ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠢᠨ ᠤ ︽ᠰᠦᠢᠳᠬᠡᠯ ᠬᠤᠷᠢᠶᠠᠬᠤ ᠦᠭᠡᠢ | ᠣᠷᠣᠰᠢᠭᠤᠯᠭ᠎ᠠ ᠶᠢᠨ ᠲᠦᠷᠢᠮ︾ ᠶᠢ ᠥᠷᠨᠢᠭᠦᠯᠬᠦ ᠲᠤᠬᠠᠢ ᠵᠠᠷᠯᠠᠯ | 4 ᠳ᠋ᠤᠬᠡᠷ ᠲᠣᠭᠠᠲᠤ | ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠠᠷᠠᠳ ᠣᠯᠠᠨ ᠤ ᠣᠷᠣᠰᠢᠭᠤᠯᠭ᠎ᠠ ᠶᠢᠨ ᠳᠠᠷᠤᠭᠠᠰᠤ ᠶᠢ ᠤᠯᠠᠮ ᠬᠥᠩᠭᠡᠷᠡᠭᠦᠯᠵᠦ᠂ ᠨᠡᠶᠢᠭᠡᠮ ᠤᠨ ᠪᠣᠯᠪᠠᠰᠤᠨ ᠤ | ᠳᠠᠪᠰᠢᠯᠲᠠ ᠶᠢ ᠠᠬᠢᠭᠤᠯᠬᠤ ᠶᠢᠨ ᠲᠦᠯᠤᠬᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠳᠦᠷᠢᠮ︾ ᠪᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠨ᠂ ︽ᠰᠦᠢᠳᠬᠡᠯ ᠬᠤᠷᠢᠶᠠᠬᠤ ᠦᠭᠡᠢ ᠪᠠᠷ ᠣᠷᠣᠰᠢᠭᠤᠯᠭᠠᠶᠢᠨ ᠳᠦᠷᠢᠮ︾ ᠤᠨ ᠥᠭᠡᠷᠡᠴᠢᠯᠡᠯᠲᠡ ᠶᠢ | ᠪᠥᠬᠦ ᠲᠠᠯ᠎ᠠ ᠪᠠᠷ ᠥᠷᠨᠢᠭᠦᠯᠬᠦ ᠬᠤᠯᠪᠣᠭᠳᠠᠯ ᠪᠦᠬᠦᠢ ᠵᠦᠢᠯᠡ᠊ ᠢ ᠡᠳᠦᠭᠡ ᠵᠠᠷᠯᠠᠶ᠎ᠠ᠄ | | | ᠨᠢᠭᠡ᠂ ᠠᠵᠢᠯ ᠤᠨ ᠵᠠᠷᠴᠢᠮ | | ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠤᠨ᠎ᠠ᠃ | ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ | ᠬᠡᠷᠡᠭᠵᠢᠭᠦᠯᠵᠦ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠ ᠰᠢᠯᠢᠳᠡᠭ ᠤᠯᠠᠮᠵᠢᠯᠠᠯᠲᠤ | ᠰᠣᠶᠣᠯ ᠢ ᠪᠠᠳᠠᠷᠠᠭᠤᠯᠵᠤ᠂ ᠠᠮᠢ ᠨᠠᠰᠤ ᠶᠢ ᠬᠦᠨᠳᠦᠳᠬᠡᠬᠦ᠂ ᠪᠣᠬᠢᠷᠲᠤᠯ ᠦᠭᠡᠢ᠂ ᠪᠣᠯᠪᠠᠰᠤᠨ ᠢ ᠡᠷᠬᠢᠮᠯᠡᠬᠦ | ᠣᠶᠢᠯᠠᠭᠠᠭᠳᠠᠬᠤᠨ ᠢ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ | ᠪᠣᠯᠪᠠᠰᠤᠨ ᠪᠥᠭᠡᠳ ᠠᠷᠪᠢᠴᠢ ᠭᠠᠮᠲᠠᠢ ᠣᠷᠣᠰᠢᠭᠤᠯᠭ᠎ᠠ ᠶᠢ ᠵᠠᠰᠠᠬᠤ᠂ ᠭᠠᠵᠠᠷ ᠰᠢᠷᠣᠢ ᠶᠢ ᠠᠷᠪᠢᠯᠠᠵᠤ ᠠᠮᠢ | ᠠᠬᠤᠢ ᠶᠢ ᠠᠮᠤᠷᠵᠢᠭᠤᠯᠤᠨ ᠣᠷᠣᠰᠢᠭᠤᠯᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠪᠠᠰᠤᠨ ᠲᠠᠬᠢᠯᠭ᠎ᠠ | ᠶᠢ ᠰᠠᠨᠠᠭᠠᠴᠢᠯᠠᠵᠤ᠂ ᠣᠷᠣᠰᠢᠭᠤᠯᠭ᠎ᠠ ᠶᠢᠨ ᠪᠣᠯᠬᠢ ᠳᠠᠳᠬᠠᠯ ᠢ ᠡᠪᠳᠡᠵᠦ᠂ ᠣᠷᠣᠰᠢᠭᠤᠯᠭ᠎ᠠ ᠶᠢᠨ ᠰᠢᠨ᠎ᠡ ᠬᠡᠪ | ᠰᠤᠷᠲᠠᠯ ᠢ ᠪᠤᠢ ᠪᠤᠯᠭᠠᠨ ᠬᠥᠮᠥᠨ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃ | ︵ᠬᠤᠶᠠᠷ︶ ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠬᠥᠭᠵᠢᠯᠲᠡ ᠶᠢ | ᠠᠬᠢᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠵᠤ᠂ ᠣᠯᠠᠨ ᠲᠦᠮᠡᠨ ᠤ ᠣᠷᠣᠰᠢᠭᠤᠯᠭ᠎ᠠ ᠶᠢᠨ ᠬᠡᠷᠡᠭᠴᠡᠭᠡ ᠶᠢ | ᠬᠠᠩᠭᠠᠬᠤ ᠪᠠᠷ ᠡᠬᠢᠯᠡᠯᠲᠡ ᠪᠠ ᠲᠡᠭᠦᠰᠬᠡᠯ ᠪᠣᠯᠭᠠᠵᠤ᠂ ᠬᠥᠮᠥᠨ ᠪᠦᠬᠦᠨ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠣᠷᠣᠰᠢᠭᠤᠯᠭ᠎ᠠ ᠶᠢᠨ ᠦᠢᠯᠡᠴᠢᠯᠡᠭᠡ ᠡᠳ᠋ᠯᠡᠭᠦᠯᠬᠦ ᠶᠢ ᠦᠨᠡᠨ ᠬᠦ ᠪᠠᠲᠤᠯᠠᠵᠤ᠂ ᠠᠷᠠᠳ ᠣᠯᠠᠨ ᠢ ᠣᠷᠣᠰᠢᠭᠤᠯᠭ᠎ᠠ ᠶᠢᠨ | ᠥᠭᠡᠷᠡᠴᠢᠯᠡᠯᠲᠡ ᠶᠢᠨ ᠬᠠᠮᠤᠭ ᠤᠨ ᠶᠡᠭᠡ ᠠᠰᠢᠭ ᠬᠦᠷᠲᠡᠭᠴᠢ ᠪᠣᠯᠭᠠᠨ᠎ᠠ᠃ ︽ᠨᠢᠭᠡ ᠯᠡ ᠠᠳᠠᠯᠢ ᠪᠠᠷ ᠱᠠᠭᠠᠷᠳᠠᠬᠤ︾ | ᠦᠭᠡᠢ᠂ ᠵᠡᠭᠦᠨᠭᠠᠷ ᠤᠨ ᠣᠨᠴᠠᠯᠢᠭ ᠲᠠᠢ ᠬᠥᠭᠵᠢᠯᠲᠡ ᠶᠢᠨ ᠵᠠᠭᠪᠤᠷ ᠢ ᠪᠣᠶ ᠪᠣᠯᠭᠠᠨ᠎ᠠ᠃ | ︵ᠭᠤᠷᠪᠠ︶ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠪᠠᠷᠢᠮᠲᠠᠯᠠᠵᠤ᠂ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ ᠣᠷᠣᠰᠢᠭᠤᠯᠭ᠎ᠠ ᠶᠢᠨ ᠬᠦᠷᠢᠶ᠎ᠡ ᠴᠠᠷᠠᠭ᠎ᠠ ᠳᠤ ᠬᠢ ᠭᠤᠣᠯᠳᠠᠯᠭ᠎ᠠ ᠲᠠᠢ ᠬᠢᠨᠠᠨ ᠬᠠᠮᠢᠶᠠᠷᠬᠤ | ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠠᠵᠢᠯ | ᠲᠥᠷᠥᠯ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠶᠢᠨ ᠬᠡᠯᠬᠢᠶ᠎ᠡ ᠶᠢ | ᠵᠦᠢᠯ ᠳᠠᠷᠠᠭᠠᠯᠠᠨ ᠡᠮᠬᠢᠯᠡᠵᠦ᠂ ᠬᠢᠨᠠᠨ ᠬᠠᠮᠢᠶᠠᠷᠬᠤ ᠪᠠ ᠵᠠᠰᠠᠬᠤ ᠰᠢᠨ᠎ᠡ ᠠᠷᠭ᠎ᠠ ᠶᠢ ᠡᠭᠦᠳᠴᠦ᠂ ᠵᠣᠬᠢᠶᠠᠨ | ᠪᠠᠶᠢᠭᠤᠯᠤᠯᠲᠠ ᠶᠢᠨ ᠬᠦᠴᠦᠨ ᠲᠡᠭᠦᠯᠳᠡᠷ᠂ ᠵᠣᠬᠢᠴᠠᠭᠤᠯᠤᠯᠲᠠ ᠶᠢᠨ ᠢᠯᠭᠤᠮ ᠰᠢᠯᠤᠭᠤᠨ ᠬᠠᠮᠢᠶᠠᠷᠤᠯᠲᠠ ᠶᠢᠨ | ᠪᠠᠶᠢᠭᠤᠯᠤᠯ ᠢ ᠪᠠᠶᠢᠭᠤᠯᠤᠨ᠎ᠠ᠃ ᠬᠠᠷᠢᠶ᠎ᠠ ᠣᠷᠣᠨ ᠤ ᠬᠠᠮᠢᠶᠠᠷᠤᠯᠲᠠ᠂ ᠦᠨᠳᠦᠰᠦᠨ ᠱᠠᠲᠤᠨ ᠤ ᠠᠵᠢᠯ ᠤᠨ | ᠬᠦᠴᠦᠨ ᠢ ᠴᠢᠩᠭᠠᠳᠬᠠᠵᠤ᠂ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ᠂ ᠨᠡᠶᠢᠭᠡᠮ ᠤᠨ | ᠬᠢᠨᠠᠯᠲᠠ ᠲᠠᠯᠪᠢᠬᠤ ᠵᠡᠷᠭᠡ ᠲᠠᠯ᠎ᠠ ᠶᠢᠨ ᠦᠢᠯᠡᠳᠦᠯ ᠢ ᠪᠠᠳᠠᠷᠠᠭᠤᠯᠤᠨ᠎ᠠ᠃ ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ | ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠬᠦᠴᠦᠷᠬᠡᠭ ᠶᠡᠭᠡ ᠬᠢᠨᠠᠨ ᠬᠠᠮᠢᠶᠠᠷᠤᠯᠲᠠ ᠶᠢᠨ ᠬᠠᠮ ᠬᠦᠴᠦᠨ ᠢ | ᠪᠤᠢ ᠪᠣᠯᠭᠠᠵᠤ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠳᠥᠷᠪᠡ︶ ᠵᠢᠱᠢᠶ᠎ᠡ ᠦᠵᠡᠭᠦᠯᠦᠨ ᠳᠠᠭᠠᠭᠤᠯᠬᠤ ᠶᠢ ᠪᠠᠷᠢᠮᠲᠠᠯᠠᠵᠤ᠂ ᠨᠡᠶᠢᠭᠡᠮ ᠤᠨ ᠬᠢᠨ ᠤ ᠤᠷᠤᠯᠴᠠᠭ᠎ᠠ ᠶᠢ | ᠳᠠᠶᠢᠴᠢᠯᠠᠨ᠎ᠠ᠃ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠪᠠ ᠬᠤᠰᠢᠭᠤᠴᠢ ᠵᠢᠱᠢᠶᠡᠴᠢ ᠶᠢᠨ ᠵᠢᠱᠢᠶ᠎ᠡ | ᠦᠵᠡᠭᠦᠯᠵᠦ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠲᠠᠶᠠᠭᠠᠷ ᠤᠨ ᠬᠢᠨ ᠢ ᠵᠢᠯᠤᠭᠤᠳᠴᠤ | ᠪᠠᠶᠢᠭᠠᠳ ᠪᠣᠯᠪᠠᠰᠤᠨ ᠣᠷᠣᠰᠢᠭᠤᠯᠭ᠎ᠠ ᠶᠢᠨ ᠤᠶᠢᠯᠠᠭᠠᠬᠳᠠᠬᠤᠨ ᠢ ᠪᠣᠶ ᠪᠣᠯᠭᠠᠵᠤ᠂ ᠣᠷᠣᠰᠢᠭᠤᠯᠭ᠎ᠠ ᠶᠢᠨ | ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠣᠷᠣᠰᠢᠭᠤᠯᠭ᠎ᠠ ᠶᠢᠨ | ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ | ᠪᠣᠯᠭᠠᠨ᠎ᠠ᠃ | | | ᠬᠤᠶᠠᠷ᠂ ᠰᠦᠢᠳᠬᠡᠯ ᠥᠯᠥ ᠬᠤᠷᠢᠶᠠᠬᠤ ᠡᠲᠡᠭᠡᠳ | | ᠵᠡᠭᠦᠨᠭᠠᠷ ᠬᠤᠰᠢᠭᠤᠨ ᠤ ᠡᠷᠦᠬᠡ ᠠᠮᠠ ᠶᠢᠨ ᠲᠠᠩᠰᠠ ᠶᠢ ᠵᠡᠭᠦᠨᠭᠠᠷ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠨᠡᠶᠢᠲᠡ ᠶᠢᠨ ᠣᠩᠭᠤᠨ ᠳᠤ ᠤᠷᠤᠰᠢᠭᠤᠯᠬᠤ ᠨᠥᠭᠴᠢᠭᠰᠡᠳ᠃ | | | ᠭᠤᠷᠪᠠ᠂ ᠡᠬᠢᠯᠡᠵᠤ ᠬᠡᠷᠡᠭᠵᠢᠭᠦᠯᠬᠦ ᠴᠠᠭ | 2024 ᠣᠨ ᠤ 12 ᠰᠠᠷ᠎ᠠ ᠶᠢᠨ 21 ᠠᠴᠠ ᠬᠡᠷᠡᠭᠵᠢᠭᠦᠯᠦᠨ᠎ᠡ᠃ | | ᠳᠥᠷᠪᠡ᠂ ᠰᠦᠢᠳᠬᠡᠯ ᠥᠯᠥ ᠬᠤᠷᠢᠶᠠᠬᠤ ᠲᠥᠷᠥᠯ ᠵᠦᠢᠯ | | ᠴᠤᠬᠴᠢᠰ ᠢ ᠲᠤᠰᠴᠤ ᠵᠥᠭᠡᠭᠡᠪᠦᠷᠢᠯᠡᠬᠦ᠂ ᠴᠤᠬᠴᠢᠰ ᠢ ᠬᠠᠳᠠᠭᠠᠯᠠᠬᠤ᠂ ᠴᠤᠬᠴᠢᠰ ᠢ ᠳᠡᠭᠳᠡᠭᠡᠬᠦ᠂ ᠴᠢᠨᠳᠠᠷ ᠢ | ᠬᠠᠳᠠᠭᠠᠯᠠᠬᠤ ᠵᠡᠷᠭᠡ ᠳᠥᠷᠪᠡᠨ ᠦᠨᠳᠦᠰᠦᠨ ᠦᠢᠯᠡᠴᠢᠯᠡᠭᠡ᠂ ᠭᠠᠰᠢᠭᠤᠳᠠᠯ ᠤᠨ ᠲᠢᠩᠬᠢᠮ᠂ ᠳᠤᠷᠠᠰᠬᠠᠯ ᠤᠨ ᠬᠤᠷᠠᠯ᠂ | ᠴᠢᠨᠳᠠᠷ ᠤᠨ ᠬᠠᠶᠢᠷᠴᠠᠭ᠂ ᠨᠡᠶᠢᠲᠡ ᠶᠢᠨ ᠣᠩᠭᠤᠨ᠂ ᠣᠩᠭᠤᠨ ᠤ ᠬᠥᠰᠢᠶ᠎ᠡ᠂ ᠬᠥᠰᠢᠶᠡᠨ ᠤ ᠰᠡᠶᠢᠯᠦᠮᠡᠯ ᠪᠠ | ᠨᠡᠶᠢᠲᠡ ᠶᠢᠨ ᠣᠩᠭᠤᠨ ᠤ ᠬᠠᠮᠢᠶᠠᠷᠤᠯᠲᠠ ᠵᠡᠷᠭᠡ ᠶᠢᠨ ᠵᠠᠷᠤᠳᠠᠯ ᠢ ᠣᠷᠣᠰᠢᠭᠤᠯᠭ᠎ᠠ ᠶᠢᠨ ᠪᠥᠬᠦ ᠬᠡᠯᠬᠢᠶ᠎ᠡ᠂ ᠪᠥᠬᠦ | ᠶᠠᠪᠤᠴᠠ᠂ ᠪᠥᠬᠦ ᠦᠶᠡᠯᠡᠯ ᠤᠨ ᠬᠤᠭᠤᠴᠠᠭ᠎ᠠ ᠳᠤ ᠬᠤᠷᠢᠶᠠᠬᠤ ᠦᠭᠡᠢ᠃ | | ᠲᠠᠪᠤ᠂ ᠦᠢᠯᠡᠴᠢᠯᠡᠭᠡ ᠭᠤᠶᠤᠴᠢᠯᠠᠬᠤ | | ᠨᠥᠭᠴᠢᠭᠰᠡᠳ ᠤᠨ ᠭᠡᠷ ᠪᠦᠯᠢ ᠶᠢᠨ ᠬᠢᠨ ᠪᠤᠶᠤ ᠣᠷᠣᠯᠠᠭᠴᠢ ᠶᠢ ᠵᠢᠭᠠᠨ ᠲᠣᠭᠲᠠᠭᠠᠵᠤ ᠵᠡᠭᠦᠨᠭᠠᠷ | ᠣᠷᠣᠰᠢᠭᠤᠯᠭ᠎ᠠ ᠶᠢᠨ ᠭᠠᠵᠠᠷ ᠪᠤᠶᠤ ᠱᠠᠬᠳᠠᠷ ᠣᠷᠣᠰᠢᠭᠤᠯᠭ᠎ᠠ ᠶᠢᠨ ᠭᠠᠵᠠᠷ ᠲᠤ ᠰᠦᠢᠳᠬᠡᠯ ᠬᠤᠷᠢᠶᠠᠬᠤ ᠦᠭᠡᠢ ᠪᠠᠷ | ᠣᠷᠣᠰᠢᠭᠤᠯᠭ᠎ᠠ ᠶᠢᠨ ᠦᠢᠯᠡᠴᠢᠯᠡᠭᠡ ᠶᠢᠨ ᠭᠤᠶᠤᠴᠢᠯᠠᠯ ᠭᠠᠷᠭᠠᠵᠤ᠂ ᠬᠢᠨᠠᠨ ᠬᠠᠷᠭᠤᠭᠤᠯᠤᠭᠠᠳ ᠨᠥᠬᠦᠴᠡᠯ ᠳᠤ | ᠨᠡᠶᠢᠴᠡᠪᠡᠯ ᠰᠦᠢᠳᠬᠡᠯ ᠬᠤᠷᠢᠶᠠᠬᠤ ᠦᠭᠡᠢ ᠪᠠᠷ ᠵᠣᠬᠢᠴᠠᠩᠭᠤᠢ ᠪᠠᠷ ᠦᠢᠯᠡᠴᠢᠯᠡᠭᠡ ᠬᠠᠩᠭᠠᠨ᠎ᠠ᠃ ᠭᠤᠶᠤᠴᠢᠯᠠᠬᠤ ᠳᠤ | ᠲᠠᠷᠠᠭᠠᠬᠢ ᠮᠠᠲ᠋ᠧᠷᠢᠶᠠᠯ ᠤᠳ ᠢ ᠪᠡᠯᠡᠳᠬᠡᠬᠦ ᠴᠢᠬᠤᠯᠠᠲᠠᠢ᠄ | ︵ᠨᠢᠭᠡ︶ ︽ᠰᠠᠭᠤᠭᠠᠯᠢ ᠠᠷᠠᠳ ᠤᠨ ᠦᠬᠦᠯ ᠤᠨ ᠠᠨᠠᠭᠠᠬᠤ ᠤᠬᠠᠭᠠᠨ ᠤ ᠭᠡᠷᠡᠴᠢᠯᠡᠯ ︵ᠮᠠᠭᠠᠳᠯᠠᠯᠲᠠ︶ ᠤᠨ | ᠪᠢᠴᠢᠭ︾᠃ | ︵ᠬᠤᠶᠠᠷ︶ ᠨᠥᠭᠴᠢᠭᠰᠡᠳ ᠤᠨ ᠪᠡᠶ᠎ᠡ ᠶᠢᠨ ᠦᠨᠡᠮᠯᠡᠯ ︵ᠡᠷᠦᠬᠡ ᠠᠮᠠ ᠶᠢᠨ ᠳᠡᠪᠲᠡᠷ ᠪᠤᠶᠤ ᠪᠡᠶ᠎ᠡ ᠶᠢᠨ ᠦᠨᠡᠮᠯᠡᠯ | ᠃ | ︵ᠭᠤᠷᠪᠠ︶ ᠪᠡᠯᠪᠡᠰᠦᠷᠡᠯ ᠤᠨ ᠶᠠᠪᠤᠳᠠᠯ ᠢ ᠳᠠᠭᠠᠭᠠᠨ ᠬᠢᠭᠴᠢ ᠶᠢᠨ ᠪᠡᠶ᠎ᠡ ᠶᠢᠨ ᠭᠡᠷᠡᠴᠢ ᠦᠨᠡᠮᠯᠡᠯ᠃ | | | ᠵᠢᠷᠭᠤᠭ᠎ᠠ᠂ ᠬᠢᠨᠠᠯᠲᠠ ᠬᠠᠮᠢᠶᠠᠷᠤᠯᠲᠠ | | | ᠵᠡᠭᠦᠨᠭᠠᠷ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ ︽ᠰᠦᠢᠳᠬᠡᠯ ᠬᠤᠷᠢᠶᠠᠬᠤ ᠦᠬᠡᠢ ᠪᠠᠷ | ᠣᠷᠣᠰᠢᠭᠤᠯᠬᠤ︾ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠦᠢᠯᠡᠴᠢᠯᠡᠭᠡᠨ ᠤ | ᠶᠠᠰᠤ ᠴᠢᠨᠠᠷ ᠢ ᠪᠠᠲᠤᠯᠠᠵᠤ᠂ ᠰᠦᠢᠳᠬᠡᠯ ᠬᠤᠷᠢᠶᠠᠬᠤ ᠦᠬᠡᠢ ᠪᠠᠷ ᠣᠷᠣᠰᠢᠭᠤᠯᠬᠤ ᠦᠢᠯᠡᠴᠢᠯᠡᠭᠡᠨ ᠤ ᠡᠬᠢ | ᠪᠠᠶᠠᠯᠢᠭ ᠢ ᠳᠤᠷ᠎ᠠ ᠪᠠᠷ ᠢᠶᠠᠨ ᠬᠡᠷᠡᠭᠯᠡᠬᠦ ᠪᠠ ᠨᠡᠭᠦᠯᠭᠡᠨ ᠬᠡᠷᠡᠭᠯᠡᠬᠦ ᠶᠢ ᠰᠡᠷᠭᠡᠶᠢᠯᠡᠨ᠎ᠡ᠃ | ᠬᠢᠨᠠᠯᠲᠠ ᠲᠠᠯᠪᠢᠬᠤ ᠤᠲᠠᠰᠤ᠄ | 0477-4215016 | 0477-4215017 | | | ᠳᠣᠯᠤᠭ᠎ᠠ᠂ ᠣᠷᠣᠰᠢᠭᠤᠯᠭ᠎ᠠ ᠶᠢᠨ ᠭᠠᠵᠠᠷ ᠤᠨ ᠬᠠᠷᠢᠯᠴᠠᠬᠤ ᠠᠷᠭ᠎ᠠ | | | ︵ᠨᠢᠭᠡ︶ ᠵᠡᠭᠦᠨᠭᠠᠷ ᠣᠷᠣᠰᠢᠭᠤᠯᠭ᠎ᠠ ᠶᠢᠨ ᠭᠠᠵᠠᠷ | ᠬᠠᠶ᠋ᠢᠭ᠄ ᠵᠡᠭᠦᠨᠭᠠᠷ ᠬᠤᠰᠢᠭᠤᠨ ᠤ ᠪᠤᠷᠤ ᠲᠤᠬᠤᠢ ᠰᠤᠮᠤ ᠶᠢᠨ ᠬᠦᠨᠳᠡᠢ ᠲᠣᠰᠬᠤᠨ ᠤ ᠴᠤᠸᠠᠨ ᠵᠠᠩ ᠭᠧᠦ | ᠬᠤᠷᠢᠶ᠎ᠠ | ᠦᠢᠯᠡᠴᠢᠯᠡᠬᠦ ᠤᠲᠠᠰᠤ᠄ 0477—4621444 | ︵ᠬᠤᠶᠠᠷ︶ ᠱᠠᠬᠳᠠᠷ ᠣᠷᠣᠰᠢᠭᠤᠯᠭ᠎ᠠ ᠶᠢᠨ ᠭᠠᠵᠠᠷ | ᠬᠠᠶ᠋ᠢᠭ᠄ ᠵᠡᠭᠦᠨᠭᠠᠷ ᠬᠤᠰᠢᠭᠤᠨ ᠤ ᠱᠠᠭᠳᠠᠷ ᠪᠠᠯᠭᠠᠰᠤᠨ ᠤ ᠪᠤᠯᠠᠭ ᠲᠣᠰᠬᠤᠨ ᠤ ᠨᠢᠶᠠᠨ ᠹᠠᠩ ᠸᠠᠨ ᠬᠤᠷᠢᠶ᠎ᠠ | ᠦᠢᠯᠡᠴᠢᠯᠡᠬᠦ ᠤᠲᠠᠰᠤ᠄ 0477—4922444 | | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 12 ᠰᠠᠷ᠎ᠠ ᠶᠢᠨ 21 | | ᠵᠡᠭᠦᠨᠭᠠᠷ ᠬᠤᠰᠢᠭᠤᠨ ᠤ ᠦᠨ᠎ᠡ ᠲᠥᠯᠥᠪᠦᠷᠢ ᠦᠭᠡᠢ ᠣᠷᠣᠰᠢᠭᠤᠯᠭ᠎ᠠ ᠶᠢᠨ ᠦᠢᠯᠡᠴᠢᠯᠡᠭᠡᠨ ᠤ ᠶᠠᠪᠤᠴᠠ | | | ᠨᠢᠭᠡ᠂ ᠮᠠᠲ᠋ᠧᠷᠢᠶᠠᠯ ᠪᠡᠯᠡᠳᠬᠡᠬᠦ | | - ︽ᠰᠠᠭᠤᠭᠠᠯᠢ ᠠᠷᠠᠳ ᠤᠨ ᠦᠬᠦᠯ ᠤᠨ ᠠᠨᠠᠭᠠᠬᠤ ᠤᠬᠠᠭᠠᠨ ᠤ ᠭᠡᠷᠡᠴᠢᠯᠡᠯ ︵ᠮᠠᠭᠠᠳᠯᠠᠯ︶ ᠤᠨ ᠪᠢᠴᠢᠭ︾᠃
| - 2. ᠨᠥᠭᠴᠢᠭᠰᠡᠳ ᠤᠨ ᠪᠡᠶ᠎ᠡ ᠶᠢᠨ ᠦᠨᠡᠮᠯᠡᠯ ︵ᠡᠷᠦᠬᠡ ᠠᠮᠠ ᠶᠢᠨ ᠳᠡᠪᠲᠡᠷ ᠪᠤᠶᠤ ᠪᠡᠶ᠎ᠡ ᠶᠢᠨ ᠦᠨᠡᠮᠯᠡᠯ︶᠃
| - 3. ᠪᠡᠯᠪᠡᠰᠦᠷᠡᠯ ᠤᠨ ᠶᠠᠪᠤᠳᠠᠯ ᠢ ᠳᠠᠭᠠᠭᠠᠨ ᠬᠢᠭᠴᠢ ᠶᠢᠨ ᠪᠡᠶ᠎ᠡ ᠶᠢᠨ ᠦᠨᠡᠮᠯᠡᠯ᠃
|
| | ᠬᠤᠶᠠᠷ᠂ ᠣᠷᠣᠰᠢᠭᠤᠯᠭ᠎ᠠ ᠶᠢᠨ ᠶᠣᠰᠣᠯᠠᠯ ᠢ ᠬᠦᠯᠢᠶᠡᠨ ᠠᠪᠬᠤ | | ᠣᠷᠣᠰᠢᠭᠤᠯᠭ᠎ᠠ ᠶᠢᠨ ᠬᠡᠷᠡᠭ ᠢ ᠳᠠᠭᠠᠭᠠᠨ ᠬᠢᠭᠴᠢ ︽ᠰᠠᠭᠤᠭᠠᠯᠢ ᠠᠷᠠᠳ ᠤᠨ ᠦᠬᠦᠭᠰᠡᠨ ᠢ ᠠᠨᠠᠭᠠᠬᠤ | ᠤᠬᠠᠭᠠᠨ ᠤ ᠭᠡᠷᠡᠴᠢ ︵ᠮᠠᠭᠠᠳᠯᠠᠬᠤ︶ ᠪᠢᠴᠢᠭ︾᠂ ᠨᠥᠭᠴᠢᠭᠰᠡᠳ ᠤᠨ ᠪᠡᠶ᠎ᠡ ᠶᠢᠨ ᠦᠨᠡᠮᠯᠡᠯ ︵ᠪᠡᠶ᠎ᠡ ᠶᠢᠨ | ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ︶ ᠶᠢᠨ ᠤᠭ ᠮᠠᠲ᠋ᠧᠷᠢᠶᠠᠯ ᠪᠠ ᠬᠠᠭᠤᠯᠪᠤᠷᠢ᠂ ᠣᠷᠣᠰᠢᠭᠤᠯᠭ᠎ᠠ ᠶᠢᠨ | ᠬᠡᠷᠡᠭ ᠢ ᠳᠠᠭᠠᠭᠠᠨ ᠭᠦᠢᠴᠡᠳᠭᠡᠭᠴᠢ ᠶᠢᠨ ᠪᠡᠶ᠎ᠡ ᠶᠢᠨ ᠦᠨᠡᠮᠯᠡᠯ ︵ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ | ᠳᠡᠪᠲᠡᠷ︶ ᠶᠢᠨ ᠤᠭ ᠮᠠᠲ᠋ᠧᠷᠢᠶᠠᠯ ᠪᠠ ᠬᠠᠭᠤᠯᠪᠤᠷᠢ ᠵᠡᠷᠭᠡ ᠬᠦᠴᠦᠨ ᠪᠦᠬᠦᠢ ᠦᠨᠡᠮᠯᠡᠯ ᠢᠶᠠᠨ ᠠᠪᠴᠤ ᠵᠡᠭᠦᠨᠭᠠᠷ | ᠣᠷᠣᠰᠢᠭᠤᠯᠭ᠎ᠠ ᠶᠢᠨ ᠭᠠᠵᠠᠷ ᠪᠤᠶᠤ ᠱᠠᠬᠳᠠᠷ ᠣᠷᠣᠰᠢᠭᠤᠯᠭ᠎ᠠ ᠶᠢᠨ ᠭᠠᠵᠠᠷ ᠲᠤ ᠣᠴᠢᠵᠤ ᠳᠡᠭᠳᠡᠭᠡᠬᠦ᠂ | ᠤᠷᠤᠰᠢᠭᠤᠯᠬᠤ ᠲᠤᠬᠠᠢ ᠭᠠᠷ ᠭᠦᠢᠴᠡᠳᠬᠡᠯ ᠢ ᠭᠦᠢᠴᠡᠳᠬᠡᠨ᠎ᠡ᠃ ᠣᠷᠣᠰᠢᠭᠤᠯᠭ᠎ᠠ ᠶᠢᠨ ᠭᠠᠵᠠᠷ ᠨᠢ ᠣᠷᠣᠰᠢᠭᠤᠯᠭ᠎ᠠ | ᠶᠢᠨ ᠶᠠᠪᠤᠳᠠᠯ ᠢ ᠳᠠᠭᠠᠭᠠᠨ ᠬᠢᠭᠴᠢ ᠲᠠᠢ ᠵᠥᠪᠳᠡᠯᠴᠡᠵᠦ᠂ ᠣᠷᠣᠰᠢᠭᠤᠯᠭ᠎ᠠ ᠶᠢᠨ ᠴᠠᠭ ᠢ ᠪᠣᠯᠵᠣᠵᠤ᠂ ᠲᠢᠩᠬᠢᠮ ᠠᠴᠠ | ᠠᠶᠠᠷᠯᠠᠬᠤ ᠪᠠ ᠪᠤᠰᠤᠳ ᠦᠢᠯᠡᠴᠢᠯᠡᠭᠡᠨ ᠤ ᠵᠦᠢᠯ ᠢ ᠭᠦᠢᠴᠡᠳᠬᠡᠨ᠎ᠡ᠃ | | | ᠭᠤᠷᠪᠠ᠂ ᠴᠢᠨᠳᠠᠷ ᠢ ᠵᠠᠯᠭᠠᠵᠤ ᠲᠡᠭᠡᠭᠡᠪᠦᠷᠢᠯᠡᠬᠦ | | | ᠬᠤᠰᠢᠭᠤᠨ ᠳᠣᠲᠣᠷ᠎ᠠ ᠪᠠᠨ ᠨᠠᠰᠤ ᠪᠠᠷᠠᠬᠰᠠᠨ ᠪᠤᠯ ᠴᠤᠬᠴᠢᠰ ᠢ ᠲᠤᠰᠴᠤ ᠵᠥᠭᠡᠭᠡᠪᠦᠷᠢᠯᠡᠬᠦ ᠳᠤ ᠰᠦᠢᠳᠬᠡᠯ | ᠬᠤᠷᠢᠶᠠᠬᠤ ᠦᠭᠡᠢ︔ ᠬᠤᠰᠢᠭᠤᠨ ᠤ ᠭᠠᠳᠠᠨ᠎ᠠ ᠨᠠᠰᠤ ᠪᠠᠷᠠᠭᠰᠠᠨ ᠪᠤᠯ ᠡᠬᠢᠯᠡᠬᠡᠳ 400 ᠲᠥᠭᠦᠷᠢᠭ ︵30 | ᠺᠢᠯᠣᠮᠧᠲᠷ ᠤᠨ ᠳᠣᠲᠣᠷ᠎ᠠ︶᠂ 30 ᠺᠢᠯᠣᠮᠧᠲᠷ ᠠᠴᠠ ᠬᠡᠳᠤᠷᠡᠪᠡᠯ 2 ᠲᠥᠭᠦᠷᠢᠭ\ ᠺᠢᠯᠣᠮᠧᠲᠷ ᠤᠨ ᠪᠠᠷᠢᠮᠵᠢᠶ᠎ᠠ ᠪᠠᠷ | ᠰᠦᠢᠳᠬᠡᠯ ᠬᠤᠷᠢᠶᠠᠨ᠎ᠠ᠃ | | | ᠳᠥᠷᠪᠡ᠂ ᠴᠤᠬᠴᠢᠰ ᠢ ᠬᠠᠳᠠᠭᠠᠯᠠᠬᠤ | | | ᠴᠤᠬᠴᠢᠰ ᠢ 7 ᠬᠤᠨᠤᠭ ᠬᠠᠳᠠᠭᠠᠯᠠᠬᠤ ᠳᠤ ᠰᠦᠢᠳᠬᠡᠯ ᠬᠤᠷᠢᠶᠠᠬᠤ ᠦᠭᠡᠢ᠂ 7 ᠬᠤᠨᠤᠭ ᠠᠴᠠ | ᠬᠡᠲᠦᠷᠡᠪᠡᠯ 100 ᠲᠥᠭᠦᠷᠢᠭ\ ᠡᠳᠦᠷ ᠢᠶᠠᠷ ᠪᠤᠳᠤᠨ᠎ᠠ ︵ᠰᠢᠷᠭᠤᠭᠤᠯ ᠮᠠᠶ᠋ᠢᠭ ᠤᠨ ᠬᠦᠢᠲᠡᠨ ᠠᠪᠳᠠᠷ᠎ᠠ ᠳᠤ | ᠬᠠᠳᠠᠭᠠᠯᠠᠨ᠎ᠠ᠂ 1 ᠬᠤᠨᠤᠭ ᠬᠦᠷᠬᠦ ᠦᠭᠡᠢ ᠪᠣᠯ 1 ᠬᠤᠨᠤᠭ ᠢᠶᠠᠷ ᠪᠤᠳᠤᠨ᠎ᠠ︶᠃ | | | ᠲᠠᠪᠤ᠂ ᠠᠶᠠᠷᠯᠠᠬᠤ ᠶᠣᠰᠣᠯᠠᠯ | | | ᠠᠶᠠᠷᠯᠠᠬᠤ ᠲᠢᠩᠬᠢᠮ ᠠᠴᠠ 5 ᠬᠤᠨᠤᠭ ᠤᠨ ᠳᠣᠲᠣᠷ᠎ᠠ ᠰᠦᠢᠳᠬᠡᠯ ᠬᠤᠷᠢᠶᠠᠬᠤ ᠦᠭᠡᠢ᠂ 5 ᠬᠤᠨᠤᠭ ᠠᠴᠠ | ᠬᠡᠲᠦᠷᠡᠪᠡᠯ ᠣᠷᠣᠰᠢᠭᠤᠯᠭ᠎ᠠ ᠶᠢᠨ ᠭᠠᠵᠠᠷ ᠤᠨ ᠵᠠᠷᠯᠠᠬᠰᠠᠨ ᠰᠦᠢᠳᠬᠡᠯ ᠬᠤᠷᠢᠶᠠᠬᠤ ᠪᠠᠷᠢᠮᠵᠢᠶ᠎ᠠ ᠪᠠᠷ ᠰᠦᠢᠳᠬᠡᠯ | ᠬᠤᠷᠢᠶᠠᠨ᠎ᠠ᠃ | | | ᠵᠢᠷᠭᠤᠭ᠎ᠠ᠂ ᠴᠤᠬᠴᠢᠰ ᠢ ᠳᠡᠭᠳᠡᠭᠡᠬᠦ | | 1.ᠦᠬᠦᠭᠰᠡᠨ ᠭᠡᠷᠡᠴᠢ᠂ ᠪᠡᠶ᠎ᠡ ᠶᠢᠨ ᠬᠢᠷᠢ ᠬᠡᠮ ᠤᠨ ᠭᠡᠷᠡᠴᠢ ᠶᠢᠨ ᠮᠡᠳᠡᠭᠡ ᠵᠠᠩᠭᠢ ᠵᠡᠷᠭᠡ ᠬᠤᠯᠪᠣᠭᠳᠠᠯ ᠪᠦᠬᠦᠢ | ᠭᠠᠷ ᠭᠦᠢᠴᠡᠳᠬᠡᠯ ᠢ ᠬᠢᠨᠠᠨ ᠬᠠᠷᠭᠤᠭᠤᠯᠬᠤ᠃ | 2. ᠴᠤᠬᠴᠢᠰ ᠢ ᠳᠡᠭᠳᠡᠭᠡᠬᠦ ᠶᠢᠨ ᠬᠠᠮᠲᠤ ᠳᠡᠭᠳᠡᠭᠡᠭᠰᠡᠨ ᠭᠡᠷᠡᠴᠢ ᠬᠢᠵᠦ ᠥᠭᠭᠦᠨ᠎ᠡ᠃ | | | ᠲᠤᠯᠤᠭ᠎ᠠ᠂ ᠴᠢᠨᠳᠠᠷ ᠢ ᠰᠢᠢᠳᠪᠦᠷᠢᠯᠡᠬᠦ | | 1.ᠴᠢᠨᠳᠠᠷ ᠤᠨ ᠣᠷᠣᠰᠢᠭᠤᠯᠭ᠎ᠠ ᠶᠢᠨ ᠭᠠᠵᠠᠷ ᠲᠤ ᠬᠠᠳᠠᠭᠠᠯᠠᠬᠤ ᠪᠤᠶᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠨᠡᠶᠢᠲᠡ ᠶᠢᠨ ᠣᠩᠭᠤᠨ ᠳᠤ ᠬᠦᠷᠭᠡᠵᠦ ᠣᠷᠣᠰᠢᠭᠤᠯᠤᠨ᠎ᠠ ᠃ | 2. ᠴᠢᠨᠳᠠᠷ ᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠤᠡᠭᠭᠤᠨ ᠳᠤ ᠬᠦᠷᠭᠡᠵᠦ ᠣᠷᠣᠰᠢᠭᠤᠯᠬᠤ᠃ | | | ᠨᠠᠢᠮᠠ᠂ ᠣᠷᠣᠰᠢᠭᠤᠯᠭ᠎ᠠ ᠶᠢᠨ ᠶᠣᠰᠣᠯᠠᠯ ᠲᠠᠭᠤᠰᠤᠨ᠎ᠠ᠃ | | | | | | | | |