2023 ᠣᠨ ᠳᠤ ︽ᠰᠢᠨ᠎ᠡ ᠶᠢ ᠡᠬᠦᠳᠬᠦ ᠶᠡᠷᠦᠩᠬᠡᠶᠢᠯᠡᠭᠰᠡᠨ ᠨᠦᠬᠡᠴᠨ ᠬᠦᠴᠦᠨ︾ ᠪᠥᠬᠦ ᠤᠯᠤᠰ ᠲᠤ 10 ᠳ᠋ᠤᠭᠠᠷ ᠲᠤ ᠣᠷᠣᠵᠤ᠂ ᠪᠥᠬᠦ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 81.9% ᠪᠠᠷ ᠨᠡᠮᠡᠭᠳᠡᠪᠡᠮᠠᠨ ᠤ ᠣᠷᠣᠨ ᠦᠨᠤ ᠵᠢᠯ ᠰᠢᠨᠵᠢᠯᠡᠬᠦ ᠮᠡᠷᠭᠡᠵᠢᠯ ᠤᠨ ᠠᠵᠢᠯ ᠳᠤ 7 ᠲᠠᠯ᠎ᠠ ᠪᠠᠷ ᠬᠦᠴᠦᠯᠡᠵᠦ᠂ ᠰᠢᠨ᠎ᠡ ᠦᠢᠯᠡᠳᠪᠦᠷᠢᠯᠡᠯ ᠤᠨ ᠬᠦᠴᠦᠨ ᠢ ᠲᠦᠷᠭᠡᠨ ᠪᠦᠷᠢᠯᠳᠤᠬᠦᠯᠬᠦ ᠪᠤ
ᠨᠡᠶᠢᠲᠡᠯᠡᠭᠰᠡᠨ ᠴᠠᠭ᠄
2024/2/21
    2 ᠳ᠋ᠤᠭᠠᠷ ᠰᠠᠷ᠎ᠠ ᠶᠢᠨ 20  ᠤ ᠡᠳᠦᠷ ᠬᠤᠷᠠᠯᠳᠤᠭᠰᠠᠨ ᠪᠦᠬᠦ ᠣᠷᠣᠨ ᠤ ᠰᠢᠨᠵᠢᠯᠡᠬᠦ ᠮᠡᠷᠭᠡᠵᠢᠯ ᠤᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ ᠦᠨᠤ  ᠵᠢᠯ ᠮᠠᠨ ᠤ ᠣᠷᠣᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠰᠢᠨᠵᠢᠯᠡᠬᠦ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠴᠢᠷᠮᠠᠶᠢᠨ ᠬᠡᠷᠡᠭᠵᠢᠭᠦᠯᠬᠦ ᠵᠡᠷᠭᠡ 7 ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂  ᠰᠢᠨ᠎ᠡ ᠦᠢᠯᠡᠳᠪᠦᠷᠢᠯᠡᠯ ᠤᠨ ᠬᠦᠴᠦᠨ ᠢ ᠲᠦᠷᠭᠡᠨ ᠪᠦᠷᠢᠯᠳᠦᠭᠦᠯᠵᠦ᠂ ᠰᠢᠨᠵᠢᠯᠡᠬᠦ ᠮᠡᠷᠭᠡᠵᠢᠯ ᠤᠨ ᠴᠢᠳᠠᠪᠬᠢᠳᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠪᠣᠯᠣᠨ᠎ᠠ᠃    ᠦᠨᠤ ᠵᠢᠯ ᠪᠦᠬᠦ ᠣᠷᠣᠨ ᠤ ᠰᠢᠨᠵᠢᠯᠡᠬᠦ ᠮᠡᠷᠭᠡᠵᠢᠯ ᠤᠨ ᠰᠢᠰᠲ᠋ᠧᠮ ᠤᠨ ᠬᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠰᠢᠨᠵᠢᠯᠡᠬᠦ ᠮᠡᠷᠭᠡᠵᠢᠯ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠴᠥᠬᠦᠷᠡᠰᠢ ᠦᠭᠡᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢᠶᠠᠷ ᠵᠠᠮᠨᠠᠵᠤ ᠳᠤᠮᠳᠠ ᠲᠦᠪᠰᠢᠨ ᠳᠤ ᠣᠷᠣᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠰᠢᠨᠵᠢᠯᠡᠬᠦ ᠮᠡᠷᠭᠡᠵᠢᠯ ᠤᠨ ᠠᠵᠢᠯ ᠨᠢ ᠰᠢᠨᠵᠢᠯᠡᠬᠦ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠰᠠᠶᠢᠲᠤᠷ ᠠᠳᠬᠤᠬᠤ᠂ ᠰᠢᠨ᠎ᠡ ᠶᠢ ᠡᠭᠦᠳᠬᠦ ᠲᠠᠪᠴᠠᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠶᠢ ᠰᠢᠪᠲᠤᠯᠬᠤ ᠶᠢ ᠴᠢᠩᠭᠠᠳᠬᠠᠬᠤ᠂ ᠰᠢᠨ᠎ᠡ ᠶᠢ ᠡᠭᠦᠳᠬᠦ ᠭᠤᠣᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ︽ᠦᠪᠤᠷ ᠮᠤᠩᠭᠤᠯ ᠤᠨ ᠰᠢᠨᠵᠢᠯᠡᠬᠦ ᠤᠬᠠᠭᠠᠨ ᠤ ᠴᠤᠭᠯᠠᠷᠠᠯ︾ ᠤᠨ ᠲᠠᠪᠴᠠᠩ ᠢ ᠪᠠᠶᠢᠭᠤᠯᠬᠤ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠨᠡᠮᠡᠭᠳᠡᠯ ᠢ ᠳᠡᠮᠵᠢᠬᠦ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠴᠢᠩᠭᠠᠳᠬᠠᠬᠤ ᠵᠡᠷᠭᠡ 7 ᠲᠠᠯ᠎ᠠ ᠪᠠᠷ ᠪᠠᠷᠢᠴᠨ ᠪᠣᠯᠭᠠᠵᠤ᠂ ᠶᠡᠷᠦ ᠪᠤᠰᠤ ᠶᠢᠨ ᠠᠷᠭ᠎ᠠ ᠬᠡᠮᠵᠢᠶ᠎ᠡ ᠪᠠᠷ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠠᠬᠢᠭᠤᠯᠵᠤ᠂ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠠᠶᠢᠴᠢᠯᠠᠨ ᠳᠠᠭᠠᠭᠤᠯᠤᠨ᠎ᠠ᠃       2023 ᠣᠨ ᠳᠤ ᠮᠠᠨ ᠤ ᠣᠷᠣᠨ ᠤ ︽ᠰᠢᠨ᠎ᠡ ᠶᠢ ᠡᠬᠦᠳᠬᠦ ᠶᠡᠷᠦᠩᠬᠡᠶᠢᠯᠡᠭᠰᠡᠨ ᠨᠦᠬᠡᠴᠨ ᠬᠦᠴᠦᠨ︾ ᠪᠥᠬᠦ ᠤᠯᠤᠰ ᠲᠤ 10 ᠳ᠋ᠤᠭᠠᠷ ᠲᠤ ᠵᠢᠭᠰᠠᠭᠠᠭᠳᠠᠵᠤ᠂ ᠤᠯᠤᠰ ᠤᠨ ᠴᠢᠬᠤᠯᠠ ᠶᠡᠭᠡ ᠰᠢᠨᠵᠢᠯᠡᠬᠦ ᠮᠡᠷᠭᠡᠵᠢᠯ ᠤᠨ ᠡᠭᠦᠷᠭᠡ ᠶᠢ 11 ᠳᠠᠭᠠᠭᠠᠨ ᠠᠪᠴᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠯ᠎ᠡ ᠵᠦᠢᠯ ᠤᠨ ᠲᠤᠰᠬᠠᠢ ᠪᠡᠯᠡ ᠮᠥᠩᠭᠦ ᠶᠢ 4 ᠳ᠋ᠦᠩᠰᠢᠭᠤᠷ ᠲᠥᠭᠦᠷᠢᠭ ᠣᠯᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠪᠥᠬᠦ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠮᠡᠷᠭᠡᠵᠢᠯ ᠤᠨ ᠵᠠᠷᠤᠯᠭ᠎ᠠ 81.9% ᠪᠠᠷ ᠨᠡᠮᠡᠭᠳᠡᠵᠦ᠂ ︽ᠴᠠᠩᠵᠢᠶᠠᠩ ᠡᠷᠳᠡᠮᠲᠡᠨ︾ ︽ᠤᠯᠤᠰ ᠤᠨ ᠭᠠᠷᠮᠠᠭᠠᠢ ᠵᠠᠯᠠᠭᠤ︾ ᠪᠠᠷ 6 ᠬᠥᠮᠥᠨ ᠰᠢᠨ᠎ᠡ ᠪᠠᠷ ᠰᠤᠩᠭᠤᠬᠳᠠᠨ᠂ 4 ᠬᠥᠮᠥᠨ ᠤᠯᠤᠰ ᠤᠨ ᠴᠢᠳᠠᠪᠤᠷᠢᠲᠠᠨ ᠤ ᠲᠥᠯᠥᠪᠯᠡᠭᠡ ᠳᠤ ᠣᠷᠣᠵᠤ᠂ ᠲᠡᠦᠬᠡᠲᠦ ᠴᠢᠨᠠᠷᠲᠠᠢ ᠰᠢᠪᠲᠤᠯᠤᠯᠲᠠ ᠲᠠᠢ ᠪᠤᠯᠤᠬᠰᠠᠨ ᠪᠠᠶᠢᠨ᠎ᠠ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号