︽ᠵᠢᠯ ᠤᠨ ᠡᠬᠢᠨ ᠤ ᠠᠩᠬᠠᠨ ᠤ ᠬᠢᠴᠢᠶᠡᠯ︾ ᠢ ᠰᠠᠶᠢᠨ ᠶᠠᠷᠢᠪᠠ — ᠠᠷᠠᠳ ᠤᠨ ᠶᠠᠪᠤᠳᠠᠯ ᠤᠨ ᠲᠢᠩᠬᠢᠮ ᠤᠨ ᠬᠢᠨ ︽ᠰᠢ ᠶᠢᠨ ᠫᠢᠡᠭ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠪᠡᠶᠡᠯᠡᠭᠦᠯᠦᠶ᠎ᠡ︾ ᠭᠡᠬᠦ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/2/22
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 2 ᠳ᠋ᠤᠭᠠᠷ ᠰᠠᠷ᠎ᠠ ᠶᠢᠨ 21 ᠤ ᠡᠳᠦᠷ ︽ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠪᠡᠶᠡᠯᠡᠭᠦᠯᠦᠶ᠎ᠡ︾ ᠭᠡᠬᠦ ᠲᠤᠰᠬᠠᠢ ᠰᠡᠳᠦᠪᠲᠦ ᠨᠣᠮ ᠤᠩᠰᠢᠬᠤ ᠠᠩᠭᠢ ᠶᠢ ᠡᠷᠭᠢᠯᠡᠪᠡ᠃ᠲᠣᠰ ᠠᠩᠭᠢ ᠶᠢᠨ ᠠᠩᠬᠠᠨ ᠤ ᠬᠢᠴᠢᠶᠡᠯ ᠳᠤ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠳᠡᠳ᠋ ᠵᠠᠬᠢᠷᠤᠯ ᠯᠢ ᠬᠤᠩ ᠫᠷᠤᠹᠧᠰᠰᠤᠷ ᠢ ᠤᠷᠢᠵᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ︾ ᠢ ᠲᠤᠰᠬᠠᠢ ᠰᠡᠳᠦᠪ ᠢᠶᠠᠷ  ᠲᠠᠶᠢᠯᠪᠤᠷᠢᠯᠠᠭᠤᠯᠪᠠ᠃ ᠯᠢ ᠬᠤᠩ  ᠫᠷᠤᠹᠧᠰᠰᠤᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾  ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ ᠪᠣᠯᠣᠨ ᠴᠢᠬᠤᠯᠠ ᠴᠢᠨᠠᠷ᠂ ᠵᠠᠰᠠᠪᠤᠷᠢ ᠣᠷᠣᠭᠤᠯᠤᠭᠰᠠᠨ ᠭᠤᠣᠯ ᠠᠭᠤᠯᠭ᠎ᠠ ᠪᠣᠯᠣᠨ ᠣᠨᠴᠠᠯᠢᠭ ᠢ ᠭᠦᠨᠵᠡᠭᠡᠢ ᠲᠠᠶᠢᠯᠪᠤᠷᠢᠯᠠᠨ᠂ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠭᠴᠢ ᠶᠢᠨ ᠰᠠᠬᠢᠯᠭ᠎ᠠ ᠪᠠᠲᠤ᠂ ᠤᠯᠠᠨ ᠲᠦᠮᠡᠨᠴᠢ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠵᠢᠷᠭᠤᠭᠠᠨ ᠶᠡᠭᠡ ᠰᠠᠬᠢᠯᠭ᠎ᠠ ᠪᠠᠲᠤ ᠶᠢᠨ ᠭᠤᠣᠯ ᠠᠭᠤᠯᠭ᠎ᠠ ᠪᠣᠯᠣᠨ ᠪᠣᠳᠠᠲᠠᠢ ᠱᠠᠭᠠᠷᠳᠠᠯᠭ᠎ᠠ ᠶᠢ ᠭᠤᠣᠯᠳᠠᠯᠭ᠎ᠠ ᠲᠠᠢ ᠲᠣᠳᠣᠷᠬᠠᠶᠢᠯᠠᠨ ᠦᠬᠦᠯᠡᠭᠰᠡᠨ ᠤ ᠬᠠᠮᠳᠤ ᠨᠡᠶᠢᠲᠡᠯᠢᠭ ᠬᠡᠷᠡᠭ ᠤᠨ ᠵᠢᠱᠢᠶ᠎ᠡ ᠪᠠ ᠨᠠᠷᠢᠨ ᠪᠣᠳᠠᠲᠠᠢ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠣᠳᠣᠬᠠᠨ ᠤ ᠨᠠᠮ ᠤᠨ ᠰᠤᠷᠲᠠᠯ ᠤᠨ ᠪᠠ ᠠᠷᠢᠭᠤᠨ ᠴᠢᠭᠴᠢ ᠪᠠᠷ ᠵᠠᠰᠠᠭ ᠪᠠᠷᠢᠬᠤ᠂ ᠢᠯᠵᠠᠷᠠᠯ ᠢ ᠡᠰᠡᠷᠭᠦᠴᠡᠬᠦ ᠠᠵᠢᠯ ᠤᠨ ᠪᠠᠶᠢᠳᠠᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠵᠠᠳᠠᠯᠤᠯ᠎ᠠ᠃
微信图片_20240222105645.jpg
      ᠲᠤᠰ ᠨᠣᠮ ᠤᠩᠰᠢᠬᠤ ᠠᠩᠭᠢ ᠪᠣᠯ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠰᠤᠷᠤᠯᠴᠠᠨ ᠤᠬᠠᠭᠤᠯᠵᠤ  ᠲᠤᠭᠤᠰᠢᠯᠠᠭᠤᠯᠬᠤ ᠠᠩᠭᠢ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠤᠨ ᠴᠢᠬᠤᠯᠠ ᠠᠷᠭ᠎ᠠ ᠶᠢ ᠴᠢᠷᠮᠠᠶᠢᠨ ᠰᠠᠶᠢᠲᠤᠷ ᠪᠡᠶᠡᠯᠡᠭᠦᠯᠬᠦ ᠶᠢᠨ ᠵᠣᠷᠢᠯᠭ᠎ᠠ ᠪᠣᠯ ᠲᠣᠰ ᠲᠤᠰᠬᠠᠢ ᠰᠡᠳᠦᠪᠲᠦ ᠨᠣᠮ ᠤᠩᠰᠢᠬᠤ ᠠᠩᠭᠢ ᠪᠠᠷ ᠳᠠᠮᠵᠢᠭᠤᠯᠤᠨ ᠲᠢᠩᠬᠢᠮ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠤᠨ ᠣᠨᠣᠯ ᠤᠨ ᠪᠣᠯᠪᠠᠰᠤᠷᠠᠯ ᠢ ᠳᠡᠭᠡᠭᠰᠢᠯᠡᠭᠦᠯᠵᠦ᠂ ᠦᠨᠡᠨ ᠬᠦ ᠠᠳᠬᠤᠵᠤ ᠪᠣᠳᠠᠲᠠᠢ ᠪᠠᠷ ᠠᠵᠢᠯᠯᠠᠬᠤ ᠴᠤᠭ ᠰᠦᠯᠳᠡ ᠪᠠᠷ ᠰᠠᠶᠢᠨ ᠡᠬᠢᠯᠡᠯᠲᠡ ᠲᠠᠢ ᠪᠣᠯᠭᠠᠵᠤ᠂ ᠠᠷᠠᠳ ᠤᠨ ᠶᠠᠪᠤᠳᠠᠯ ᠤᠨ ᠠᠵᠢᠯ ᠢ ᠨᠡᠩ ᠰᠠᠶᠢᠨ ᠲᠠᠰ ᠲᠡᠪᠰᠢᠬᠦᠯᠵᠤ᠂ ︽ᠲᠠᠪᠤᠨ ᠬᠡᠯᠪᠡᠷᠢ ᠶᠢᠨ ᠠᠷᠠᠳ ᠤᠨ ᠶᠠᠪᠤᠳᠠᠯ︾ ᠢ ᠴᠢᠷᠮᠠᠶᠢᠨ ᠪᠣᠶ ᠪᠣᠯᠭᠠᠬᠤ ᠳᠤ ᠪᠠᠲᠤ ᠰᠠᠭᠤᠷᠢ ᠶᠢ ᠲᠠᠯᠪᠢᠬᠤ ᠶᠢᠨ ᠲᠥᠯᠥᠭᠡ ᠶᠤᠮ᠃ ᠨᠤᠮ ᠤᠡᠭᠰᠢᠬᠤ ᠠᠩᠭᠢ ᠳᠤ ᠣᠷᠣᠯᠴᠠᠭᠰᠠᠨ ᠤᠷᠤᠯᠴᠠᠬᠰᠠᠳ᠄ ︽ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ︽ᠶᠢᠰᠦᠨ︾ ᠦᠢᠯᠡᠳᠦᠯᠭᠡ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠩᠭ᠎ᠠ ᠬᠦᠭ ᠠᠶᠠᠰ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠷᠠᠳ ᠤᠨ ᠶᠠᠪᠤᠳᠠᠯ ᠤᠨ ᠬᠦᠷᠢᠶ᠎ᠡ ᠴᠠᠷᠠᠭᠠᠨ ᠳᠤ ᠬᠢ ᠡᠯ᠎ᠡ ᠹᠷᠣᠨᠲ᠂ ᠡᠯ᠎ᠡ ᠭᠤᠭᠴᠤᠭ᠎ᠠ ᠶᠢᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠠᠵᠢᠯ ᠢ ᠪᠣᠳᠠᠲᠠᠢ ᠪᠦᠬᠡᠳ ᠬᠦᠨᠵᠡᠬᠡᠢ ᠠᠳᠬᠤᠵᠤ᠂ ᠠᠷᠠᠳ ᠤᠨ ᠶᠠᠪᠤᠳᠠᠯ ᠤᠨ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ  ᠢ ᠦᠷᠬᠦᠯᠵᠢᠯᠡᠨ ᠬᠦᠨᠵᠡᠬᠡᠶᠢᠷᠡᠬᠦᠯᠵᠤ᠂ ᠠᠷᠠᠳ ᠤᠨ ᠶᠠᠪᠤᠳᠠᠯ ᠤᠨ ᠬᠦᠷᠢᠶ᠎ᠡ ᠴᠠᠷᠠᠭᠠᠨ ᠳᠤ ᠬᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠰᠢᠨ᠎ᠡ ᠦᠷ᠎ᠡ ᠪᠦᠲᠦᠮᠵᠢ ᠪᠠᠷ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠬᠦ ᠬᠡᠷᠡᠭᠲᠡᠢ᠃
微信图片_20240222105657.jpg
    ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠨ ᠪᠠᠶᠢᠴᠠᠭᠠᠭᠴᠢ᠂ ᠲᠢᠩᠬᠢᠮ ᠤᠨ ᠪᠠᠶᠢᠭᠤᠯᠭ᠎ᠠ ᠶᠢᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ᠂ ᠰᠢᠭᠤᠳ ᠬᠠᠷᠢᠶ᠎ᠠ ᠨᠢᠬᠡᠴᠢ ᠶᠢᠨ ᠤᠳᠤᠷᠢᠳᠬᠤ ᠪᠠᠭ ᠤᠨ ᠪᠦᠷᠢᠯᠳᠦᠭᠦᠨ 55 ᠬᠥᠮᠥᠨ ᠪᠣᠯᠪᠠᠰᠤᠷᠠᠯ ᠳᠤ ᠣᠷᠣᠯᠴᠠᠵᠠᠢ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号