︽ᠬᠥᠳᠡᠭᠡ ᠲᠣᠰᠬᠤᠨ ᠤ ᠠᠯᠳᠠᠷᠲᠤ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠭᠠᠰᠢ ᠪᠤᠭᠤᠲᠤ ᠬᠤᠲᠠ ᠶᠢᠨ | ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠳᠦᠷᠢᠮ︾ ᠢ | ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢ ᠤᠬᠠᠭᠤᠯᠵᠤ | ᠵᠢᠯᠤᠭᠤᠳᠬᠤ᠂ ᠬᠥᠳᠡᠭᠡ ᠲᠣᠰᠬᠤᠨ ᠤ ᠭᠠᠵᠠᠷ ᠤᠨ ᠨᠡᠷᠡᠰ ᠢ ᠴᠤᠭᠯᠠᠭᠤᠯᠬᠤ᠂ ᠭᠠᠵᠠᠷ ᠤᠨ ᠨᠡᠷᠡᠰ ᠤᠨ ᠰᠣᠶᠣᠯ ᠢ | ᠤᠬᠠᠭᠤᠯᠬᠤ ᠲᠠᠯ᠎ᠠ ᠪᠠᠷ ᠬᠦᠴᠦ ᠲᠠᠯᠪᠢᠵᠤ᠂ ᠪᠥᠬᠦ ᠬᠤᠲᠠ ᠶᠢᠨ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ | ᠪᠦᠲᠦᠭᠡᠨ ᠪᠠᠶᠢᠭᠤᠯᠤᠯᠲᠠ ᠶᠢ ᠣᠯᠠᠨ ᠠᠷᠭ᠎ᠠ ᠪᠠᠷ ᠠᠬᠢᠭᠤᠯᠵᠤ᠂ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ | ᠮᠡᠳᠡᠭᠡ ᠵᠠᠩᠭᠢ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠤᠨ ᠨᠠᠷᠢᠯᠢᠭᠵᠢᠭᠤᠯᠬᠤ ᠲᠦᠪᠰᠢᠨ ᠢ ᠳᠡᠭᠡᠭᠰᠢᠯᠡᠭᠦᠯᠦᠨ᠂ ︽ | ᠬᠥᠳᠡᠭᠡ ᠲᠣᠰᠬᠤᠨ ᠤ ᠨᠠᠷᠠᠲᠤ ᠠᠵᠢᠯᠯᠠᠭ᠎ᠠ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ | | | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠦᠳᠤᠯᠤᠮᠵᠢ ᠶᠢ ᠴᠢᠩᠭᠠᠳᠬᠠᠪᠠ | | 