ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ 12.9
ᠨᠡᠶᠢᠲᠡᠯᠡᠭᠰᠡᠨ ᠴᠠᠭ᠄
2024/12/9
 ᠠᠷᠠᠳ ᠤᠨ ᠶᠠᠪᠤᠳᠠᠯ ᠤᠨ ᠶᠠᠮᠤᠨ         ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠤᠨ ᠬᠢᠨ ᠬᠠᠮᠲᠤᠷᠠᠨ ᠤᠷᠴᠢᠮ ᠳᠤ ︽ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠢᠭᠡᠳ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠵᠥᠪᠳᠡᠯᠴᠡᠨ ᠬᠠᠮᠲᠤᠷᠠᠯᠴᠠᠬᠤ ᠶᠢ ᠭᠦᠨᠵᠡᠭᠡᠶᠢᠷᠡᠭᠦᠯᠬᠦ ᠲᠤᠬᠠᠢ ᠮᠡᠳᠡᠭᠳᠡᠯ︾ ᠢ ᠨᠡᠶᠢᠲᠡᠯᠡᠪᠡ᠃ ᠮᠡᠳᠡᠭᠳᠡᠯ ᠳᠤ ᠳᠤᠷᠠᠳᠤᠭᠰᠠᠨ ᠨᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠣᠷᠣᠵᠤ ᠰᠠᠭᠤᠭᠰᠠᠨ ᠨᠠᠰᠤᠲᠠᠶᠢᠴᠤᠳ ᠤᠨ ᠡᠷᠡᠭᠦᠯᠵᠢᠯ᠂ ᠰᠤᠪᠢᠯᠠᠯᠲᠠ᠂ ᠠᠮᠤᠷ ᠲᠠᠶᠢᠪᠤᠩ ᠰᠤᠪᠢᠯᠠᠯᠲᠠ ᠵᠡᠷᠭᠡ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠡᠷᠡᠭᠴᠡᠭᠡ ᠶᠢ ᠦᠨᠳᠦᠰᠦᠯᠡᠨ᠂ ᠰᠠᠨᠠᠭᠠᠴᠢᠯᠠᠭ᠎ᠠ ᠠᠴᠠ ᠪᠠᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ ᠬᠤᠷᠢᠶ᠎ᠠ᠂ ᠲᠤᠰᠬᠠᠢ ᠡᠮᠨᠡᠯᠭᠡ ᠶᠢᠨ ᠬᠤᠷᠢᠶ᠎ᠠ ᠵᠡᠷᠭᠡ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠢ ᠵᠣᠯᠭᠠᠭᠤᠯᠵᠤ ᠪᠠᠶᠢᠭᠠᠳ ᠵᠥᠪᠳᠡᠯᠴᠡᠭᠡᠷ ᠤᠨ ᠬᠠᠮᠲᠤᠷᠠᠯᠴᠠᠭ᠎ᠠ ᠥᠷᠨᠢᠭᠦᠯᠵᠦ ᠪᠣᠯᠣᠨ᠎ᠠ᠃ ᠬᠡᠷᠡᠭᠴᠡᠭᠡ ᠱᠠᠭᠠᠷᠳᠠᠯᠭ᠎ᠠ ᠲᠠᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠪᠠᠰᠠ ᠬᠠᠷᠢᠶ᠎ᠠ ᠣᠷᠣᠨ ᠤ ᠪᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠥᠷᠲᠡᠭᠡ︶᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠵᠡᠷᠭᠡ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠢ ᠵᠣᠯᠭᠠᠭᠤᠯᠵᠤ᠂ ᠵᠥᠪᠳᠡᠯᠴᠡᠭᠡᠷ ᠢᠶᠠᠷ ᠬᠠᠮᠲᠤᠷᠠᠯᠴᠠᠬᠤ ᠠᠵᠢᠯ ᠢ ᠢᠳᠡᠪᠬᠢᠲᠡᠢ ᠥᠷᠨᠢᠭᠦᠯᠵᠦ ᠪᠣᠯᠣᠨ᠎ᠠ᠃ᠣᠷᠣᠨ ᠬᠤᠪᠢᠶᠠᠷᠢᠯᠠᠯ ᠭᠠᠵᠠᠷ ᠤᠨ ᠨᠡᠷᠡᠰ   ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ  2024 ᠣᠨ ᠳᠤ ᠬᠤᠲᠠ ᠶᠢᠨ ᠲᠠᠰ  ᠤᠨ 2 ᠵᠤᠷᠪᠤᠰ᠂ ᠬᠤᠰᠢᠭᠤ ᠰᠢᠶᠠᠨ ᠲᠣᠭᠤᠷᠢᠭ ᠤᠨ ᠱᠠᠲᠤᠨ ᠤ 6 ᠵᠤᠷᠪᠤᠰ  ᠵᠠᠰᠠᠭ ᠵᠠᠬᠢᠷᠭᠠᠨ ᠤ ᠣᠷᠣᠨ ᠤ ᠵᠠᠭᠠᠭ ᠤᠨ ᠬᠠᠮᠲᠤᠷᠠᠭᠰᠠᠨ ᠪᠠᠶᠢᠴᠠᠭᠠᠯᠲᠠ ᠶᠢ ᠪᠡᠶᠡᠯᠡᠭᠦᠯᠵᠦ᠂ ᠲᠣᠭᠤᠷᠢᠨ ᠪᠠᠶᠢᠴᠠᠭᠠᠬᠤ ᠬᠤᠲᠠ ᠶᠢᠨ ᠲᠠᠰ ᠤᠨ ᠵᠠᠭᠠᠭ ᠪᠠᠷᠤᠭ 551 ᠺᠢᠯᠣᠮᠧᠲᠷ᠂ ᠬᠤᠰᠢᠭᠤ ᠰᠢᠶᠠᠨ ᠤ ᠱᠠᠲᠤᠨ ᠤ ᠵᠠᠭᠠᠭ ᠪᠠᠷᠤᠭ 209 ᠺᠢᠯᠣᠮᠧᠲᠷ᠂ ᠨᠡᠶᠢᠲᠡ 165 ᠵᠠᠭᠠᠭ ᠤᠨ ᠱᠣᠩ ᠪᠤᠢ᠃ ᠬᠥᠬᠡᠬᠤᠲᠠ ᠪᠤᠭᠤᠲᠤ ᠶᠢᠨ ᠱᠤᠭᠤᠮ᠂ ᠪᠤᠭᠤᠲᠤ ᠣᠷᠳᠣᠰ ᠤᠨ ᠱᠤᠭᠤᠮ᠂ ᠪᠤᠭᠤᠲᠤ ᠤᠯᠠᠭᠠᠨᠴᠠᠪ ᠤᠨ ᠱᠤᠭᠤᠮ ᠤᠨ ᠪᠥᠬᠦ ᠱᠤᠭᠤᠮ ᠤᠨ ᠪᠤᠭᠤᠲᠤ ᠬᠤᠲᠠ ᠶᠢᠨ ᠬᠠᠷᠢᠶᠠᠯᠠᠯ ᠳᠤ ᠬᠢ ᠵᠠᠭᠠᠭ  ᠤᠨ ᠱᠣᠩ ᠢ 63 ᠰᠢᠨᠡᠳᠬᠡᠵᠦ᠂ 20 ᠳ᠋ᠤᠭᠠᠷ ᠵᠠᠭᠤᠨ ᠤ ᠶᠡᠷᠡᠭᠡᠳ ᠣᠨ ᠠᠴᠠ ᠠᠩᠬ᠎ᠠ  ᠰᠤᠯᠢᠵᠤ ᠪᠠᠶᠢᠭ᠎ᠠ ᠶᠢᠨ ᠬᠠᠮᠲᠤ ᠵᠠᠭᠠᠭ ᠱᠣᠩ ᠤᠨ ᠪᠠᠶᠢᠷᠢᠰᠢᠯ ᠤᠨ ᠰᠣᠯᠢᠭᠳᠠᠯ ᠪᠠ ᠴᠢᠭᠯᠡᠯᠲᠦ ᠬᠡᠮᠵᠢᠭᠳᠡᠬᠦᠨ ᠤ ᠳᠡᠭᠡᠷᠡᠬᠢ ᠵᠢᠷᠤᠭ ᠢ ᠵᠡᠷᠭᠡ ᠪᠠᠷ ᠬᠢᠵᠦ᠂ ᠲᠠᠷᠠᠭᠠᠴᠢ ᠶᠢᠨ ᠵᠠᠰᠠᠭ ᠵᠠᠬᠢᠷᠭᠠᠨ ᠤ ᠣᠷᠣᠨ ᠤ ᠵᠠᠭᠠᠭ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠳᠤ ᠰᠠᠭᠤᠷᠢ ᠲᠠᠯᠪᠢᠬᠰᠠᠨ ᠪᠠᠶᠢᠨ᠎ᠠ᠃ᠨᠡᠶᠢᠭᠡᠮ ᠤᠨ ᠶᠠᠪᠤᠳᠠᠯ   ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 2024 ᠣᠨ ᠳᠤ ᠡᠶ᠎ᠡ ᠵᠣᠬᠢᠴᠠᠯ ᠲᠠᠢ ᠣᠷᠤᠭ ᠭᠡᠷ ᠪᠦᠯᠢ ᠶᠢᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠣᠷᠤᠭ ᠲᠠᠩᠰᠠᠯᠠᠬᠤ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠤᠨ᠂ ᠣᠷᠤᠭ ᠤᠨ ᠦᠢᠯᠡᠴᠢᠯᠡᠭᠡᠨ ᠤ ᠬᠠᠮᠢᠶᠠᠷᠤᠯᠲᠠ ᠶᠢ ᠰᠢᠯᠢᠳᠡᠭᠵᠢᠭᠦᠯᠪᠡ᠃ ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠣᠷᠤᠭ ᠲᠠᠩᠰᠠᠯᠠᠬᠤ ︽ᠮᠤᠵᠢ ᠠᠯᠤᠰᠯᠠᠨ ᠲᠤᠭᠤᠰᠢᠳᠠᠢ ᠬᠦᠢᠴᠡᠳᠬᠡᠬᠦ︾ ᠲᠤᠷᠰᠢᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠥᠬᠦᠴᠡᠯ ᠲᠠᠢ ᠣᠷᠤᠭ  ᠲᠠᠩᠰᠠᠯᠠᠬᠤ ᠪᠠᠶᠢᠭᠤᠯᠭ᠎ᠠ ᠶᠢᠨ ᠣᠨᠴᠠᠭᠠᠶ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠲᠤ ᠣᠷᠤᠭ ᠲᠠᠩᠰᠠᠯᠠᠬᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠣᠲᠣ ᠪᠣᠯᠲᠠᠯ᠎ᠠ ᠪᠥᠬᠦ ᠬᠤᠲᠠ ᠳᠤ 3977 ᠬᠤᠣᠰ ᠣᠷᠤᠭ ᠲᠠᠩᠰᠠᠯᠠᠭᠤᠯᠤᠬᠰᠠᠨ ᠤ ᠲᠤᠳᠤᠷ᠎ᠠ ᠮᠤᠵᠢ ᠠᠯᠤᠰᠯᠠᠬᠰᠠᠨ ᠣᠷᠤᠭ  ᠲᠠᠩᠰᠠᠯᠠᠯᠳᠠ ᠶᠢ 11 ᠬᠤᠣᠰ ᠭᠦᠢᠴᠡᠳᠬᠡᠵᠦ᠂ ᠣᠷᠤᠭ ᠰᠠᠯᠬᠤ ᠪᠠᠷ ᠪᠠᠶᠢᠭ᠎ᠠ ᠬᠤᠤᠰ ᠢ ᠢᠳᠬᠠᠬᠤ ᠠᠵᠢᠯ ᠢ  6198 ᠤᠳᠠᠭ᠎ᠠ ᠥᠷᠨᠢᠭᠦᠯᠪᠡ᠃ᠨᠠᠰᠤᠵᠢᠯ ᠤᠨ ᠦᠢᠯᠡᠴᠢᠯᠡᠭᠡ   ᠬᠥᠬᠡᠬᠤᠲᠠ ᠶᠢᠨ ᠬᠢᠨ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠬᠡᠷᠤᠮᠵᠢ ᠶᠢᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠨᠠᠷᠠᠲᠤ ᠲᠡᠮᠳᠡᠭᠴᠢᠯᠡᠭᠰᠡᠨ᠂ ᠬᠡᠯᠬᠢᠶᠡᠵᠢᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠵᠡᠩᠨᠡᠯᠲᠡ ᠶᠢᠨ ᠵᠠᠭᠪᠤᠷ ᠢ ᠦᠷᠭᠦᠯᠵᠢᠯᠡᠨ ᠪᠣᠶ ᠪᠣᠯᠭᠠᠪᠠ᠃ ᠨᠠᠨᠵᠢᠩ ᠤᠨ ︽ᠶᠤᠸᠠᠢ ᠰᠢᠨ︾᠂ ᠭᠧᠷᠮᠠᠨ ᠤ ︽ᠯᠧᠢ ᠨᠠ ᠹᠠᠨ︾᠂ ᠭᠤᠸᠠᠩᠵᠧᠦ ᠶᠢᠨ ︽ᠬᠤᠸᠠ ᠪᠠᠩ ᠮᠸᠢ ᠬᠤᠤ ᠵᠢᠶ᠋ᠨ ᠶᠤᠸᠠᠨ︾ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠨᠠᠰᠤᠵᠢᠯ ᠤᠨ ᠠᠰᠠᠷᠠᠮᠵᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢᠨ ᠬᠠᠮᠲᠤ ᠲᠣᠰ ᠭᠠᠵᠠᠷ ᠣᠷᠣᠨ ᠤ ᠪᠠᠨ ᠨᠠᠰᠤᠵᠢᠯ ᠤᠨ ᠠᠰᠠᠷᠠᠮᠵᠢ ᠶᠢᠨ ᠠᠵᠤ ᠠᠬᠤᠶᠢᠯᠠᠯ ᠤᠨ ᠱᠧᠦ ᠺᠠᠩ᠂ ᠱᠧ ᠺᠠᠩ ᠵᠡᠷᠭᠡ ᠶᠢ ᠪᠣᠶᠢᠵᠢᠭᠤᠯᠤᠨ ᠬᠤᠯᠪᠣᠯᠳᠤᠭᠰᠠᠨ ᠡᠵᠡᠩᠨᠡᠯᠲᠡ ᠶᠢ ᠪᠡᠶᠡᠯᠡᠬᠦᠯᠪᠡ᠃ ᠣᠳᠣᠬᠠᠨ ᠳᠤ ᠬᠦᠬᠡᠬᠤᠳᠠ ᠶᠢᠨ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠵᠤ ᠠᠬᠤᠶᠢᠯᠠᠯ 98 ᠪᠠᠶᠢᠵᠤ ᠪᠦᠷᠢᠨ ᠨᠠᠶᠢᠳᠠᠯᠭ᠎ᠠ᠂ ᠡᠳᠦᠷ ᠤᠨ ᠨᠠᠶᠢᠳᠠᠯᠭ᠎ᠠ᠂ ᠬᠤᠭᠤᠯᠠ ᠤᠮᠳᠠ᠂ ᠤᠬᠢᠶᠠᠯᠭ᠎ᠠ᠂ ᠴᠡᠪᠡᠷᠯᠡᠭᠡ᠂ ᠪᠠᠴᠢᠮ ᠪᠠᠶᠢᠳᠠᠯ  ᠳᠤ ᠲᠤᠰᠠᠯᠠᠬᠤ᠂ ᠡᠮᠴᠢᠯᠡᠭᠡ ᠳᠤ ᠲᠤᠰᠠᠯᠠᠬᠤ ᠵᠡᠷᠭᠡ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠠᠩᠭᠠᠵᠤ᠂ ︽ᠨᠠᠰᠤᠲᠠᠶᠢᠴᠤᠳ ᠤᠨ ᠠᠰᠠᠷᠠᠨ ᠬᠠᠷᠠᠭᠠᠯᠵᠠᠬᠤ ᠭᠡᠷ︾ ︽ᠡᠷᠡᠭᠦᠯᠵᠢᠯ ᠰᠤᠪᠢᠯᠠᠯᠲᠠ + ᠬᠡᠶᠢᠰᠪᠦᠷᠢ ᠨᠠᠰᠤᠲᠠᠨ ᠢ ᠠᠰᠠᠷᠠᠬᠤ ᠬᠦᠷᠢᠶᠡᠯᠡᠩ︾ ᠵᠡᠷᠭᠡ ᠦᠢᠯᠡᠴᠢᠯᠡᠭᠡᠨ ᠤ ᠵᠠᠭᠪᠤᠷ ᠢ ᠢᠳᠡᠭ ᠢᠳᠡᠭ ᠢᠶᠠᠷ ᠪᠣᠶ ᠪᠣᠯᠭᠠᠵᠤ ᠪᠠᠶᠢᠨ᠎ᠠ᠃ ᠨᠢᠬᠦᠯᠡᠰᠤᠩᠭᠦᠢ ᠶᠢᠨ ᠦᠢᠯᠡᠰ     ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 2023 ᠣᠨ ᠤ ︽ᠲᠠᠪᠤᠨ ᠨᠡᠶᠢᠬᠡᠮ ᠬᠤᠯᠪᠤᠭᠠᠯᠠᠨ ᠬᠥᠳᠡᠯᠦᠯᠴᠡᠬᠦ︾ ᠲᠥᠷᠥᠯ ᠵᠦᠢᠯ ᠤᠨ ᠰᠢᠯᠭᠠᠷᠠᠭᠤᠯᠤᠯᠲᠠ ᠶᠢᠨ ᠠᠵᠢᠯ ᠢ ᠥᠷᠨᠢᠭᠦᠯᠵᠦ᠂ 27 ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠷᠥᠯ ᠵᠦᠢᠯ᠂ 2 ᠨᠡᠶᠢᠭᠡᠮ ᠤᠨ ᠠᠵᠢᠯ ᠤᠨ ᠪᠣᠯᠪᠠᠰᠤᠷᠠᠯ ᠤᠨ ᠲᠥᠷᠥᠯ ᠵᠦᠢᠯ ᠪᠠ 1 ᠬᠢᠨᠠᠨ ᠵᠢᠯᠤᠭᠤᠳᠬᠤ ᠲᠥᠷᠥᠯ ᠵᠦᠢᠯ ᠤᠨ ᠬᠢᠨᠠᠯᠲᠠ ᠳᠤ ᠣᠷᠣᠯᠴᠠᠭᠰᠠᠨ ᠪᠥᠭᠡᠳ ᠪᠦᠬᠦᠨ ᠢᠶᠠᠷ ᠢᠶᠠᠨ ᠪᠠᠷᠢᠮᠵᠢᠶ᠎ᠠ ᠳᠤ ᠭᠦᠷᠦᠭᠰᠡᠨ ᠪᠠᠶᠢᠨ᠎ᠠ᠃ ᠲᠣᠰ ᠰᠢᠯᠭᠠᠷᠠᠭᠤᠯᠤᠯᠲᠠ ᠳᠤ PPT᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠭ᠎ᠠ ᠪᠠᠷᠢᠮᠲᠠ ᠶᠢ ᠬᠠᠷᠢᠴᠠᠭᠤᠯᠬᠤ᠂ ᠶᠡᠷᠦᠩᠬᠡᠶᠢᠯᠡᠨ ᠦᠨᠡᠯᠡᠬᠦ ᠪᠠ ᠬᠤᠷᠠᠯ ᠢᠶᠠᠷ ᠰᠤᠳᠤᠯᠬᠤ ᠵᠡᠷᠭᠡ ᠠᠷᠭ᠎ᠠ ᠪᠠᠷ ᠲᠥᠷᠥᠯ ᠵᠦᠢᠯ ᠢ ᠵᠢᠷᠤᠮᠵᠢᠭᠤᠯᠤᠨ ᠬᠠᠮᠢᠶᠠᠷᠬᠤ᠂ ᠡᠬᠢ ᠪᠠᠶᠠᠯᠢᠭ ᠢ ᠬᠤᠯᠪᠣᠬᠤ᠂ ᠰᠢᠨ᠎ᠡ ᠶᠢ ᠡᠭᠦᠳᠬᠦ ᠪᠠᠷ ᠳᠠᠭᠠᠭᠤᠯᠬᠤ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠬᠢᠨᠠᠨ ᠰᠢᠯᠭᠠᠪᠠ᠃ ᠡᠭᠦᠨ ᠳᠤ ᠨᠡᠶᠢᠭᠡᠮ ᠤᠨ ᠨᠢᠭᠦᠯᠡᠰᠦᠩᠭᠦᠢ ᠶᠢᠨ ᠡᠬᠢ ᠪᠠᠶᠠᠯᠢᠭ ᠢ ᠬᠤᠯᠪᠣᠬᠤ ᠲᠠᠯ᠎ᠠ ᠪᠠᠷ 27 ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠵᠦᠢᠯᠡᠰ ᠤᠨ ᠴᠤᠭᠯᠠᠭᠤᠯᠤᠭᠰᠠᠨ ᠵᠣᠭᠤᠰ ᠮᠥᠩᠭᠦ ᠡᠳ᠋ ᠪᠣᠳᠠᠰ ᠤᠨ ᠲᠤᠭ᠎ᠠ ᠨᠡᠶᠢᠲᠡ 310.3 ᠲᠦᠮᠡᠨ ᠲᠥᠭᠦᠷᠢᠭ ᠲᠤ ᠬᠦᠷᠴᠡᠢ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号