ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ︽ᠲᠣᠭᠠᠴᠢᠯᠠᠭᠰᠠᠨ ᠠᠷᠠᠳ ᠤᠨ ᠶᠠᠪᠤᠳᠠᠯ︾ ᠤᠨ ᠲᠥᠷᠥᠯ ᠵᠦᠢᠯ ᠤᠨ ᠱᠠᠳᠤᠴᠢ ᠰᠢᠯᠭᠠᠨ ᠠᠪᠤᠯᠳᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/12/3
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 2024 ᠣᠨ ᠤ 11 ᠳ᠋ᠤᠬᠡᠷ ᠰᠠᠷ᠎ᠠ ᠶᠢᠨ 29 ᠤ ᠡᠳᠦᠷ ᠲᠣᠮᠣ ᠳ᠋ᠠᠶᠢᠲ᠋ᠠ ᠶᠢᠨ ᠲᠥᠪ ᠤᠨ ᠬᠢᠨ ᠲᠠᠢ ᠬᠠᠮᠲᠤᠷᠠᠨ ︽ᠲᠣᠭᠠᠴᠢᠯᠠᠭᠰᠠᠨ ᠠᠷᠠᠳ ᠤᠨ ᠶᠠᠪᠤᠳᠠᠯ︾ ᠤᠨ ᠲᠥᠷᠥᠯ ᠵᠦᠢᠯ ᠤᠨ ᠱᠠᠳᠤᠴᠢ ᠰᠢᠯᠭᠠᠨ ᠠᠪᠤᠯᠳᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠥᠷᠥᠯ ᠵᠦᠢᠯ ᠢ ᠰᠢᠯᠭᠠᠨ ᠠᠪᠬᠤ ᠳᠤᠭᠤᠶᠢᠯᠠᠩ ᠤᠨ ᠲᠤᠰᠬᠠᠢ ᠮᠡᠷᠭᠡᠵᠢᠯᠲᠡᠨ᠂ ᠠᠷᠠᠳ ᠤᠨ ᠶᠠᠪᠤᠳᠠᠯ ᠤᠨ ᠲᠢᠩᠬᠢᠮ ᠪᠠ ᠲᠣᠮᠣ ᠳ᠋ᠠᠶᠢᠲ᠋ᠠ ᠶᠢᠨ ᠲᠥᠪ ᠤᠨ ᠬᠠᠮᠢᠶ᠎ᠠ ᠪᠦᠬᠦᠢ ᠭᠠᠵᠠᠷ ᠲᠠᠰᠤᠭ᠂ ᠳᠠᠭᠠᠭᠠᠨ ᠪᠠᠶᠢᠭᠤᠯᠬᠤ ᠨᠢᠬᠡᠴᠢ᠂ ᠬᠢᠨᠠᠨ ᠬᠠᠮᠢᠶᠠᠷᠬᠤ ᠨᠢᠬᠡᠴᠢ ᠶᠢᠨ ᠬᠢᠨᠨ ᠬᠤᠷᠠᠯ ᠳᠤ ᠣᠷᠣᠯᠴᠠᠵᠠᠢ᠃
W020241203319709274253_ORIGIN.jpg
    ᠲᠣᠰ ᠰᠢᠯᠭᠠᠨ ᠠᠪᠬᠤ ᠠᠭᠤᠯᠭ᠎ᠠ ᠳᠤ᠄ ︽ᠲᠣᠭᠠᠴᠢᠯᠠᠭᠰᠠᠨ ᠠᠷᠠᠳ ᠤᠨ ᠶᠠᠪᠤᠳᠠᠯ︾ ᠤᠨ ᠲᠥᠷᠥᠯ ᠵᠦᠢᠯ ᠤᠨ ᠵᠥᠭᠡᠯᠡᠨ ᠬᠠᠲᠠᠭᠤ ᠲᠣᠨᠤᠭ ᠬᠤᠳᠠᠯᠳᠤᠨ ᠠᠪᠬᠤ᠂ ᠬᠡᠷᠡᠭᠯᠡᠭᠡᠨ ᠤ ᠰᠢᠰᠲ᠋ᠧᠮ ᠢ ᠲᠣᠭᠲᠠᠭᠠᠨ ᠦᠢᠯᠡᠳᠴᠦ ᠨᠡᠭᠡᠭᠡᠨ ᠬᠥᠭᠵᠢᠭᠦᠯᠬᠦ ᠪᠠ ᠰᠢᠰᠲ᠋ᠧᠮ ᠤᠨ ᠬᠤᠷᠠᠮᠠᠯ ᠠᠭᠤᠯᠭ᠎ᠠ ᠪᠠᠭᠲᠠᠨ᠎ᠠ᠃ ᠬᠤᠷᠠᠯ ᠳᠡᠭᠡᠷ᠎ᠡ ᠲᠣᠮᠣ ᠳ᠋ᠠᠶᠢᠲ᠋ᠠ ᠶᠢᠨ ᠲᠥᠪ᠂ ᠳᠠᠭᠠᠭᠠᠴᠢᠯᠠᠨ ᠪᠠᠶᠢᠭᠤᠯᠬᠤ  ᠨᠢᠬᠡᠴᠢ ᠪᠠ ᠬᠢᠨᠠᠨ ᠬᠠᠮᠢᠶᠠᠷᠬᠤ ᠨᠢᠬᠡᠴᠢ ᠶᠢᠨ ᠬᠢᠨ ᠲᠣᠰ ᠲᠣᠰ ︽ᠲᠣᠭᠠᠴᠢᠯᠠᠭᠰᠠᠨ ᠠᠷᠠᠳ ᠤᠨ ᠶᠠᠪᠤᠳᠠᠯ︾ ᠤᠨ ᠲᠥᠷᠥᠯ ᠵᠦᠢᠯ ᠤᠨ ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ᠂ ᠱᠠᠲᠤ ᠦᠶ᠎ᠡ ᠶᠢᠨ ᠦᠷ᠎ᠡ ᠪᠦᠲᠦᠭᠡᠯ ᠵᠢᠴᠢ ᠬᠢᠨᠠᠨ ᠬᠠᠮᠢᠶᠠᠷᠬᠤ ᠠᠵᠢᠯ ᠤᠨ ᠪᠠᠶᠢᠳᠠᠯ ᠤᠨ ᠲᠤᠬᠠᠢ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠵᠡᠢ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠢᠴᠢᠭ ᠮᠠᠲ᠋ᠧᠷᠢᠶᠠᠯ ᠤᠨ ᠮᠠᠲ᠋ᠧᠷᠢᠶᠠᠯ ᠢ ᠬᠢᠨᠠᠨ ᠦᠵᠡᠵᠦ᠂ ᠦᠵᠡᠭᠦᠯᠦᠯᠭᠡ ᠶᠢᠨ ᠰᠢᠰᠲ᠋ᠧᠮ ᠤᠨ ᠴᠢᠳᠠᠮᠵᠢ ᠶᠢᠨ ᠦᠵᠡᠭᠦᠯᠦᠯᠭᠡ ᠶᠢ ᠦᠵᠡᠭᠰᠡᠨ ᠤ ᠳᠠᠷᠠᠭ᠎ᠠ ᠬᠡᠰᠡᠭ ᠠᠰᠠᠭᠤᠳᠠᠯ ᠳᠤ ᠴᠢᠭᠯᠡᠭᠦᠯᠦᠨ ᠲᠤᠯᠭᠠᠨ ᠠᠰᠠᠭᠤᠵᠤ᠂ ᠵᠦᠢᠯᠡᠰ ᠢ ᠬᠡᠷᠡᠭᠵᠢᠭᠦᠯᠦᠭᠰᠡᠨ ᠪᠠᠶᠢᠳᠠᠯ ᠳᠤ ᠣᠯᠠᠨ ᠲᠠᠯ᠎ᠠ ᠶᠢᠨ ᠴᠢᠩᠭ᠎ᠠ ᠬᠢᠨᠠᠨ ᠪᠠᠶᠢᠴᠠᠭᠠᠯᠲᠠ ᠬᠢᠵᠦ᠂ ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠶᠢ ᠲᠤᠷᠠᠳᠤᠬᠰᠠᠨ ᠪᠠᠶᠢᠨ᠎ᠠ᠃ ᠭᠦᠢᠴᠡᠳ ᠶᠠᠷᠢᠯᠴᠠᠬᠤ ᠪᠠᠷ ᠲᠠᠮᠵᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠲᠤᠰ ᠱᠠᠲᠤᠨ ᠤ ᠰᠢᠯᠭᠠᠨ ᠠᠪᠬᠤ ᠵᠦᠢᠯᠡᠰ ᠢ ᠪᠠᠲᠤᠯᠠᠬᠤ ᠶᠢ ᠰᠠᠨᠠᠯ ᠨᠢᠭᠡᠲᠡᠢ ᠵᠥᠪᠰᠢᠶᠡᠷᠡᠪᠡ᠃   ︽ᠲᠣᠭᠠᠴᠢᠯᠠᠭᠰᠠᠨ ᠠᠷᠠᠳ ᠤᠨ ᠶᠠᠪᠤᠳᠠᠯ︾  ᠤᠨ ᠲᠦᠷᠦᠯ ᠵᠦᠢᠯ  ᠱᠠᠳᠤᠴᠢ ᠰᠢᠯᠭᠠᠨ ᠠᠪᠤᠯᠳᠠ ᠶᠢᠨ ᠪᠠᠶᠢᠴᠠᠭᠠᠯᠲᠠ ᠶᠢ ᠠᠮᠵᠢᠯᠲᠠ ᠲᠠᠢ ᠥᠩᠭᠡᠷᠡᠭᠡᠭᠰᠡᠨ ᠨᠢ ᠲᠦᠷᠦᠯ ᠵᠦᠢᠯ ᠪᠦᠬᠦ ᠲᠠᠯ᠎ᠠ ᠪᠠᠷ ᠰᠢᠪᠲᠤᠯᠤᠯᠲᠠ ᠬᠢᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠰᠠᠨ ᠢ ᠬᠠᠷᠠᠭᠤᠯᠵᠤ ᠬᠤᠶᠢᠰᠢᠳᠠ ᠶᠢᠨ ᠠᠵᠢᠯ ᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃       ᠠᠷᠠᠳ ᠤᠨ ᠶᠠᠪᠤᠳᠠᠯ ᠤᠨ ᠲᠢᠩᠬᠢᠮ ᠤᠨ ᠬᠢᠨ ᠡᠭᠦᠨ ᠢᠶᠠᠷ ᠠᠵᠠ ᠲᠣᠬᠢᠶᠠᠯ ᠪᠣᠯᠭᠠᠵᠤ ᠵᠢᠷᠤᠭ ᠲᠥᠯᠥᠪᠯᠡᠭᠡ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠰᠢᠰᠲ᠋ᠧᠮ ᠤᠨ ᠴᠢᠳᠠᠪᠬᠢ ᠶᠢ ᠰᠢᠯᠢᠳᠡᠭᠵᠢᠬᠦᠯᠤᠬᠡᠳ ᠲᠦᠷᠦᠯ ᠵᠦᠢᠯ ᠤᠨ ᠥᠨᠳᠥᠷ ᠶᠠᠰᠤ ᠴᠢᠨᠠᠷ ᠲᠠᠢ ᠥᠨᠳᠥᠷ ᠪᠦᠲᠦᠮᠵᠢᠲᠡᠢ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ ᠳᠤ ᠬᠢ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠳᠤ ᠬᠦᠴᠦ ᠨᠡᠮᠡᠷᠢᠯᠡᠵᠦ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢᠨ ᠰᠢᠨ᠎ᠡ ᠠᠯᠬᠤᠮ ᠢ ᠠᠯᠬᠤᠬᠤ ᠶᠢ ᠠᠬᠢᠭᠤᠯᠬᠤ ᠪᠤᠯᠤᠨ᠎ᠠ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号