3 ᠬᠤᠭᠤᠴᠠᠭᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠪᠥᠬᠦ ᠬᠤᠲᠠ ᠶᠢᠨ | ᠣᠷᠣᠨ ᠬᠤᠪᠢᠶᠠᠷᠢᠯᠠᠯ ᠭᠠᠵᠠᠷ ᠤᠨ ᠨᠡᠷᠡᠰ ᠤᠨ ᠠᠵᠢᠯᠲᠠᠨ ᠢ ᠵᠢᠯᠣᠭᠤᠳᠤᠨ ᠬᠥᠳᠡᠭᠡ ᠲᠣᠰᠬᠤᠨ ᠤ ᠨᠠᠷᠠᠲᠤ | ᠠᠵᠢᠯᠯᠠᠭ᠎ᠠ ᠶᠢ ᠪᠥᠬᠦ ᠲᠠᠯ᠎ᠠ ᠪᠠᠷ ᠣᠶᠢᠯᠠᠭᠠᠨ ᠪᠠᠶᠢᠴᠠᠭᠠᠬᠤ᠂ ᠵᠢᠷᠤᠭ ᠴᠤᠭᠯᠠᠭᠤᠯᠬᠤ᠂ ᠨᠡᠷᠡᠶᠢᠳᠦᠨ ᠪᠠᠷᠢᠮᠵᠢᠶ᠎ᠠ | ᠲᠣᠭᠲᠠᠭᠠᠬᠤ ᠵᠡᠷᠭᠡ ᠡᠯ᠎ᠡ ᠵᠦᠢᠯ ᠤᠨ ᠠᠵᠢᠯ ᠤᠨ ᠭᠤᠭᠴᠤᠭ᠎ᠠ ᠶᠢ ᠥᠷᠨᠢᠭᠦᠯᠵᠦ᠂ ᠣᠨᠣᠯ ᠪᠠ ᠪᠣᠳᠠᠲᠠᠢ | ᠪᠣᠯᠪᠠᠰᠤᠷᠠᠯ ᠤᠨ ᠠᠷᠭ᠎ᠠ ᠪᠠᠷ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠭᠠᠵᠠᠷ ᠤᠨ ᠨᠡᠷᠡᠰ ᠢ ᠴᠤᠭᠯᠠᠭᠤᠯᠬᠤ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠲᠤᠷᠰᠢᠯᠲᠠ ᠬᠢᠬᠦ ᠠᠷᠭ᠎ᠠ ᠪᠠᠷ ᠵᠢᠤᠶᠤᠸᠠᠨ ᠲᠣᠭᠤᠷᠢᠭ᠂ ᠲᠦᠮᠡᠳ ᠪᠠᠷᠠᠭᠤᠨ ᠬᠤᠰᠢᠭᠤ ᠵᠡᠷᠭᠡ ᠲᠤᠷᠰᠢᠯᠲᠠ ᠶᠢᠨ | ᠴᠡᠭ ᠤᠨ ᠭᠠᠵᠠᠷ ᠣᠷᠣᠨ ᠤ ︽ᠬᠥᠳᠡᠭᠡ ᠲᠣᠰᠬᠤᠨ ᠤ ᠨᠠᠷᠠᠲᠤ ᠠᠵᠢᠯᠯᠠᠭ᠎ᠠ︾ ᠶᠢᠨ ᠶᠠᠪᠤᠴᠨ ᠶᠢᠨ | ᠵᠢᠯᠣᠭᠤᠳᠤᠮᠵᠢ᠂ ᠭᠦᠢᠴᠡᠳᠬᠡᠬᠦ ᠨᠠᠷᠢᠨ ᠬᠠᠭᠤᠳᠠᠰᠤ᠂ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ | ᠵᠡᠷᠭᠡ ᠮᠠᠲ᠋ᠧᠷᠢᠶᠠᠯ ᠤᠨ ᠭᠠᠷ ᠳᠡᠪᠲᠡᠷ ᠲᠣᠭᠲᠠᠭᠠᠬᠤ ᠶᠢ ᠵᠢᠯᠤᠭᠤᠳᠴᠤ᠂ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠯᠦᠭᠡ ᠶᠢᠨ ᠭᠠᠵᠠᠷ ᠤᠨ ᠨᠡᠷᠡᠰ ᠤᠨ ᠬᠠᠮᠢᠶᠠᠷᠤᠯᠲᠠ ᠶᠢᠨ ᠠᠵᠢᠯ ᠤᠨ | ᠳᠤᠮᠳᠠᠬᠢ ᠨᠡᠪᠲᠡᠷᠡᠯᠴᠡᠭᠡ ᠪᠠᠨ ᠴᠢᠩᠭᠠᠳᠬᠠᠵᠤ᠂ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠬᠠᠷᠢᠶ᠎ᠠ ᠲᠣᠰᠬᠤᠨ᠂ ᠨᠡᠶᠢᠭᠡᠮ ᠲᠣᠭᠤᠷᠢᠭ ᠤᠨ ︽ᠲᠣᠣᠷᠵᠢᠯ︾ ᠤᠨ ᠬᠦᠴᠦᠨ ᠢ ᠭᠦᠢᠴᠡᠳ ᠳᠠᠶᠢᠴᠢᠯᠠᠨ᠂ | ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠮᠡᠳᠡᠭᠡ ᠵᠠᠩᠭᠢ ᠶᠢ ᠨᠠᠷᠢᠯᠢᠭ ᠣᠨᠣᠴᠠᠲᠠᠢ᠂ ᠵᠢᠷᠤᠮᠵᠢᠭᠤᠯᠤᠨ | ᠴᠤᠬᠯᠠᠭᠤᠯᠪᠠ᠃ | | | ᠲᠣᠰᠬᠤᠨ ᠤ ᠠᠷᠠᠳ ᠲᠤ ᠬᠥᠳᠡᠭᠡ ᠲᠣᠰᠬᠤᠨ ᠤ ᠠᠯᠳᠠᠷᠲᠤ ᠠᠵᠢᠯᠯᠠᠭ᠎ᠠ ᠶᠢᠨ ᠰᠠᠨᠠᠭᠠᠴᠢᠯᠠᠭ᠎ᠠ ᠶᠢᠨ ᠪᠢᠴᠢᠭ | ᠲᠠᠷᠬᠠᠭᠠᠵᠤ ᠬᠥᠳᠡᠭᠡ ᠲᠣᠰᠬᠤᠨ ᠤ ᠭᠠᠵᠠᠷ ᠤᠨ ᠨᠡᠷᠡᠰ ᠢ ᠴᠤᠬᠯᠠᠭᠤᠯᠬᠤ ᠠᠵᠢᠯ ᠤᠨ ᠡᠷᠴᠢᠮ ᠢ ᠴᠢᠩᠭᠠᠷᠠᠭᠤᠯᠪᠠ | | ᠦᠢᠯᠡᠴᠢᠯᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠨᠠᠷᠢᠯᠢᠭᠵᠢᠭᠤᠯᠬᠤ | ᠬᠡᠷᠡᠭᠴᠡᠭᠡ ᠳᠤ ᠴᠢᠭᠯᠡᠭᠦᠯᠦᠨ᠂ ᠬᠤᠲᠠ᠂ ᠲᠣᠭᠤᠷᠢᠭ ᠤᠨ ᠬᠤᠶᠠᠷ ᠱᠠᠲᠤᠨ ᠤ ᠸᠢᠴᠠᠲ ᠤᠨ ᠨᠡᠶᠢᠲᠡ ᠶᠢᠨ ᠳ᠋ᠤᠭᠠᠷ | ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠬᠥᠳᠡᠭᠡ ᠲᠣᠰᠬᠤᠨ ᠤ ᠠᠯᠳᠠᠷᠲᠤ ᠠᠵᠢᠯᠯᠠᠭᠠᠨ ᠤ | ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠲᠦᠮᠡᠳ ᠪᠠᠷᠠᠭᠤᠨ ᠬᠤᠰᠢᠭᠤᠨ ᠤ ᠬᠢᠨ ︽ᠬᠥᠳᠡᠭᠡ ᠲᠣᠰᠬᠤᠨ ᠤ | ᠭᠠᠵᠠᠷ ᠤᠨ ᠨᠡᠷᠡᠰ ᠤᠨ ᠢᠷᠡᠯᠲᠡ ᠶᠢᠨ ᠬᠠᠷᠢᠶ᠎ᠠ ᠶᠢ ᠪᠠᠶᠢᠭᠤᠯᠬᠤ︾ ᠠᠵᠢᠯᠯᠠᠭ᠎ᠠ ᠥᠷᠨᠢᠭᠦᠯᠵᠦ᠂ ᠵᠢᠤᠶᠤᠸᠠᠨ | ᠲᠣᠭᠤᠷᠢᠭ ᠲᠤ ︽ ᠨᠤᠲᠤᠭ ᠤᠨ ᠢᠶᠠᠨ ᠭᠠᠵᠠᠷ ᠤᠨ ᠨᠡᠷᠡᠰ ᠤᠨ ᠠᠵᠢᠯ ᠳᠤ ᠬᠦᠴᠤ ᠪᠠᠨ ᠡᠷᠬᠦᠬᠦ︾ ᠠᠵᠢᠯᠯᠠᠭ᠎ᠠ | ᠥᠷᠨᠢᠭᠦᠯᠵᠦ᠂ ᠲᠣᠰᠬᠤᠨ ᠤ ᠠᠷᠠᠳ᠂ ᠲᠣᠰᠬᠤᠨ ᠤ ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠵᠡᠷᠭᠡ ᠶᠢᠨ ᠠᠶᠠᠨᠳᠠᠭᠠᠨ ᠣᠷᠣᠯᠴᠠᠬᠤ ᠶᠢ ᠥᠷᠭᠡᠨ ᠢᠶᠠᠷ ᠳᠠᠶᠢᠴᠢᠯᠠᠵᠤ᠂ ︽ᠬᠥᠳᠡᠭᠡ | ᠲᠣᠰᠬᠤᠨ ᠤ ᠨᠠᠷᠠᠲᠤ ᠠᠵᠢᠯᠯᠠᠭᠠᠨ ᠤ ᠭᠠᠵᠠᠷ ᠤᠨ ᠨᠡᠷᠡᠰ ᠤᠨᠮᠡᠳᠡᠭᠡ ᠵᠠᠩᠭᠢ ᠶᠢ ᠴᠤᠭᠯᠠᠭᠤᠯᠬᠤ ᠵᠢᠷᠤᠭ ᠤᠨ | ᠲᠠᠪᠴᠠᠩ︾ ᠢᠶᠠᠷ ᠳᠠᠮᠵᠢᠭᠤᠯᠤᠨ ᠬᠠᠷᠢᠶᠠᠲᠤ ᠣᠷᠣᠨ ᠤ ᠪᠠᠶᠢᠭᠠᠯᠢ ᠶᠢᠨ ᠭᠠᠵᠠᠷ ᠵᠦᠢ ᠶᠢᠨ ᠪᠣᠳᠠᠲᠤ ᠴᠣᠭᠴᠠ᠂ | ᠰᠣᠨᠢᠷᠬᠠᠯ ᠤᠨ ᠴᠡᠭ᠂ ᠲᠦᠷᠭᠡᠨ ᠬᠦᠷᠭᠡᠬᠦ ᠥᠷᠲᠡᠭᠡ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ | ᠲᠦᠬᠦᠬᠡᠷᠤᠮᠵᠢ ᠵᠡᠷᠭᠡ ᠶᠢ ᠴᠤᠭᠯᠠᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠵᠠᠮᠴᠢᠯᠠᠯ ᠪᠠ ᠠᠷᠠᠯᠵᠢᠶ᠎ᠠ | ᠬᠤᠳᠠᠯᠳᠤᠭᠠᠨ ᠤ ᠭᠦᠢᠯᠭᠡᠭᠡ᠂ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ᠂ ᠵᠤᠭᠠᠴᠠᠭᠰᠠᠳ ᠤᠨ | ᠺᠠᠷᠲ ᠢᠶᠠᠨ ᠪᠦᠷᠢᠳᠬᠡᠭᠦᠯᠬᠦ ᠳᠤ ᠬᠦᠴᠦᠨ ᠨᠡᠮᠡᠷᠢᠯᠡᠪᠡ᠃ ᠵᠠᠰᠠᠭ ᠤᠨ ᠣᠷᠳᠣᠨ ᠵᠢᠯᠤᠭᠤᠳᠬᠤ᠂ ᠠᠷᠠᠳ ᠤᠨ | ᠶᠠᠪᠤᠳᠠᠯ ᠤᠨ ᠬᠢᠨ ᠴᠤᠭᠯᠠᠭᠤᠯᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ ᠵᠡᠷᠭᠡ ᠠᠷᠭ᠎ᠠ ᠪᠠᠷ ᠭᠠᠴᠠᠭ᠎ᠠ | ᠲᠣᠰᠬᠤᠨ ᠤ ᠵᠢᠮᠢᠰ ᠲᠡᠭᠦᠬᠦ ᠬᠦᠷᠢᠶᠡᠯᠡᠩ᠂ ᠵᠢᠭᠤᠯᠴᠢᠯᠠᠯ ᠤᠨ ᠴᠡᠭ᠂ ᠰᠣᠨᠢᠷᠬᠠᠯ ᠤᠨ ᠴᠡᠭ᠂ ᠲᠦᠷᠭᠡᠨ ᠬᠦᠷᠭᠡᠬᠦ | ᠴᠡᠭ ᠵᠡᠷᠭᠡ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠲᠤᠭ᠎ᠠ ᠪᠠᠷᠢᠮᠲᠠ ᠶᠢ 4000 ᠭᠠᠷᠤᠢ ᠴᠤᠭᠯᠠᠭᠤᠯᠵᠤ᠂ | ᠵᠡᠷᠭᠡ ᠪᠠᠷ ︽ᠰᠦᠯᠵᠢᠶᠡᠨ ᠳᠤ ᠣᠷᠣᠭᠤᠯᠵᠤ︾ ︽ᠵᠢᠷᠤᠭ ᠲᠤ ᠣᠷᠣᠭᠤᠯᠵᠤ︾᠂ ᠣᠯᠠᠨ ᠲᠦᠮᠡᠨ ᠤ ᠵᠤᠭᠠᠴᠠᠨ | ᠲᠣᠭᠤᠷᠢᠬᠤ ᠵᠠᠮᠴᠢᠯᠠᠬᠤ ᠳᠤ ᠲᠥᠬᠦᠮ ᠦᠵᠡᠬᠦᠯᠪᠡ᠃ | | ᠭᠠᠵᠠᠷ ᠤᠨ ᠨᠡᠷᠡᠰ ᠤᠨ ᠰᠣᠶᠣᠯ ᠢ ᠪᠠᠳᠠᠷᠠᠭᠤᠯᠵᠤ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠤᠬᠠᠭᠤᠯᠭ᠎ᠠ ᠶᠢᠨ | ᠴᠢᠩᠭᠠᠳᠬᠠᠪᠠ | | ᠵᠢᠤᠶᠤᠸᠠᠨ ᠲᠣᠭᠤᠷᠢᠭ ᠤᠨ ︽ᠨᠤᠲᠤᠭ ᠤᠨ ᠢᠶᠠᠨ ᠭᠠᠵᠠᠷ ᠤᠨ ᠨᠡᠷᠡᠰ ᠤᠨ ᠦᠯᠢᠭᠡᠷ ᠢ ᠰᠠᠶᠢᠲᠤᠷ ᠶᠠᠷᠢᠵᠤ | ᠲᠡᠦᠬᠡ ᠭᠠᠵᠠᠷ ᠤᠨ ᠨᠡᠷᠡᠰ ᠤᠨ ᠰᠣᠶᠣᠯ ᠢ ᠪᠠᠳᠠᠷᠠᠭᠤᠯᠤᠶ᠎ᠠ︾ ᠭᠡᠬᠦ ᠭᠤᠣᠯ ᠰᠡᠳᠦᠪ ᠢᠶᠠᠷ ᠴᠤᠭᠯᠠᠭᠤᠯᠬᠤ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ ᠲᠤᠬᠠᠢ ᠶᠢᠨ ᠭᠠᠵᠠᠷ ᠲᠤ ᠨᠢ ᠰᠤᠷᠪᠤᠯᠵᠢᠯᠠᠬᠤ᠂ ᠲᠠᠷᠢᠶᠠᠨ ᠭᠠᠵᠠᠷ ᠲᠤ | ᠭᠦᠨᠵᠡᠭᠡᠶᠢᠷᠡᠨ ᠲᠤᠬᠠᠢ ᠶᠢᠨ ᠭᠠᠵᠠᠷ ᠤᠨ ᠨᠠᠰᠤᠲᠠᠶᠢᠴᠤᠳ ᠲᠠᠢ ᠵᠣᠭᠤᠭᠳᠠᠬᠤ᠂ ᠡᠬᠢ ᠰᠤᠷᠪᠤᠯᠵᠢ ᠶᠢ ᠨᠢ | ᠠᠰᠠᠭᠤᠬᠤ ᠪᠠᠷ ᠳᠠᠮᠵᠢᠭᠤᠯᠵᠤ᠂ ᠮᠠ ᡂᠢ ᠶᠢᠨ ᠡᠷᠲᠡᠨ ᠤ ᠬᠤᠳᠠ᠂ ᠶᠠᠨ ᠵᠢᠶᠠ ᠯᠢᠶᠠᠩ ᠤᠨ ᠪᠠᠭᠤᠷᠢ᠂ ᠵᠠᠩ | ᠯᠦᠩ ᠭᠧ ᠳ᠋ᠠᠨ ᠤ ᠡᠷᠲᠡᠨ ᠤ ᠤᠩᠭᠤᠨ ᠤ ᠰᠦᠷᠦᠭ ᠵᠡᠷᠭᠡ ᠮᠢᠩᠭᠠᠨ ᠣᠨ ᠤ ᠰᠣᠶᠣᠯ ᠤᠨ ᠦᠯᠡᠳᠡᠭᠳᠡᠯ ᠢ | ᠭᠦᠨᠵᠡᠭᠡᠢ ᠤᠬᠠᠭᠤᠯᠪᠠ᠃ ᠲᠦᠮᠡᠳ ᠪᠠᠷᠠᠭᠤᠨ ᠬᠤᠰᠢᠭᠤᠨ ᠤ ᠬᠢᠨ ︽ᠭᠠᠵᠠᠷ ᠤᠨ ᠨᠡᠷᠡᠰ ᠤᠨ ᠰᠣᠶᠣᠯ ᠢ | ᠪᠠᠳᠠᠷᠠᠭᠤᠯᠵᠤ ᠲᠡᠦᠬᠡ ᠶᠢᠨ ᠳᠤᠷᠠᠰᠤᠮᠵᠢ ᠶᠢ ᠤᠯᠠᠮᠵᠢᠯᠠᠨ ᠵᠠᠯᠭᠠᠮᠵᠢᠯᠠᠬᠤ︾ ᠪᠠᠷ ᠭᠤᠣᠯ ᠰᠡᠳᠦᠪ ᠪᠣᠯᠭᠠᠨ ᠬᠥᠳᠡᠭᠡ | ᠲᠣᠰᠬᠤᠨ ᠤ ᠭᠠᠵᠠᠷ ᠤᠨ ᠨᠡᠷᠡᠰ ᠤᠨ ᠦᠯᠢᠭᠡᠷ ᠢ ᠠᠭᠤᠳᠠᠯᠬᠤ ᠶᠢᠨ ᠬᠠᠮᠲᠤ ᠮᠠᠶᠢᠳᠠᠷ ᠵᠤᠤ᠂ ᠭᠦᠸᠧ ᠧᠨ ᠴᠠᠨ | ᠰᠧ ᠬᠡᠶᠢᠳ᠂ ᠴᠢᠩ ᠴᠢᠤᠸᠠᠨ ᠰᠧ ᠬᠡᠶᠢᠳ᠂ ᠭᠤᠸᠠᠨ ᠳ᠋ᠢ ᠮᠢᠶᠣᠣ ᠰᠦᠮ᠎ᠡ᠂ ᠵᠢᠦ ᠹᠧᠩ ᠱᠠᠨ ᠠᠭᠤᠯᠠ ᠶᠢᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠶᠢ ᠲᠤᠬᠠᠢ ᠶᠢᠨ ᠭᠠᠵᠠᠷ ᠤᠨ ᠭᠠᠵᠠᠷ ᠤᠨ ᠨᠡᠷᠡᠰ ᠤᠨ | ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠬᠤ᠂ ᠸᠠᠩ ᠨᠠᠰᠤᠲᠠᠨ ᠤ | ᠬᠠᠭᠤᠴᠢᠨ ᠰᠠᠭᠤᠴᠠ᠂ ᠯᠢ ᠵᠢᠩ ᠴᠢᠤᠸᠠᠨ ᠤ ᠳᠤᠷᠠᠰᠬᠠᠯ ᠤᠨ ᠪᠠᠭᠤᠷᠢ ᠵᠡᠷᠭᠡ ᠶᠢ ᠬᠤᠪᠢᠰᠬᠠᠯᠳᠤ ᠨᠡᠷᠡᠰ ᠤᠨ | ᠬᠠᠮᠠᠭᠠᠯᠠᠯᠲᠠ ᠶᠢᠨ ᠲᠡᠮᠳᠡᠭᠯᠡᠯ ᠳᠤ ᠣᠷᠣᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠣᠳᠣᠬᠠᠨ ᠳᠤ ᠬᠤᠶᠠᠷ | ᠭᠠᠵᠠᠷ ᠤᠨ ᠬᠢᠨ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠰᠢᠷᠢᠰ ᠮᠡᠳᠡᠭᠡᠯᠡᠯ ᠢ ᠨᠢᠭᠡᠨᠲᠡ 20 ᠭᠠᠷᠤᠢ | ᠬᠤᠭᠤᠴᠠᠭ᠎ᠠ ᠨᠡᠶᠢᠲᠡᠯᠡᠭᠰᠡᠨ ᠪᠠᠶᠢᠨ᠎ᠠ᠃ ᠲᠡᠦᠬᠡ ᠰᠣᠶᠣᠯ ᠤᠨ ᠦᠨ᠎ᠡ ᠥᠷᠲᠡᠭ ᠲᠠᠢ ᠪᠠ ᠳᠤᠷᠠᠰᠬᠠᠯ ᠤᠨ ᠠᠴᠢ | ᠬᠤᠯᠪᠣᠭᠳᠠᠯ ᠲᠠᠢ ᠵᠡᠷᠭᠡ ᠭᠠᠵᠠᠷ ᠤᠨ ᠨᠡᠷᠡᠰ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠸᠢᠴᠠᠲ ᠲᠤ ︽ | ᠭᠠᠵᠠᠷ ᠤᠨ ᠨᠡᠷᠡᠰ ᠤᠨ ᠰᠣᠶᠣᠯ ᠤᠨ ᠰᠠᠭᠤᠭᠳᠠᠯ ᠲᠠᠢ ᠪᠤᠭᠤᠲᠤ︾ ᠲᠤᠰᠬᠠᠢ ᠪᠤᠯᠤᠩ ᠭᠠᠷᠭᠠᠵᠤ ᠪᠢᠴᠢᠭ | ᠮᠠᠲ᠋ᠧᠷᠢᠶᠠᠯ ᠤᠨ ᠵᠢᠭᠤᠯᠴᠢᠯᠠᠯ ᠤᠨ ᠰᠠᠯᠠᠭ᠎ᠠ ᠮᠥᠴᠢᠷ᠂ ᠲᠠᠩᠰᠠ ᠡᠪᠬᠡᠮᠡᠯ ᠤᠨ ᠲᠣᠪᠴᠢᠶ᠎ᠠ᠂ ᠮᠦᠽᠧᠢ ᠵᠡᠷᠭᠡ ᠣᠯᠠᠨ | ᠰᠠᠯᠠᠭ᠎ᠠ ᠮᠥᠴᠢᠷ ᠤᠨ ᠴᠤᠭᠯᠠᠭᠤᠯᠤᠭᠰᠠᠨ ᠬᠠᠮᠢᠶ᠎ᠠ ᠪᠦᠬᠦᠢ ᠮᠠᠲ᠋ᠧᠷᠢᠶᠠᠯ ᠲᠠᠢ ᠢᠳᠡᠪᠬᠢᠲᠡᠢ ᠵᠣᠯᠭᠠᠭᠤᠯᠵᠤ᠂ ︽ᠰᠢ | ᠺᠧᠦ ᠶᠢᠨ ᠰᠣᠶᠣᠯ︾ ᠵᠡᠷᠭᠡ ᠭᠠᠵᠠᠷ ᠤᠨ ᠨᠡᠷᠡᠰ ᠤᠨ ᠰᠣᠶᠣᠯ ᠤᠨ ᠰᠢᠷᠢᠰ ᠮᠡᠳᠡᠭᠡ ᠵᠠᠩᠭᠢ ᠶᠢ 30 ᠰᠢᠬᠠᠮ | ᠨᠡᠶᠢᠲᠡᠯᠡᠵᠦ᠂ ᠬᠥᠳᠡᠭᠡ ᠲᠣᠰᠬᠤᠨ ᠤ 100 ᠭᠠᠷᠤᠢ ᠭᠠᠵᠠᠷ ᠤᠨ ᠨᠡᠷᠡᠰ ᠲᠤ ᠬᠤᠯᠪᠣᠭᠳᠠᠨ᠎ᠠ᠃ | ᠳᠠᠷᠠᠭᠠᠴᠢ ᠪᠠᠷ ᠪᠤᠭᠤᠲᠤ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠬᠥᠳᠡᠭᠡ ᠲᠣᠰᠬᠤᠨ ᠤ | ᠭᠠᠵᠠᠷ ᠤᠨ ᠨᠡᠷᠡᠰ ᠤᠨ ᠰᠣᠶᠣᠯ ᠤᠨ ᠬᠠᠮᠠᠭᠠᠯᠠᠯᠲᠠ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠦᠢᠯᠡᠴᠢᠯᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠭᠠᠵᠠᠷ ᠤᠨ ᠨᠡᠷᠡᠰ ᠪᠣᠯᠣᠨ ᠠᠵᠤ | ᠦᠢᠯᠡᠰ᠂ ᠰᠣᠶᠣᠯ ᠵᠤᠭᠠᠴᠠᠯ᠂ ᠠᠮᠲᠠᠲᠤ ᠢᠳᠡᠭᠡᠨ ᠵᠡᠷᠭᠡ ᠶᠢ ᠣᠷᠭᠠᠨᠢᠭ ᠢᠶᠠᠷ ᠠᠭᠤᠰᠤᠯᠴᠠᠭᠤᠯᠤᠭᠰᠠᠨ ︽ | ᠭᠠᠵᠠᠷ ᠤᠨ ᠨᠡᠷᠡᠰ+N︾ ᠤᠨ ᠰᠢᠨ᠎ᠡ ᠵᠠᠭᠪᠤᠷ ᠢᠶᠠᠷ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠭᠠᠵᠠᠷ ᠤᠨ | ᠨᠡᠷᠡᠰ ᠤᠨ ᠬᠠᠮᠢᠶᠠᠷᠤᠯᠲᠠ ᠦᠢᠯᠡᠴᠢᠯᠡᠭᠡᠨ ᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ ᠬᠥᠳᠡᠭᠡ | ᠲᠣᠰᠬᠤᠨ ᠤ ᠠᠮᠢᠵᠢᠷᠠᠯ ᠤᠨ ᠬᠦᠴᠦᠨ ᠢ ᠬᠥᠭᠵᠢᠭᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠴᠢᠳᠠᠪᠤᠷᠢ ᠶᠢ ᠤᠯᠭᠤᠪᠠ᠃ | | | |