃
13-6图3.jpg   
    12 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠰᠠᠭᠤᠭ᠎ᠠ 28 ᠡᠯᠴᠢᠨ ᠰᠠᠶᠢᠳ ᠤᠨ ᠳᠡᠪᠰᠢᠭᠦᠯᠦᠭᠰᠡᠨ ᠲᠦᠷᠦ ᠶᠢᠨ ᠪᠢᠴᠢᠭ ᠢ ᠭᠥᠯᠢᠶᠡᠨ ᠠᠪᠤᠪᠠ᠃ ᠲᠦᠷᠦ ᠶᠢᠨ ᠪᠢᠴᠢᠭ ᠳᠡᠪᠰᠢᠭᠦᠯᠬᠦ ᠶᠣᠰᠣᠯᠠᠯ ᠲᠡᠭᠦᠰᠦᠭᠰᠡᠨ ᠤ ᠳᠠᠷᠠᠭ᠎ᠠ᠂ ᠰᠢ ᠶᠢᠨ ᠫᠢᠩ ᠪᠡᠭᠡᠵᠢᠩ ᠲᠢᠩᠬᠢᠮ ᠳᠤ ᠡᠯᠴᠢᠨ ᠰᠠᠶᠢᠳ ᠨᠠᠷ ᠲᠤ ᠶᠠᠷᠢᠶ᠎ᠠ ᠲᠠᠯᠪᠢᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠢᠨ ᠪᠦᠸᠧ ᠭᠦ᠋ ᠰᠡᠭᠦᠳᠡᠷᠯᠡᠪᠡ    ᠰᠢ ᠶᠢᠨ ᠫᠢᠩ᠂ ᠮᠠᠨ ᠤ ᠣᠷᠣᠰᠢᠵᠤ ᠪᠠᠶᠢᠭ᠎ᠠ ᠴᠠᠭ ᠦᠶ᠎ᠡ ᠭᠠᠵᠠᠷ ᠣᠷᠣᠨ ᠤ ᠮᠥᠷᠭᠦᠯᠳᠦᠭᠡᠨ᠂ ᠭᠠᠭᠴᠠ ᠲᠠᠯ᠎ᠠ ᠶᠢᠨ ᠠᠵᠢᠯᠯᠠᠭ᠎ᠠ᠂ ᠬᠠᠮᠠᠭᠠᠯᠠᠬᠤ ᠦᠵᠡᠯ ᠤᠨ ᠬᠡᠴᠡᠭᠦᠳᠡᠯ ᠵᠢᠴᠢ ᠠᠭᠤᠷ ᠠᠮᠢᠰᠬᠤᠯ ᠤᠨ ᠬᠤᠪᠢᠷᠠᠯᠲᠠ ᠵᠡᠷᠭᠡ ᠬᠦᠨᠳᠦ ᠶᠡᠭᠡ ᠥᠷᠢᠰᠦᠯᠳᠦᠭᠡᠨ ᠪᠠ ᠬᠢᠮᠤᠷᠠᠯ ᠳᠤ ᠲᠤᠯᠭᠠᠷᠠᠵᠤ ᠪᠠᠶᠢᠭ᠎ᠠ ᠪᠣᠯᠬᠤᠷ ᠡᠯ᠎ᠡ ᠤᠯᠤᠰ ᠬᠠᠮᠲᠤ ᠪᠠᠷ ᠠᠵᠢᠯᠯᠠᠭ᠎ᠠ ᠠᠪᠬᠤ ᠴᠢᠬᠤᠯᠠᠲᠠᠢ ᠪᠠᠶᠢᠨ᠎ᠠ᠃ ᠲᠡᠦᠬᠡ ᠶᠢᠨ ᠰᠢᠨ᠎ᠡ ᠲᠣᠨᠣᠯᠵᠢᠨ ᠵᠠᠮ ᠳᠡᠭᠡᠷ᠎ᠡ ᠵᠣᠭᠰᠣᠭᠰᠠᠨ ᠡᠯ᠎ᠡ ᠤᠯᠤᠰ ᠨᠡᠩ ᠴᠤ ᠬᠥᠮᠥᠨ ᠲᠥᠷᠥᠯᠬᠢᠲᠡᠨ ᠤ ᠲᠡᠦᠬᠡ ᠠᠴᠠ ᠲᠤᠷᠰᠢᠯᠭ᠎ᠠ ᠰᠤᠷᠭᠠᠮᠵᠢ ᠠᠪᠴᠤ᠂ ᠪᠦᠯᠬᠦᠮᠳᠡᠨ ᠬᠠᠮᠵᠢᠯᠴᠠᠬᠤ ᠪᠠᠨ ᠴᠢᠩᠭᠠᠳᠬᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠬᠠᠮᠠᠭᠠᠯᠠᠬᠤ ᠳᠤ ᠨᠡᠩ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠴᠢᠬᠤᠯᠠᠲᠠᠢ ᠶᠤᠮ᠃ ᠳᠡᠯᠡᠬᠡᠢ ᠨᠡᠶᠢᠭᠡᠮ ᠤᠨ ᠲᠣᠭᠲᠠᠭᠤᠨ᠂ ᠢᠳᠡᠪᠬᠢᠲᠡᠢ᠂ ᠲᠠᠪᠰᠢᠯᠳᠠ ᠶᠢᠨ ᠬᠦᠴᠦᠨ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠢᠮᠠᠭᠲᠠ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠡᠯ᠎ᠡ ᠤᠯᠤᠰ ᠲᠠᠢ ᠬᠠᠮᠲᠤ ᠪᠠᠷ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠵᠢᠯᠲᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠦᠢᠯᠡᠳᠦᠯᠭᠡᠵᠢᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃    ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号