ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠬᠠᠯᠠᠭᠤᠨ ᠲᠤᠯᠠᠭᠠᠨ | ᠡᠪᠤᠯᠵᠢᠬᠦᠯᠬᠦ ᠢᠨᠵᠧᠨᠧᠷᠢᠩ︾ ᠢ ᠠᠬᠢᠭᠤᠯᠬᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ | ᠬᠢᠬᠦ ᠶᠢ ᠡᠪᠦᠯ ᠬᠠᠪᠤᠷ ᠤᠨ ᠬᠤᠭᠤᠴᠠᠭᠠᠨ ᠳᠤ ᠬᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠠᠷᠠᠳ ᠤᠨ | ᠶᠠᠪᠤᠳᠠᠯ ᠤᠨ ᠬᠢᠨ ᠤ ᠬᠠᠯᠠᠮᠵᠢᠯᠠᠬᠤ ᠠᠵᠢᠯ ᠢ ᠴᠢᠷᠮᠠᠶᠢᠨ ᠬᠢᠵᠤ᠂ ︽ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ᠂ ᠠᠷᠠᠳ ᠤᠨ ᠵᠣᠪᠠᠨᠢᠯ ᠢ ᠰᠢᠢᠳᠪᠦᠷᠢᠯᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ | ᠬᠦᠴᠢᠷᠳᠡᠯᠲᠡᠢ ᠣᠯᠠᠨ ᠲᠦᠮᠡᠨ ᠢ ᠬᠠᠯᠠᠮᠵᠢᠯᠠᠨ ᠲᠡᠳᠬᠦᠬᠦ ᠨᠠᠢᠮᠠᠨ ᠠᠵᠢᠯᠯᠠᠭ᠎ᠠ᠂ ᠴᠠᠭᠠᠨ ᠰᠠᠷ᠎ᠠ ᠶᠢᠨ ᠬᠤᠭᠤᠴᠠᠭᠠᠨ | ᠳᠤ ᠬᠢ ︽ᠬᠠᠯᠠᠮᠵᠢ ᠬᠦᠷᠭᠡᠬᠦ︾ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠬᠤᠶᠠᠷ ᠪᠠᠶᠠᠷ︾ ᠤᠨ | ᠬᠤᠭᠤᠴᠠᠭᠠᠨ ᠳᠤ ᠬᠢ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠣᠯᠠᠨ ᠠᠷᠭ᠎ᠠ ᠪᠠᠷ ᠪᠠᠳᠤᠯᠠᠯ᠎ᠠ | ᠃ ᠨᠢᠭᠡ ᠳᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ 2024 ᠣᠨ ᠤ ᠬᠦᠴᠢᠷᠳᠡᠯᠲᠡᠢ ᠣᠯᠠᠨ ᠲᠦᠮᠡᠨ | ᠤ ᠲᠤᠰᠠᠯᠠᠮᠵᠢ ᠶᠢᠨ ᠨᠥᠬᠦᠪᠦᠷᠢ ᠵᠡᠷᠭᠡ ᠡᠯ᠎ᠡ ᠲᠥᠷᠥᠯ ᠤᠨ ᠪᠡᠯᠡ ᠮᠥᠩᠭᠦ ᠶᠢ 56.8 ᠳ᠋ᠦᠩᠰᠢᠭᠤᠷ ᠲᠥᠭᠦᠷᠢᠭ | ᠤᠷᠢᠳᠴᠢᠯᠠᠨ ᠪᠠᠭᠤᠯᠭᠠᠵᠤ᠂ 2024 ᠣᠨ ᠤ 1᠂ 2 ᠳ᠋ᠤᠭᠠᠷ ᠰᠠᠷ᠎ᠠ ᠳᠤ ᠬᠤᠲᠠ ᠬᠥᠳᠡᠭᠡ ᠶᠢᠨ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ᠂ ᠣᠨᠴᠠ ᠬᠦᠴᠢᠷᠳᠡᠯᠲᠡᠢ ᠬᠥᠮᠥᠰ ᠢ ᠲᠤᠰᠠᠯᠠᠵᠤ ᠲᠡᠵᠢᠭᠡᠬᠦ | ᠮᠥᠩᠭᠦ ᠶᠢ ᠴᠠᠭᠠᠨ ᠰᠠᠷ᠎ᠠ ᠠᠴᠠ ᠡᠮᠦᠨ᠎ᠡ ᠪᠦᠬᠦᠨ ᠢ ᠺᠠᠷᠲ ᠲᠤ ᠨᠢ ᠤᠷᠤᠭᠤᠯᠵᠤ᠂ ᠬᠤᠲᠠ ᠬᠥᠳᠡᠭᠡ ᠶᠢᠨ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠲᠠᠷᠬᠠᠭᠠᠵᠤ᠂ ᠣᠨᠴᠠ ᠬᠦᠴᠢᠷᠳᠡᠯᠲᠡᠢ ᠬᠦᠮᠦᠰ ᠤᠨ ᠲᠤᠰᠠᠯᠠᠮᠵᠢ ᠶᠢᠨ | ᠮᠥᠩᠭᠦ ᠪᠠᠷᠤᠭ 15.7 ᠳ᠋ᠦᠩᠰᠢᠭᠤᠷ ᠲᠥᠭᠦᠷᠢᠭ ᠲᠤ ᠬᠦᠷᠴᠡᠢ᠃ ᠴᠠᠭᠠᠨ ᠰᠠᠷ᠎ᠠ ᠶᠢᠨ ᠬᠤᠭᠤᠴᠠᠭᠠᠨ ᠳᠤ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠣᠯᠠᠨ ᠲᠦᠮᠡᠨ ᠳᠤ ᠨᠢᠬᠡ ᠯᠨ ᠲᠡᠬᠡᠷ᠎ᠡ | ᠦᠭᠭᠦ ᠠᠮᠢᠳᠤᠷᠠᠯ ᠤᠨ ᠨᠥᠬᠦᠪᠦᠷᠢ 5726.8 ᠲᠦᠮᠡᠨ ᠲᠥᠭᠦᠷᠢᠭ ᠣᠯᠭᠤᠵᠤ᠂ 104.7 ᠲᠦᠮᠡᠨ | ᠬᠦᠴᠢᠷᠳᠡᠯᠲᠡᠢ ᠣᠯᠠᠨ ᠲᠦᠮᠡᠨ ᠳᠤ ᠬᠥᠮᠥᠨ ᠠᠰᠢᠭ ᠬᠦᠷᠲᠡᠭᠡᠵᠦ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ | ᠬᠦᠴᠢᠷᠳᠡᠯᠲᠡᠢ ᠣᠯᠠᠨ ᠲᠦᠮᠡᠨ ᠳᠤ ᠦᠨᠡᠨ ᠬᠦ ᠬᠦᠷᠬᠡᠪᠡ᠃ ᠬᠤᠶᠠᠷ ᠲᠤ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ | ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠠᠶᠢᠮᠠᠭ ᠬᠤᠲᠠ ᠶᠢᠨ ᠬᠢᠨ ︽ᠲᠣᠮᠣ ᠳ᠋ᠠᠶᠢᠲ᠋ᠠ + | ᠭᠠᠨᠭ᠌ ᠲᠦᠷᠤᠬᠡ︾ ᠳᠤ ᠲᠦᠰᠢᠭᠯᠡᠨ᠂ 9.1 ᠲᠦᠮᠡᠨ ᠭᠤᠣᠯᠳᠠᠯᠭ᠎ᠠ ᠲᠠᠢ ᠬᠦᠮᠦᠰ ᠢ ᠨᠢᠭᠡᠳ ᠨᠢᠭᠡ ᠪᠠᠷ ᠭᠡᠷ ᠲᠤ | ᠨᠢ ᠬᠦᠷᠴᠦ ᠰᠤᠷᠪᠤᠯᠵᠢᠯᠠᠨ ᠪᠠᠶᠢᠴᠠᠭᠠᠵᠤ᠂ ᠴᠠᠭ ᠲᠤᠬᠠᠢ ᠳᠤ ᠨᠢ ᠢᠯᠡᠷᠡᠬᠦᠯᠤᠬᠡᠳ ᠴᠠᠭ ᠲᠤᠬᠠᠢ ᠳᠤ ᠨᠢ | ᠲᠤᠰᠠᠯᠠᠪᠠ᠃ | ᠦᠨᠤ ᠵᠢᠯ 2.6 ᠲᠦᠮᠡᠨ ᠶᠠᠳᠠᠭᠤ ᠬᠦᠴᠢᠷᠳᠡᠯᠲᠡᠢ ᠤᠯᠠᠨ ᠲᠦᠮᠡᠨ ᠢ ᠨᠠᠭᠠᠲᠤ ᠵᠠᠬ᠎ᠠ ᠶᠢᠨ ᠠᠮᠢᠳᠤᠷᠠᠯ ᠤᠨ | ᠪᠠᠳᠤᠯᠠᠭ᠎ᠠ᠂ ᠣᠨᠴᠠ ᠶᠠᠳᠠᠭᠤ ᠬᠦᠴᠢᠷᠳᠡᠯᠲᠡᠢ ᠬᠥᠮᠥᠰ ᠤᠨ ᠪᠠᠳᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ | ᠭᠡᠨᠡᠳᠲᠡ ᠶᠢᠨ᠂ ᠲᠤᠯᠭᠠᠮ᠂ ᠲᠦᠷ ᠴᠠᠭ ᠤᠨ ᠠᠮᠢᠳᠤᠷᠠᠯ ᠤᠨ ᠬᠦᠴᠢᠷᠳᠡᠯ ᠳᠤ ᠲᠤᠯᠭᠠᠷᠠᠭᠰᠠᠨ 3.4 ᠲᠦᠮᠡᠨ | ᠬᠦᠮᠦᠨ ᠳᠤ ᠲᠦᠷ ᠴᠠᠭ ᠤᠨ ᠲᠤᠰᠠᠯᠠᠮᠵᠢ ᠦᠵᠡᠭᠦᠯᠪᠡ᠃ ᠭᠤᠷᠪᠠ ᠳᠤ᠂ ᠴᠠᠰᠤ ᠮᠦᠰᠤ᠂ ᠬᠠᠬᠢᠷ ᠬᠦᠢᠲᠡᠨ ᠴᠠᠭ | ᠠᠭᠠᠷ ᠢᠳᠡᠪᠬᠢᠳᠡᠢ ᠢ ᠠᠷᠭᠠᠴᠠᠭᠠᠵᠤ᠂ ᠤᠯᠠᠨᠳᠠ ᠬᠡᠷ ᠲᠤ ᠨᠢ ᠬᠦᠷᠴᠦ ᠪᠠᠶᠢᠴᠠᠭᠠᠨ᠂ ᠡᠯ᠎ᠡ ᠠᠶᠢᠮᠠᠭ ᠬᠤᠳᠠ ᠶᠢᠨ | ᠬᠢᠨ ᠨᠡᠶᠢᠲᠡ 4127.6 ᠲᠦᠮᠡᠨ ᠲᠥᠭᠦᠷᠢᠭ ᠤᠨ ᠳᠤᠯᠠᠭᠠᠯᠠᠭ᠎ᠠ ᠶᠢᠨ ᠪᠠᠳᠤᠯᠠᠭ᠎ᠠ ᠶᠢᠨ ᠪᠡᠯᠡ ᠮᠥᠩᠭᠦ | ᠵᠠᠷᠤᠴᠠᠭᠤᠯᠵᠤ᠂ 8 ᠲᠦᠮᠡ ᠭᠠᠷᠤᠢ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠠᠰᠢᠭ ᠬᠦᠷᠲᠡᠭᠡᠵᠦ᠂ ᠶᠠᠳᠠᠭᠤ | ᠬᠦᠴᠢᠷᠳᠡᠯᠲᠡᠢ ᠤᠯᠠᠨ ᠲᠦᠮᠡᠨ ᠤ ᠵᠢᠯ ᠴᠠᠭᠠᠨ ᠰᠠᠷ᠎ᠠ ᠪᠠᠨ ᠪᠠᠶᠠᠷ ᠬᠦᠷ ᠲᠠᠢ ᠦᠡᠭᠭᠡᠷᠡᠬᠦᠯᠵᠤ᠂ ᠬᠠᠯᠠᠭᠤᠨ | ᠳᠤᠯᠠᠭᠠᠨ ᠢᠶᠠᠷ ᠡᠪᠦᠯᠵᠢᠬᠦ ᠶᠢ ᠪᠠᠲᠤᠯᠠᠵᠠᠢ᠃ | | | | | |