ᠤᠨ ᠴᠠᠭ ᠤᠨ ᠬᠠᠭᠤᠳᠠᠰᠤ ᠢᠷᠠᠬᠳᠠᠬᠤ ᠶᠢ ᠲᠠᠭᠠᠯᠳᠤᠨ ᠳᠤ ᠬᠥᠭᠵᠢᠯᠲᠡ ᠶᠢᠨ ᠰᠡᠳᠦᠪ ᠴᠦ ᠡᠳᠦᠷ ᠢᠷᠡᠬᠦᠶ᠎ᠡ | ᠰᠢᠨᠡᠳᠴᠦ ᠪᠠᠶᠢᠨ᠎ᠠ᠃ | 2024 ᠣᠨ ᠤ 2 ᠳ᠋ᠤᠭᠠᠷ ᠰᠠᠷ᠎ᠠ ᠶᠢᠨ 21 ᠤ ᠡᠳᠦᠷ᠂ ᠦᠬᠡᠷ᠎ᠡ ᠪᠠᠷ ᠬᠡᠯᠡᠪᠡᠯ ᠯᠣᠣ ᠵᠢᠯ ᠤᠨ ᠴᠠᠭᠠᠨ | ᠰᠠᠷ᠎ᠠ ᠶᠢᠨ ᠠᠮᠠᠷᠠᠯᠲᠠ ᠶᠢᠨ ᠳᠠᠷᠠᠭ᠎ᠠ ᠥᠪᠥᠷ ᠮᠣᠩᠭᠤᠯ ᠤᠨ ᠠᠩᠬᠠᠳᠠᠭᠴᠢ ᠪᠥᠬᠦ ᠣᠷᠣᠨ ᠤ ᠴᠢᠨᠠᠷᠲᠠᠢ ᠶᠡᠭᠡ ᠬᠤᠷᠠᠯ | ︱ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ | ᠬᠤᠷᠠᠯᠳᠤᠯ᠎ᠠ᠃ ︽ᠴᠠᠭᠠᠨ ᠰᠠᠷ᠎ᠠ ᠶᠢᠨ ᠠᠩᠬᠠᠨ ᠤ ᠬᠤᠷᠠᠯ︾ ᠠᠴᠠ᠄ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠡᠷᠴᠢᠮ ᠢᠶᠠᠨ ᠰᠤᠯᠠᠷᠠᠭᠤᠯᠬᠤ ᠦᠭᠡᠢ᠂ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ | ᠠᠬᠢᠭᠤᠯᠵᠤ᠂ ︽ᠥᠪᠥᠷ ᠮᠣᠩᠭᠤᠯ ᠳᠤ ᠪᠡᠯᠡ ᠣᠷᠣᠭᠤᠯᠬᠤ︾ ᠨᠠᠷᠠᠲᠤ ᠲᠡᠮᠳᠡᠭᠲᠦ ᠶᠢ ᠤᠯᠠᠨ ᠠᠷᠭ᠎ᠠ ᠪᠠᠷ ᠪᠣᠶ | ᠪᠤᠯᠭᠠᠨ᠎ᠠ ᠬᠡᠰᠡᠨ ᠲᠤᠬᠢᠶ᠎ᠠ ᠰᠤᠨᠤᠰᠳᠠᠵᠤ ᠪᠠᠶᠢᠨ᠎ᠠ᠃ | ᠡᠵᠡᠩᠨᠡᠯᠲᠡ ᠶᠢᠨ ᠥᠩ ᠰᠢᠮᠡᠯᠢᠭ ᠬᠥᠷᠥᠰᠥ ᠰᠢᠷᠣᠢ ᠶᠢ ᠵᠤᠵᠠᠭᠠᠳᠬᠠᠵᠤ᠂ ᠭᠠᠷ ᠭᠠᠷ ᠢᠶᠠᠨ ᠬᠤᠯᠪᠣᠨ | ᠢᠷᠡᠭᠡᠳᠦᠢ ᠲᠡᠶᠢᠰᠢ ᠤᠷᠤᠬᠰᠢᠯᠠᠶ᠎ᠠ᠃ 2023 ᠣᠨ ᠳᠤ ᠮᠠᠨ ᠤ ᠤᠷᠤᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠶᠠᠨ ᠤ ᠭᠠᠷᠤᠭᠠᠨ ᠳᠤ ᠭᠠᠨᠵᠤᠭ᠎ᠠ ᠲᠦᠬᠦᠷᠡᠩ ︱ ᠪᠦᠬᠦ ᠣᠷᠣᠨ ᠳᠤ 4778 ᠳ᠋ᠦᠩᠰᠢᠭᠤᠷ | ᠲᠥᠭᠦᠷᠢᠭ ᠤᠨ ᠤᠯᠤᠰ ᠤᠨ ᠳᠣᠲᠣᠭᠠᠳᠤ ᠶᠢᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠠᠳᠠᠯᠢ | ᠬᠤᠭᠤᠴᠠᠭᠠᠨ ᠤ ᠬᠢ ᠠᠴᠠ 40.2% ᠢᠶᠠᠷ ᠨᠡᠮᠡᠭᠳᠡᠵᠦ᠂ ᠤᠯᠤᠰ ᠤᠨ ᠳᠣᠲᠣᠭᠠᠳᠤ ᠶᠢᠨ ᠪᠡᠯᠡ ᠮᠥᠩᠭᠦ ᠶᠢ | ᠮᠢᠩᠭᠠᠨ ᠳ᠋ᠦᠩᠰᠢᠭᠤᠷ ᠲᠥᠭᠦᠷᠢᠭ ᠢᠶᠠᠷ ᠨᠡᠮᠡᠭᠳᠡᠭᠦᠯᠵᠡᠢ᠃ | ᠲᠤᠭ᠎ᠠ ᠪᠠᠷᠢᠮᠲᠠ ᠨᠢ ᠠᠭᠤᠯᠭ᠎ᠠ ᠪᠠ ᠠᠮᠢᠵᠢᠷᠠᠯ ᠤᠨ ᠬᠦᠴᠦᠨ ᠤ ᠲᠠᠶᠢᠯᠪᠤᠷᠢ ᠶᠤᠮ᠃ ᠠᠮᠵᠢᠯᠲᠠ | ᠪᠦᠲᠦᠮᠵᠢ ᠶᠢᠨ ᠠᠷᠤ ᠳᠤ ᠥᠪᠥᠷ ᠮᠣᠩᠭᠤᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠨᠢᠭᠡᠳᠦᠯᠲᠡᠢ | ᠲᠥᠯᠥᠪᠯᠡᠨ ᠠᠬᠢᠭᠤᠯᠬᠤ ᠤᠷᠤᠭᠰᠢᠯᠠᠯᠲᠠ ᠶᠢᠨ ᠨᠢᠭᠤᠴᠠ ᠨᠢᠭᠤᠭᠳᠠᠵᠤ ᠪᠠᠶᠢᠨ᠎ᠠ᠃ | 2023 ᠣᠨ ᠤ 1 ᠳ᠋ᠤᠬᠡᠷ ᠰᠠᠷ᠎ᠠ ᠶᠢᠨ 29 ᠤ ᠡᠳᠦᠷ ᠬᠤᠷᠠᠯᠳᠤᠬᠰᠠᠨ ᠥᠪᠥᠷ ᠮᠣᠩᠭᠤᠯ ᠤᠨ 2023 | ᠣᠨ ᠤ ᠰᠢᠨ᠎ᠡ ᠵᠢᠯ ᠤᠨ ᠠᠩᠬᠠᠨ ᠤ ᠬᠤᠷᠠᠯ ᠪᠣᠯ ᠪᠥᠬᠦ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠷᠠᠯ ᠶᠤᠮ᠃ ᠡᠭᠦᠨ ᠤ ᠬᠠᠮᠲᠤ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠷᠪᠠᠨ ᠵᠢᠯ ᠤᠨ | ᠠᠵᠢᠯᠯᠠᠭ᠎ᠠ ᠶᠢᠨ ᠲᠥᠰᠥᠯ ︵2023 ︱ 2025 ᠣᠨ︶︾ ︽2023 ᠣᠨ ᠤ ᠪᠥᠬᠦ ᠣᠷᠣᠨ ᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠭᠤᠣᠯᠳᠠᠯᠭ᠎ᠠ︾ ᠶᠢ ᠳᠠᠷᠤᠮᠠᠯᠯᠠᠨ ᠲᠠᠷᠬᠠᠭᠠᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠤ ᠶᠡᠷᠦᠩᠬᠡᠢ ᠪᠠᠶᠢᠷᠢᠯᠠᠭᠤᠯᠤᠯᠳᠠ᠂ ᠶᠡᠷᠦᠩᠬᠡᠢ | ᠳᠠᠶᠢᠴᠢᠯᠠᠯᠲᠠ ᠬᠢᠪᠡ᠃ | ᠬᠥᠲᠥᠯᠪᠦᠷᠢ ᠶᠢ ᠠᠵᠢᠪᠠᠰᠤ ᠲᠦᠮᠡᠨ ᠤ ᠨᠢᠳᠤ ᠲᠤᠳᠤᠶᠢᠬᠤ ᠪᠤᠯᠠᠢ᠃ ᠠᠯᠢ ᠤᠯᠠᠨ ᠦᠵᠦ ᠲᠥᠯᠥᠪᠯᠡᠭᠡ ᠨᠢ | ᠥᠪᠥᠷ ᠮᠣᠩᠭᠤᠯ ᠤᠨ ᠬᠢᠨ ᠤ ᠤᠶᠤᠨ ᠤᠬᠠᠭᠠᠨ᠂ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠠᠳᠬᠤᠬᠤ ᠡᠷᠡᠰ ᠵᠣᠷᠢᠭ ᠢ ᠬᠠᠷᠠᠭᠤᠯᠵᠤ᠂ | ᠬᠦᠭᠵᠢᠬᠦᠯᠤᠯᠳᠡ ᠶᠢ ᠶᠡᠭᠡ ᠪᠠᠷ ᠠᠳᠬᠤᠬᠤ᠂ ᠬᠥᠭᠵᠢᠯᠲᠡ ᠶᠢ ᠲᠦᠷᠭᠡᠳᠬᠡᠬᠦ ᠴᠢᠩᠭ᠎ᠠ ᠳᠣᠬᠢᠶ᠎ᠠ ᠲᠤᠬᠢᠶ᠎ᠠ ᠪᠤᠯᠬᠤ ᠨᠢ | ᠭᠠᠷᠴᠠᠭ᠎ᠠ ᠦᠬᠡᠢ᠃ | ᠮᠠᠨ ᠤ ᠤᠷᠤᠨ ᠤ ᠬᠢᠨ 2023 ᠣᠨ ᠳᠤ ᠪᠡᠭᠡᠵᠢᠩ᠂ ᠲᠢᠶᠠᠨᠵᠢᠨ᠂ ᠾᠥ᠋ᠪᠸᠢ᠂ ᠬᠥᠬᠡᠮᠥ᠋ᠷᠡᠨ ᠤ ᠭᠤᠷᠪᠠᠯᠵᠢᠨ | ᠬᠤᠶᠢᠭ᠂ ᠭᠤᠸᠠᠩᠳᠦ᠋ᠩ᠂ ᠰᠢᠶᠠᠩᠭᠠᠩ᠂ ᠣᠣᠮᠧᠨ ᠵᠡᠷᠬᠡ ︽ᠬᠦᠨᠳᠡᠯᠡᠨ ᠭᠠᠵᠠᠷ︾ ᠲᠤ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠠᠵᠢᠯᠯᠠᠭ᠎ᠠ ᠶᠢ ᠡᠷᠬᠢᠯᠡᠵᠦ᠂ ᠳᠡᠯᠡᠬᠡᠢ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠬᠤᠷᠠᠯ᠂ | ᠳᠤᠮᠳᠠᠳᠤ ᠤᠯᠤᠰ ᠤᠨ ᠠᠵᠤ ᠦᠢᠯᠡᠰ ᠢ ᠰᠢᠯᠵᠢᠭᠦᠯᠦᠨ ᠬᠥᠭᠵᠢᠭᠦᠯᠬᠦ ᠶᠢ ᠵᠣᠯᠭᠠᠭᠤᠯᠬᠤ ᠠᠵᠢᠯᠯᠠᠭ᠎ᠠ ︵ᠥᠪᠥᠷ | ᠮᠣᠩᠭᠤᠯ︶᠂ ᠳᠡᠯᠡᠬᠡᠢ ᠶᠢᠨ ᠦᠪᠤᠷ ᠮᠤᠩᠭᠤᠯ ᠤᠨ ᠬᠤᠳᠠᠯᠳᠤᠭᠠᠴᠢᠨ ᠤ ᠬᠤᠷᠠᠯ᠂ ᠤᠯᠤᠰ ᠤᠨ ᠤᠮᠠᠷᠠᠰᠢ | ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠭᠡᠷ ᠤᠨ ᠬᠤᠷᠠᠯ ᠵᠡᠷᠭᠡ ︽ᠤᠷᠢᠵᠤ ᠠᠪᠴᠢᠷᠠᠬᠤ︾ | ᠠᠵᠢᠯᠯᠠᠭ᠎ᠠ ᠶᠢ ᠡᠷᠬᠢᠯᠡᠵᠦ᠂ ᠮᠠᠨ ᠤ ᠣᠷᠣᠨ ᠤ ᠪᠡᠯᠡ ᠣᠷᠣᠭᠤᠯᠤᠯᠲᠠ ᠶᠢᠨ ᠣᠷᠴᠢᠨ ᠨᠦᠬᠦᠴᠡᠯ᠂ ᠳᠠᠪᠠᠭᠤᠯᠢᠭ | ᠠᠵᠤ ᠦᠢᠯᠡᠰ᠂ ᠭᠤᠣᠯᠳᠠᠯᠭ᠎ᠠ ᠲᠠᠢ ᠲᠦᠷᠦᠯ ᠵᠦᠢᠯ ᠢ ᠪᠦᠬᠦ ᠲᠠᠯ᠎ᠠ ᠪᠠᠷ ᠤᠬᠠᠭᠤᠯᠤᠬᠰᠠᠨ ᠪᠠᠶᠢᠯ᠎ᠠ᠃ 2023 | ᠣᠨ ᠳᠤ ᠮᠠᠨ ᠤ ᠤᠷᠤᠨ ᠤ ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠭᠤᠣᠯ ᠤᠳᠤᠷᠢᠳᠤᠯᠭ᠎ᠠ ᠪᠦᠯᠬᠦᠮ | ᠳᠠᠭᠠᠭᠤᠯᠤᠨ 276 ᠤᠳᠠᠭ᠎ᠠ ᠬᠤᠳᠠᠯᠳᠤᠭᠠᠴᠢᠨ ᠤᠷᠢᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠲᠥᠷᠥᠯ ᠵᠦᠢᠯ ᠤᠨ ᠭᠡᠷ᠎ᠡ ᠲᠣᠭᠲᠠᠬᠤ ᠶᠡᠭᠡ ᠬᠤᠷᠠᠯ᠂ ᠲᠥᠷᠥᠯ ᠵᠦᠢᠯ ᠤᠨ ᠲᠠᠨᠢᠯᠴᠠᠭᠤᠯᠭ᠎ᠠ ᠶᠢᠨ ᠬᠤᠷᠠᠯ ᠵᠡᠷᠭᠡ | ᠲᠣᠮᠣ ᠬᠡᠯᠪᠡᠷᠢ ᠶᠢᠨ ᠲᠤᠰᠬᠠᠢ ᠠᠵᠢᠯᠯᠠᠭ᠎ᠠ ᠶᠢ 200 ᠤᠳᠠᠭ᠎ᠠ ᠡᠷᠭᠢᠯᠡᠵᠦ᠂ 2063 ᠲᠥᠷᠥᠯ ᠵᠦᠢᠯ ᠤᠨ ᠭᠡᠷ᠎ᠡ | ᠲᠣᠭᠲᠠᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢᠨ ᠰᠠᠭᠤᠷᠢ ᠲᠣᠭᠠᠨ ᠤ ᠨᠡᠮᠡᠭᠳᠡᠯ ᠢ ᠢᠮᠠᠭᠲᠠ ᠪᠠᠲᠤᠯᠠᠪᠠ᠃ | ᠠᠵᠤ ᠦᠢᠯᠡᠰ ᠤᠨ ᠬᠡᠯᠬᠢᠶ᠎ᠡ ᠪᠦᠷᠢ ᠳᠤ ᠬᠢᠵᠠᠭᠠᠷ ᠦᠭᠡᠢ ᠬᠤᠳᠠᠯᠳᠤᠭᠠᠨ ᠤ ᠲᠣᠬᠢᠶᠠᠯ ᠠᠭᠤᠯᠤᠭᠳᠠᠵᠤ | ᠪᠠᠶᠢᠳᠠᠭ᠃ 2023 ᠣᠨ ᠳᠤ ᠮᠠᠨ ᠤ ᠤᠷᠤᠨ ᠤ ᠬᠢᠨ ᠴᠥᠷᠬᠦᠯᠡᠭᠡ ᠮᠠᠶ᠋ᠢᠭ ᠢᠶᠠᠷ ᠬᠤᠳᠠᠯᠳᠤᠭᠠᠴᠢᠨ ᠤᠷᠢᠬᠤ | ᠠᠵᠢᠯ ᠢ ᠴᠢᠩᠭᠠᠳᠬᠠᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ︽︿ | ᠬᠡᠯᠬᠢᠶᠡᠨ ᠤ ᠡᠵᠡᠨ﹀ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ ᠠᠵᠤ ᠦᠢᠯᠡᠰ ᠤᠨ | ᠪᠥᠭᠡᠮᠨᠡᠷᠡᠯ᠂ ᠠᠵᠤ ᠦᠢᠯᠡᠰ ᠤᠨ ᠬᠡᠯᠬᠢᠶᠡᠨ ᠤ ᠪᠠᠶᠢᠭᠤᠯᠤᠯᠲᠠ ᠶᠢ ᠠᠬᠢᠭᠤᠯᠬᠤ ᠲᠤᠬᠠᠢ ᠠᠷᠭ᠎ᠠ︾ ᠢ ᠨᠡᠶᠢᠲᠡᠯᠡᠵᠦ᠂ | ︽ᠬᠡᠯᠬᠢᠶᠡᠨ ᠤ ᠡᠵᠡᠨ︾ ᠠᠵᠤ ᠠᠬᠤᠶᠢᠯᠠᠯ ᠨᠢ ᠠᠵᠤ ᠦᠢᠯᠡᠰ ᠢ ᠠᠬᠢᠭᠤᠯᠬᠤ ᠬᠤᠷᠠᠯ ᠢ ᠲᠦᠷᠦᠭᠦᠯᠡᠨ ᠬᠢᠬᠦ ᠶᠢ | ᠳᠡᠮᠵᠢᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠬᠤᠳᠠᠯᠳᠤᠭᠠᠴᠢᠨ ᠤᠷᠢᠬᠤ ᠲᠥᠰᠥᠯ ᠢ | ᠲᠣᠭᠲᠠᠭᠠᠨ᠂ ᠲᠠᠨᠢᠯᠴᠠᠭᠤᠯᠬᠤ ᠠᠵᠢᠯᠯᠠᠭ᠎ᠠ ᠪᠠ ᠵᠣᠯᠭᠠᠭᠤᠯᠬᠤ ᠬᠤᠷᠠᠯ ᠢ ᠵᠣᠬᠢᠶᠠᠨ ᠪᠠᠶᠢᠭᠤᠯᠵᠤ᠂ ᠠᠶᠢᠮᠠᠭ | ᠬᠤᠲᠠ ᠶᠢᠨ ᠠᠵᠤ ᠦᠢᠯᠡᠰ ᠤᠨ ᠬᠡᠯᠬᠢᠶᠡᠨ ᠤ ︽ᠬᠤᠶᠠᠷ ᠵᠢᠷᠤᠭ ᠬᠤᠶᠠᠷ ᠬᠦᠰᠦᠨᠦᠭᠲᠦ ᠬᠤᠶᠠᠷ ᠬᠥᠮᠥᠷᠭᠡ︾ ᠶᠢ | ᠨᠠᠶᠢᠷᠠᠭᠤᠯᠤᠨ ᠵᠣᠬᠢᠶᠠᠬᠤ ᠠᠵᠢᠯ ᠢ ᠵᠢᠯᠤᠭᠤᠳᠴᠤ᠂ ᠠᠵᠤ ᠦᠢᠯᠡᠰ ᠤᠨ ᠬᠡᠯᠬᠢᠶᠡᠨ ᠤ ᠨᠠᠷᠢᠯᠢᠭ ᠣᠨᠣᠴᠠᠲᠠᠢ ᠪᠠᠷ | ᠬᠤᠳᠠᠯᠳᠤᠭᠠᠴᠢᠨ ᠤᠷᠢᠬᠤ ᠠᠵᠢᠯ ᠢ ᠡᠷᠴᠢᠮᠳᠡᠢ ᠦᠷᠨᠢᠬᠦᠯᠪᠡ᠃ | ᠠᠵᠤ ᠠᠬᠤᠶᠢᠯᠠᠯ ᠢ ᠲᠥᠪᠯᠡᠷᠡᠭᠦᠯᠦᠨ ︽ᠬᠡᠯᠬᠢᠶ᠎ᠡ︾ ᠪᠣᠯᠭᠠᠵᠤ᠂ ︽ᠬᠡᠯᠬᠢᠶ᠎ᠡ︾ ᠶᠢ ᠬᠠᠪᠰᠤᠷᠤᠨ | ᠰᠦᠷᠦᠭᠵᠢᠭᠦᠯᠵᠦ᠂ ︽ᠬᠡᠯᠬᠢᠶ᠎ᠡ︾ ᠶᠢ ᠲᠥᠪᠯᠡᠷᠡᠭᠦᠯᠦᠨ ᠬᠦᠴᠦᠨ ᠲᠠᠢ ᠪᠤᠯᠭᠠᠪᠠ᠃ 2023 ᠣᠨ ᠳᠤ ᠮᠠᠨ ᠤ | ᠤᠷᠤᠨ ᠳᠤ 500 ᠲᠦᠮᠡᠨ ᠲᠥᠭᠦᠷᠢᠭ ᠠᠴᠠ ᠳᠡᠭᠡᠭᠰᠢᠬᠢ ᠶᠡᠷᠦᠩᠬᠡᠢ ᠪᠡᠯᠡ ᠣᠷᠣᠭᠤᠯᠤᠯᠲᠠ ᠶᠢᠨ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠲᠥᠷᠥᠯ ᠵᠦᠢᠯ ᠢ 3956 ᠬᠡᠷᠡᠭᠵᠢᠭᠦᠯᠵᠦ᠂ ᠲᠣᠮᠣ᠂ ᠬᠦᠴᠦᠷᠬᠡᠭ᠂ ᠰᠢᠨ᠎ᠡ᠂ | ᠰᠢᠯᠢᠳᠡᠭ ᠢ ᠲᠠᠲᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶᠡᠨ ᠤ ᠳᠠᠶᠢᠴᠢᠯᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠪᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠳᠬᠤᠬᠤ ᠪᠣᠯ ᠪᠦᠬᠦᠯᠢ ᠴᠣᠭᠴᠠ ᠶᠢᠨ ᠪᠦᠬᠡᠳ | ᠬᠠᠮᠲᠤᠷᠠᠭᠰᠠᠨ ᠳᠠᠶᠢᠯᠠᠯᠳᠤᠭᠠᠨ ᠶᠤᠮ᠃ 2023 ᠣᠨ ᠳᠤ ᠮᠠᠨ ᠤ ᠤᠷᠤᠨ ᠤ ᠡᠯ᠎ᠡ ᠰᠠᠯᠠᠭ᠎ᠠ ᠮᠥᠴᠢᠷ ᠤᠨ ᠬᠢᠨ | ᠬᠠᠮᠵᠢᠯᠴᠠᠭ᠎ᠠ ᠪᠠᠨ ᠴᠢᠩᠭᠠᠳᠬᠠᠵᠤ᠂ ᠨᠢᠭᠡ ᠬᠥᠯᠭᠡ ᠰᠢᠲᠠᠷ᠎ᠠ ᠮᠡᠲᠦ ᠪᠠᠶᠢᠬᠤ ᠶᠢ ᠪᠠᠷᠢᠮᠲᠠᠯᠠᠵᠤ᠂ ᠰᠡᠳᠬᠢᠯ | ᠰᠠᠨᠠᠭ᠎ᠠ ᠪᠠᠨ ᠨᠢᠭᠡᠳᠬᠡᠨ᠂ ᠡᠷᠴᠢ ᠵᠣᠷᠢᠭ ᠢᠶᠠᠨ ᠨᠢᠭᠲᠠᠷᠠᠭᠤᠯᠪᠠ᠃ ᠭᠠᠳᠠᠨ᠎ᠠ ᠣᠷᠣᠨ ᠤ ᠠᠵᠤ ᠠᠬᠤᠶᠢᠯᠠᠯ ᠤᠨ ᠭᠡᠷ | ᠪᠦᠯᠢ ᠶᠢ ᠡᠭᠦᠳᠦᠨ ᠪᠠᠶᠢᠭᠤᠯᠵᠤ᠂ ᠥᠪᠥᠷ ᠮᠣᠩᠭᠤᠯ ᠳᠤ ᠬᠢ ᠪᠡᠭᠡᠵᠢᠩ ᠤᠨ ᠬᠤᠳᠠᠯᠳᠤᠭᠠᠴᠢᠳ ᠤᠨ ᠡᠪᠯᠡᠯ᠂ | ᠦᠪᠤᠷ ᠮᠤᠩᠭᠤᠯ ᠳᠤ ᠬᠢ ᠱᠠᠩᠬᠠᠢ ᠶᠢᠨ ᠬᠤᠳᠠᠯᠳᠤᠭᠠᠴᠢᠳ ᠤᠨ ᠡᠪᠯᠡᠯ ᠵᠡᠷᠭᠡ 33 ᠬᠤᠳᠠᠯᠳᠤᠭᠠᠴᠢᠳ ᠤᠨ | ᠡᠪᠯᠡᠯ ᠢ ᠥᠪᠡᠷᠲᠡᠭᠡᠨ ᠵᠠᠰᠠᠬᠤ ᠣᠷᠣᠨ ᠤ ︽ᠬᠤᠳᠠᠯᠳᠤᠭᠠᠴᠢᠨ ᠤᠷᠢᠬᠤ ᠡᠯᠴᠢᠨ︾ ᠢᠶᠠᠷ ᠤᠷᠢᠪᠠ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠡᠯ᠎ᠡ ᠲᠦᠷᠦᠯ ᠤᠨ ᠵᠣᠯᠭᠠᠭᠤᠯᠬᠤ ᠲᠠᠪᠴᠠᠩ ᠢ ᠪᠠᠶᠢᠭᠤᠯᠵᠤ᠂ ᠠᠵᠤ | ᠠᠬᠤᠶᠢᠯᠠᠯ ᠤᠨ ᠬᠤᠳᠠᠯᠳᠤᠭᠠᠴᠢᠳ ᠤᠨ ᠡᠪᠯᠡᠯ ᠢ ᠵᠣᠯᠭᠠᠭᠤᠯᠬᠤ ᠮᠥᠷᠳᠡᠨ ᠦᠢᠯᠡᠴᠢᠯᠡᠬᠦ ᠡᠷᠴᠢᠮ ᠢ ᠴᠢᠩᠭᠠᠷᠠᠭᠤᠯᠵᠤ | ᠂ ᠬᠠᠮᠲᠤᠷᠠᠯᠴᠠᠬᠤ ᠵᠦᠢᠯᠡᠰ᠂ ᠭᠡᠷ᠎ᠡ ᠲᠣᠭᠲᠠᠬᠤ ᠲᠥᠷᠥᠯ ᠵᠦᠢᠯ ᠤᠨ ᠤᠷᠤᠭᠰᠢᠲᠠᠢ ᠬᠡᠷᠡᠭᠵᠢᠬᠦ ᠠᠵᠢᠯ ᠢ ᠮᠥᠨ | ᠴᠢᠨᠠᠷ ᠤᠨ ᠠᠬᠢᠯᠲᠠ ᠲᠠᠢ ᠪᠤᠯᠭᠠᠪᠠ᠃ | ᠬᠤᠳᠠᠯᠳᠤᠭᠠᠴᠢᠨ ᠤᠷᠢᠬᠤ ᠠᠵᠢᠯ ᠢ ᠶᠡᠭᠡ ᠪᠠᠷ ᠠᠳᠬᠤᠬᠤ ᠳᠤ ᠡᠯ᠎ᠡ ᠭᠠᠵᠠᠷ ᠤᠨ ᠬᠢᠨ ᠴᠥᠮ ᠠᠮᠢ ᠴᠦᠯᠡᠨ | ᠲᠡᠮᠡᠴᠡᠵᠦ ᠪᠠᠶᠢᠨ᠎ᠠ᠃ ᠤᠯᠤᠰ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠭᠠᠵᠠᠷ ᠰᠢᠷᠣᠢ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠬᠵᠢᠭᠤᠯᠬᠤ᠂ ︽ᠪᠣᠬᠢᠷᠲᠤᠯ ᠦᠭᠡᠢ ᠴᠠᠬᠢᠯᠭᠠᠨ︾᠂ ᠠᠵᠤ | ᠦᠢᠯᠡᠰ ᠵᠡᠷᠭᠡ ᠶᠢᠨ ᠳᠠᠪᠠᠭᠤᠯᠢᠭ ᠲᠤ ᠲᠦᠰᠢᠭᠯᠡᠨ᠂ 2023 ᠣᠨ ᠳᠤ ᠡᠯ᠎ᠡ ᠠᠶᠢᠮᠠᠭ ᠬᠤᠲᠠ ᠶᠢᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠥᠷᠢᠰᠦᠯᠳᠦᠨ ᠠᠮᠵᠢᠯᠲᠠ ᠣᠯᠪᠠ᠃ | ᠬᠥᠬᠡᠬᠤᠲᠠ ᠶᠢᠨ ᠬᠢᠨ ᠾᠧ ᠱᠧᠩ ᠴᠠᠬᠢᠭᠤᠷ ᠤᠨ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠵᠡᠷᠭᠡ | 700 ᠳ᠋ᠦᠩᠰᠢᠭᠤᠷ ᠲᠥᠭᠦᠷᠢᠭ ᠠᠴᠠ ᠳᠡᠭᠡᠭᠰᠢᠬᠢ 3 ᠲᠦᠷᠦᠯ ᠵᠦᠢᠯ ᠢ ᠣᠷᠣᠭᠤᠯᠤᠨ ᠠᠪᠴᠢᠷᠠᠪᠠ᠃ ᠪᠤᠭᠤᠲᠤ | ᠬᠤᠳᠠ ᠶᠢᠨ ᠬᠢᠨ ᠮᠢᠩᠭ᠎ᠠ ᠰᠢᠬᠠᠮ ᠬᠠᠷᠠᠯᠲᠠᠲᠤ ᠠᠵᠤ ᠠᠬᠤᠶᠢᠯᠠᠯ ᠳᠤ ᠨᠠᠷᠢᠯᠢᠭ ᠣᠨᠣᠴᠠᠲᠠᠢ ᠪᠠᠷ ᠬᠠᠨᠳᠤᠵᠤ᠂ | ᠰᠢᠨ᠎ᠡ ᠠᠵᠤ ᠦᠢᠯᠡᠰ ᠤᠨ ᠲᠥᠪᠯᠡᠷᠡᠯ ᠤᠨ ᠦᠷ᠎ᠡ ᠠᠰᠢᠭ ᠢ ᠢᠯᠡᠳᠲᠡ ᠠᠬᠢᠭᠤᠯᠪᠠ᠃ ᠬᠥᠯᠥᠨ ᠪᠤᠶᠢᠷ | ᠬᠤᠳᠠ ᠶᠢᠨ ᠬᠢᠨ ᠠᠵᠤ ᠠᠬᠤᠶᠢᠯᠠᠯ ᠤᠨ ᠪᠦᠬᠦ ᠦᠶᠡᠯᠡᠯ ᠤᠨ ᠬᠤᠭᠤᠴᠠᠭᠠᠨ ᠳᠤ ᠡᠳᠦᠷ ᠪᠤᠯᠭᠠᠨ ᠰᠠᠶᠢᠳᠤᠷ | ᠦᠢᠯᠡᠴᠢᠯᠡᠬᠦ ᠶᠢ ᠪᠠᠳᠤᠯᠠᠪᠠ᠃ ᠲᠦᠩᠯᠢᠶᠣᠣ ᠬᠤᠲᠠ ᠶᠢᠨ ᠬᠢᠨ ︽ᠲᠥᠷᠥᠯ ᠵᠦᠢᠯ ᠤᠨ ᠬᠠᠮᠢᠶᠠᠷᠤᠭᠴᠢ︾ ᠶᠢᠨ | ᠦᠢᠯᠡᠴᠢᠯᠡᠭᠡᠨ ᠤ ᠠᠵᠢᠯ ᠵᠡᠷᠭᠡ 10 ᠢᠵᠢ ᠪᠦᠷᠢᠳᠦᠭᠦᠯᠬᠦ ᠠᠷᠭ᠎ᠠ ᠶᠢ ᠪᠣᠳᠠᠲᠠᠶᠢᠵᠢᠭᠤᠯᠵᠤ᠂ ᠬᠡᠷᠡᠭᠴᠡᠭᠡ ᠶᠣᠰᠣᠭᠠᠷ | ᠭᠠᠵᠠᠷ ᠣᠷᠣᠨ᠂ ᠰᠠᠯᠠᠭ᠎ᠠ ᠮᠥᠴᠢᠷ ᠤᠨ ᠥᠪᠡᠷᠮᠢᠴᠡ ᠪᠣᠯᠪᠠᠰᠤᠷᠠᠯ ᠤᠨ ᠢᠵᠢ ᠦᠢᠯᠡᠴᠢᠯᠡᠭᠡ ᠶᠢ ᠲᠤᠬᠳᠠᠭᠠᠪᠠ᠃ | ᠤᠯᠠᠭᠠᠨᠬᠠᠳᠠ ᠬᠤᠳᠠ ᠶᠢᠨ ᠬᠢᠨ ᠨᠡᠶᠢᠭᠡᠮ ᠤᠨ ᠪᠡᠯᠡ ᠣᠷᠣᠭᠤᠯᠤᠭᠴᠢᠳ ᠤᠨ ᠠᠷᠠᠯᠵᠢᠶᠠᠴᠢᠨ ᠤᠷᠢᠬᠤ ᠶᠢ ᠱᠠᠩᠨᠠᠬᠤ | ᠠᠮᠠᠯᠠᠯᠲᠠ ᠪᠠᠨ ᠪᠡᠶᠡᠯᠡᠭᠦᠯᠵᠦ᠂ ᠨᠡᠶᠢᠭᠡᠮ ᠲᠠᠶᠠᠭᠠᠷ ᠢᠶᠠᠨ ᠠᠷᠠᠯᠵᠢᠶᠠᠴᠢᠨ ᠤᠷᠢᠬᠤ ᠬᠠᠯᠠᠭᠤᠨ ᠥᠷᠨᠢᠯᠲᠡ ᠭᠠᠷᠭᠠᠪᠠ᠃ | ᠰᠢᠯᠢ ᠶᠢᠨ ᠭᠤᠣᠯ ᠠᠶᠢᠮᠠᠭ ᠤᠨ ᠬᠢᠨ ︽ᠴᠠᠬᠢᠯᠭᠠᠨ ᠳᠤ ᠭᠠᠮᠳᠠᠢ ︵对电价敏感︶︾ ᠰᠢᠨ᠎ᠡ ᠠᠵᠤ | ᠦᠢᠯᠡᠰ ᠤᠨ ᠲᠦᠷᠦᠯ ᠵᠦᠢᠯ ᠢ ᠴᠢᠷᠮᠠᠶᠢᠨ ᠤᠷᠤᠭᠤᠯᠵᠤ᠂ ᠪᠤᠬᠢᠷᠳᠤᠯ ᠦᠬᠡᠢ ᠴᠠᠬᠢᠯᠭᠠᠨ ᠢ ᠣᠶᠢᠷ᠎ᠠ ᠬᠠᠪᠢ | ᠰᠢᠩᠭᠡᠭᠡᠬᠦ ᠠᠵᠢᠯ ᠢ ᠠᠬᠢᠭᠤᠯᠪᠠ᠃ ᠣᠷᠳᠣᠰ ᠬᠤᠳᠠ ᠶᠢᠨ ᠬᠢᠨ ᠠᠷᠠᠯᠵᠢᠶᠠᠴᠢᠨ ᠤᠷᠢᠬᠤ ᠳᠦᠷᠦᠯ ᠵᠦᠢᠯ ᠤᠨ | ᠨᠠᠷᠢᠨ ᠳᠠᠩᠰᠠ ᠶᠢ ᠨᠡᠶᠢᠲᠡᠯᠡᠵᠦ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠴᠢᠨᠠᠷᠵᠢᠭᠤᠨ | ᠪᠦᠬᠡᠳ ᠠᠰᠢᠭ ᠰᠠᠶᠢᠳᠠᠢ ᠠᠬᠢᠭᠤᠯᠪᠠ᠃ ᠦᠬᠠᠢ ᠬᠤᠳᠠ ᠶᠢᠨ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠪᠠ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ | ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠬᠤᠷᠠᠮᠳᠤᠭᠤᠯᠬᠤ ᠬᠦᠴᠢᠷ ᠠᠰᠠᠭᠤᠳᠠᠯ ᠢ ᠪᠦᠲᠦᠮᠵᠢᠲᠡᠢ ᠨᠠᠮᠳᠠᠭᠤᠯᠪᠠ | ᠃ ᠠᠯᠠᠱᠠ ᠠᠶᠢᠮᠠᠭ ᠤᠨ ᠬᠢᠨ ︽ᠠᠵᠤ ᠦᠢᠯᠡᠰ ᠤᠨ ᠭᠠᠷᠤᠭᠠᠨ ᠤ ᠭᠠᠵᠠᠷ ︵产业飞地︶︾ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠷᠣᠨ ᠪᠦᠰᠡ ᠶᠢᠨ ᠬᠦᠭᠵᠢᠯᠳᠡ ᠶᠢᠨ ᠰᠢᠨ᠎ᠡ ᠣᠷᠣᠨ ᠵᠠᠢ ᠶᠢ | ᠠᠮᠵᠢᠯᠲᠠ ᠲᠠᠢ ᠥᠷᠭᠡᠳᠬᠡᠪᠡ ᠁ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠩ ᠬᠤᠩ ᠹᠦ᠋᠄ ︽2023 | ᠣᠨ ᠳᠤ ᠪᠥᠬᠦ ᠣᠷᠣᠨ ᠤ ᠤᠯᠤᠰ ᠤᠨ ᠳᠣᠲᠣᠭᠠᠳᠤ ᠶᠢᠨ ᠪᠡᠯᠡ ᠮᠥᠩᠭᠦ ᠶᠢ ᠣᠷᠣᠭᠤᠯᠤᠨ ᠠᠪᠴᠢᠷᠠᠬᠤ ᠠᠵᠢᠯ | ᠲᠡᠦᠬᠡᠲᠦ ᠴᠢᠨᠠᠷᠲᠠᠢ ᠰᠢᠪᠲᠤᠯᠤᠯᠲᠠ ᠲᠠᠢ ᠪᠣᠯᠪᠠ᠂ 2024 ᠣᠨ ᠳᠤ ᠪᠢᠳᠡ ᠥᠭᠡᠳᠡᠯᠡᠨ ᠳᠠᠪᠰᠢᠬᠤ | ᠬᠠᠨᠳᠤᠰᠢ ᠪᠠᠨ ᠦᠷᠭᠦᠯᠵᠢᠯᠡᠨ ᠪᠠᠬᠢᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠢᠷᠢ ᠬᠡᠮ᠂ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠪᠦᠲᠦᠴᠡ ᠶᠢ ᠰᠢᠯᠢᠳᠡᠭᠵᠢᠭᠦᠯᠦᠨ᠂ ᠤᠯᠤᠰ ᠤᠨ ᠳᠣᠲᠣᠭᠠᠳᠤ ᠶᠢᠨ ᠪᠡᠯᠡ ᠮᠥᠩᠭᠦ ᠶᠢ 5500 ᠳ᠋ᠦᠩᠰᠢᠭᠤᠷ | ᠲᠥᠭᠦᠷᠢᠭ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ︾ ᠭᠡᠵᠦ ᠬᠡᠯᠡᠪᠡ᠃ | ᠵᠠᠬ᠎ᠠ ᠳᠡᠯᠭᠡᠭᠦᠷ ᠤᠨ ᠠᠵᠤ ᠠᠬᠤᠢ ᠶᠢᠨ ᠨᠥᠬᠦᠴᠡᠯ ᠪᠠᠶᠢᠳᠠᠯ ᠳᠤ ᠣᠷᠴᠢᠨ ᠨᠦᠬᠦᠴᠡᠯ ᠪᠣᠯ ︽ᠴᠠᠭ ᠠᠭᠠᠷ | ︾᠂ ᠪᠡᠯᠡ ᠮᠥᠩᠭᠦ ᠪᠣᠯ ︽ᠤᠯᠠᠷᠢᠯ ᠤᠨ ᠰᠢᠪᠠᠭᠤ︾ ᠶᠤᠮ᠃ ᠬᠠᠮᠢᠭ᠎ᠠ ᠣᠷᠴᠢᠨ ᠨᠦᠬᠦᠴᠡᠯ ᠰᠠᠶᠢᠨ ᠪᠤᠯ | ᠬᠥᠷᠥᠩᠭᠡ ᠪᠠ ᠠᠵᠢᠯ ᠲᠦᠷᠤᠯ ᠲᠡᠶᠢᠰᠢ ᠪᠠᠨ ᠭᠦᠶᠦᠬᠦ ᠨᠢ ᠯᠠᠪᠳᠠᠢ᠃ ︽ᠥᠪᠥᠷ ᠮᠣᠩᠭᠤᠯᠴᠤᠳ ᠤᠨ ᠢᠳᠡᠬᠡᠮᠵᠢ | ᠶᠢ ᠡᠷᠬᠢᠮᠯᠡᠬᠦ᠂ ᠢᠲᠡᠭᠡᠮᠵᠢᠲᠡᠢ ᠪᠠᠶᠢᠬᠤ ᠶᠢ ᠵᠥᠪ ᠳᠦᠷᠢ ᠲᠥᠷᠬᠦ ᠶᠢ ᠪᠦᠬᠦ ᠲᠠᠯ᠎ᠠ ᠪᠠᠷ ᠴᠤᠬᠴᠠᠯᠠᠶ᠎ᠠ︾᠃ ᠥᠪᠥᠷ | ᠮᠣᠩᠭᠤᠯ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠪᠠᠷ ᠬᠠᠷᠠᠯᠲᠠ | ᠪᠣᠯᠭᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠳᠠᠯᠳᠤᠭᠠᠨ ᠤ ᠴᠤᠭ ᠰᠦᠯᠳᠡ ᠶᠢ ᠲᠥᠪᠯᠡᠷᠡᠭᠦᠯᠦᠨ ᠣᠯᠠᠨ ᠤ | ᠠᠩᠬᠠᠷᠤᠯ ᠢ ᠲᠠᠲᠠᠬᠤ ᠰᠠᠶᠢᠨ ᠰᠠᠶᠢᠬᠠᠨ ᠣᠷᠴᠢᠨ ᠨᠦᠬᠦᠴᠡᠯ ᠢ ᠪᠣᠶ ᠪᠣᠯᠭᠠᠵᠤ᠂ ᠦᠪᠤᠷ ᠮᠤᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠦᠷᠭᠦᠯᠵᠢᠯᠡᠨ ᠬᠦᠴᠦᠲᠡᠢ ᠲᠤᠯᠭᠠᠭᠤᠷᠢᠯᠠᠯ ᠬᠠᠩᠭᠠᠵᠤ ᠪᠠᠶᠢᠨ᠎ᠠ᠃ | ᠣᠳᠣᠬᠠᠨ ᠳᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠲᠠᠪᠴᠠᠩ ᠨᠢ ᠨᠢᠭᠡᠨᠲᠡ ᠪᠥᠬᠦ ᠣᠷᠣᠨ ᠤ ᠡᠯ᠎ᠡ ᠲᠥᠷᠥᠯ ᠤᠨ ᠨᠡᠶᠢᠭᠡᠮ ᠤᠨ ᠭᠤᠣᠯ ᠴᠣᠭᠴᠠ ᠶᠢᠨ | ᠢᠲᠡᠭᠡᠮᠵᠢ ᠶᠢᠨ ᠲᠠᠩᠰᠠ ᠡᠪᠬᠡᠮᠡᠯ ᠤᠨ ᠪᠠᠶᠢᠭᠤᠯᠤᠯᠲᠠ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠢᠲᠡᠭᠡᠮᠵᠢ ᠶᠢᠨ | ᠮᠡᠳᠡᠭᠡ ᠵᠠᠩᠭᠢ ᠶᠢ ᠨᠡᠶᠢᠲᠡ 3.66 ᠳ᠋ᠦᠩᠰᠢᠭᠤᠷ ᠭᠠᠷᠤᠢ ᠵᠤᠷᠪᠤᠰ ᠴᠤᠭᠯᠠᠭᠤᠯᠵᠤ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠪᠠ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠢᠯᠡᠳᠲᠡ | ᠳᠡᠭᠡᠭᠰᠢᠯᠡᠭᠦᠯᠪᠡ᠃ ᠠᠷᠠᠳ ᠠᠴᠠ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ | ᠬᠦᠴᠢᠷᠲᠡᠢ᠂ ᠪᠡᠯᠡ ᠲᠣᠬᠢᠷᠠᠭᠤᠯᠬᠤ ᠳᠤ ᠦᠨᠡᠲᠡᠢ᠂ ᠪᠡᠯᠡ ᠲᠣᠬᠢᠷᠠᠭᠤᠯᠬᠤ ᠳᠤ ᠤᠳᠠᠭᠠᠨ ᠪᠠᠶᠢᠬᠤ ᠬᠦᠴᠢᠷ | ᠠᠰᠠᠭᠤᠳᠠᠯ ᠢ ᠰᠢᠢᠳᠪᠦᠷᠢᠯᠡᠬᠦ ᠶᠢᠨ ᠲᠦᠯᠤᠬᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨ ᠪᠥᠬᠦ ᠤᠯᠤᠰ ᠤᠨ ᠳᠤᠮᠳᠠ ᠵᠢᠵᠢᠭ ᠠᠵᠤ | ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠶᠡᠷᠦᠩᠬᠡᠶᠢᠯᠡᠭᠰᠡᠨ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ | ᠥᠪᠥᠷ ᠮᠣᠩᠭᠤᠯ ᠤᠨ ᠵᠠᠩᠭᠢᠯᠠᠭ᠎ᠠ ᠶᠢᠨ ᠴᠡᠭ ᠢ ᠪᠠᠶᠢᠭᠤᠯᠵᠤ᠂ 414 ᠳ᠋ᠦᠩᠰᠢᠭᠤᠷ ᠲᠥᠭᠦᠷᠢᠭ ᠤᠨ ᠢᠲᠡᠭᠡᠮᠵᠢᠲᠦ | ᠵᠢᠭᠡᠯᠡᠯᠭᠡ ᠲᠠᠯᠪᠢᠵᠤ᠂ ᠢᠲᠡᠭᠡᠮᠵᠢ ᠰᠠᠶᠢᠳᠠᠢ ᠡᠵᠡᠩᠨᠡᠯᠲᠡ ᠶᠢᠨ ᠭᠤᠣᠯ ᠴᠣᠭᠴᠠ ᠳᠤ ᠲᠥᠬᠦᠮ ᠪᠥᠭᠡᠳ | ᠬᠠᠷᠠᠭᠠᠯᠵᠠᠯ ᠲᠠᠢ ᠪᠡᠯᠡ ᠲᠣᠬᠢᠷᠠᠭᠤᠯᠭ᠎ᠠ ᠶᠢᠨ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠬᠠᠩᠭᠠᠪᠠ᠃ ᠡᠭᠦᠨ ᠤ | ᠬᠠᠮᠲᠤ ᠪᠠᠰᠠ ᠢᠲᠡᠭᠡᠮᠵᠢᠲᠡᠢ ᠨᠡᠶᠢᠲᠡᠯᠢᠭ ᠠᠵᠤ ᠠᠬᠤᠶᠢᠯᠠᠯ ᠢ 21 ᠲᠦᠮᠡ ᠭᠠᠷᠤᠢ ᠰᠣᠩᠭᠤᠨ᠂ ᠵᠢᠱᠢᠶ᠎ᠡ | ᠦᠵᠡᠭᠦᠯᠵᠦ ᠳᠠᠶᠢᠴᠢᠯᠠᠬᠤ ᠦᠢᠯᠡᠳᠦᠯ ᠢ ᠪᠠᠳᠠᠷᠠᠭᠤᠯᠪᠠ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠬᠠᠮᠢᠶ᠎ᠠ ᠪᠦᠬᠦᠢ ᠬᠠᠷᠢᠭᠤᠴᠠᠯᠭᠠᠲᠠᠨ᠄ ︽ᠦᠨᠤ ᠵᠢᠯ ᠪᠢᠳᠡ ︿ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ﹀ ᠤᠨ ᠬᠠᠤᠯᠢ ᠲᠣᠭᠲᠠᠭᠠᠬᠤ ᠠᠵᠢᠯ ᠢ ᠪᠡᠶᠡᠯᠡᠭᠦᠯᠦᠨ᠎ᠡ᠂ ᠡᠨᠡ | ᠪᠣᠯ 3 ᠵᠢᠯ ᠤᠨ ᠲᠤᠷᠰᠢᠬᠢ ᠮᠠᠨ ᠤ ᠣᠷᠣᠨ ᠤ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠣᠷᠣᠨ ᠨᠤᠲᠤᠭ ᠤᠨ | ᠴᠢᠨᠠᠷᠲᠠᠢ ᠬᠤᠶᠠᠳᠤᠭᠠᠷ ᠬᠠᠤᠯᠢ ᠲᠣᠭᠲᠠᠭᠠᠯ ᠪᠣᠯᠣᠨ᠎ᠠ᠂ ᠪᠢᠳᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠢᠨ ᠲᠠᠢ ᠬᠠᠮᠵᠢᠯᠴᠠᠨ ᠬᠠᠤᠯᠢ ᠲᠣᠭᠲᠠᠭᠠᠬᠤ ᠲᠠᠰ ᠳᠠᠷᠠᠭᠠᠯᠠᠯ ᠢ ᠴᠢᠨᠠᠷ ᠰᠠᠶᠢᠲᠠᠢ ᠪᠡᠶᠡᠯᠡᠭᠦᠯᠦᠨ᠎ᠡ︾ ᠭᠡᠵᠤ ᠬᠡᠯᠡᠪᠡ᠃ | | 2024 ᠣᠨ ᠤ ᠥᠪᠥᠷ ᠮᠣᠩᠭᠤᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠵᠠᠰᠠᠭ ᠤᠨ | ᠣᠷᠳᠣᠨ ᠤ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ 4.0 ᠬᠡᠪ ᠤᠨ ᠲᠥᠰᠥᠯ ᠢ ᠨᠡᠶᠢᠲᠡᠯᠡᠨ ᠬᠡᠷᠡᠭᠵᠢᠭᠦᠯᠵᠦ᠂ ᠪᠥᠬᠦ ᠣᠷᠣᠨ ᠤ | ᠨᠢᠭᠡ ᠴᠣᠭᠴᠠᠵᠢᠭᠰᠠᠨ ᠲᠤᠭ᠎ᠠ ᠪᠠᠷᠢᠮᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠂ ︽ᠨᠢᠭᠡ | ᠶᠠᠪᠤᠳᠠᠯ ᠢ ᠪᠦᠳᠤᠮᠵᠢ ᠰᠠᠶᠢᠳᠠᠢ ᠪᠦᠲᠦᠭᠡᠬᠦ︾ 13 ᠦᠢᠯᠡᠴᠢᠯᠡᠭᠡᠨ ᠤ ᠢᠵᠢ ᠦᠢᠯᠡᠴᠢᠯᠡᠭᠡ ᠶᠢ ᠨᠡᠶᠢᠲᠡᠯᠡᠨ | ᠬᠡᠷᠡᠭᠵᠢᠭᠦᠯᠵᠦ᠂ ︽ᠪᠥᠬᠦ ᠣᠷᠣᠨ ᠳᠤ ᠲᠤᠭᠤᠰᠢᠳᠠᠢ ᠰᠢᠢᠳᠪᠦᠷᠢᠯᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ 150 ᠰᠢᠨ᠎ᠡ ᠪᠠᠷ ᠨᠡᠮᠡᠭᠳᠡᠬᠦᠯᠪᠡ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠪᠠ ᠣᠷᠣᠯᠠᠨ ᠭᠦᠢᠴᠡᠳᠬᠡᠬᠦ ᠦᠢᠯᠡᠴᠢᠯᠡᠭᠡᠨ ᠤ | ᠬᠦᠴᠦᠨ ᠢ ᠲᠡᠭᠦᠯᠳᠡᠷᠵᠢᠭᠦᠯᠵᠦ᠂ ᠠᠵᠢᠯ ᠶᠠᠪᠤᠳᠠᠯ ᠤᠨ ᠦᠷ᠎ᠡ ᠪᠦᠲᠦᠮᠵᠢ ᠪᠠ ᠲᠤᠰᠬᠠᠶᠢᠵᠢᠭᠰᠠᠨ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠦᠨ᠂ ᠬᠤᠳᠠᠯᠳᠤᠭᠠᠴᠢᠨ ᠢ ᠠᠮᠤᠷᠵᠢᠭᠤᠯᠵᠤ ᠬᠤᠳᠠᠯᠳᠤᠭᠠᠴᠢᠨ ᠢ ᠳᠣᠲᠣᠨᠣᠴᠢᠯᠠᠵᠤ | ᠬᠤᠳᠠᠯᠳᠤᠭᠠᠴᠢᠨ ᠢ ᠪᠠᠶᠠᠵᠢᠭᠤᠯᠬᠤ ᠶᠠᠪᠤᠳᠠᠯ ᠢ ᠤᠮᠠᠷᠠᠲᠤ ᠬᠢᠯᠢ ᠶᠢᠨ ᠡᠬᠡ ᠭᠠᠵᠠᠷ ᠲᠤ ᠠᠮᠢᠳᠤᠯᠢᠭ ᠪᠣᠳᠠᠲᠤ ᠠᠬᠤᠢ | ᠪᠣᠯᠭᠠᠨ᠎ᠠ᠃ | ︽ᠠᠶᠠᠨ ᠤ ᠵᠢᠯᠤᠭᠤ ᠪᠠᠨ ᠡᠯᠬᠦᠨ ᠨᠠᠷᠨ ᠰᠠᠷᠨ ᠲᠠᠢ ᠤᠷᠤᠯᠳᠤᠭᠠᠷᠠᠢ᠂ ᠠᠬᠯᠠᠭ ᠬᠡᠬᠡᠷ᠎ᠡ ᠶᠢᠨ ᠴᠠᠭᠠᠨ᠎ᠠ | ᠬᠠᠪᠤᠷ ᠤᠨ ᠠᠮᠢᠵᠢᠷᠠᠯ ᠪᠢᠯᠬᠠᠨᠠᠮ︾᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠢᠲᠡᠭᠡᠮᠵᠢ ᠶᠢᠨ | ᠪᠠᠶᠢᠭᠤᠯᠤᠯᠲᠠ ᠨᠢ ᠪᠦᠬᠦ ᠲᠠᠯ᠎ᠠ ᠲᠠᠢ ᠬᠤᠯᠪᠤᠬᠳᠠᠬᠤ᠂ ᠠᠯᠤᠰ ᠢᠷᠡᠭᠡᠳᠦᠢ ᠲᠠᠢ ᠬᠤᠯᠪᠤᠬᠳᠠᠬᠤ ᠠᠵᠢᠯ ᠪᠤᠯᠬᠤᠷ | ᠮᠠᠨ ᠤ ᠤᠷᠤᠨ ᠤ ᠬᠢᠨ ᠰᠢᠨ᠎ᠡ ᠭᠠᠷᠤᠭᠠᠨ ᠳᠡᠭᠡᠷ᠎ᠡ ᠥᠷᠯᠥᠭᠡ ᠦᠳᠡᠰᠢ ᠲᠠᠢ ᠤᠷᠤᠯᠳᠤᠨ ᠠᠵᠢᠯᠯᠠᠵᠤ᠂ | ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠬᠦᠯᠤᠬᠡᠳ᠂ ︽ᠥᠪᠥᠷ ᠮᠣᠩᠭᠤᠯ ᠳᠤ | ᠪᠡᠯᠡ ᠣᠷᠣᠭᠤᠯᠬᠤ︾ ᠲᠦᠷᠦᠯ ᠲᠡᠮᠳᠡᠭ ᠢ ᠰᠠᠶᠢᠲᠤᠷ ᠡᠭᠦᠳᠴᠦ᠂ ᠠᠵᠤ ᠠᠬᠤᠢ ᠶᠢᠨ ᠬᠥᠭᠵᠢᠯᠲᠡ ᠶᠢ ᠡᠷᠢᠯᠬᠢᠯᠡᠬᠦ | ᠰᠦᠷ ᠳᠠᠯᠠᠶᠢᠴᠠᠲᠠᠢ ᠬᠦᠴᠦᠨ ᠢ ᠬᠤᠷᠠᠮᠳᠤᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ | ᠰᠠᠭᠤᠷᠢ ᠶᠢ ᠨᠡᠩ ᠪᠠᠶᠠᠯᠢᠭ᠂ ᠨᠡᠩ ᠴᠢᠨᠠᠷᠵᠢᠭᠤᠨ ᠪᠤᠯᠭᠠᠰᠤᠭᠠᠢ᠃ | | | | | | |