ᠴᠦᠷᠬᠦᠯᠡᠭᠡ ᠰᠤᠨᠢᠨ ᠮᠡᠳᠡᠭᠡ
ᠨᠡᠶᠢᠲᠡᠯᠡᠭᠰᠡᠨ ᠴᠠᠭ᠄
2024/2/22
      ᠨᠡᠶᠢᠭᠡᠮ ᠤᠨ ᠲᠤᠰᠠᠯᠠᠮᠵᠢ ᠶᠢᠨ ᠲᠤᠬᠠᠢ    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠴᠠᠭᠠᠨ ᠰᠠᠷ᠎ᠠ ᠶᠢᠨ ᠬᠤᠭᠤᠴᠠᠭᠠᠨ ᠳᠤ ︽ᠬᠦᠴᠢᠷᠳᠡᠯᠲᠡᠢ ᠣᠯᠠᠨ ᠲᠦᠮᠡᠨ ᠤ ᠠᠷᠠᠳ ᠲᠤ ᠠᠰᠢᠭ ᠬᠦᠷᠲᠡᠭᠡᠬᠦ ᠪᠠᠲᠤᠯᠠᠭ᠎ᠠ︾ ︽ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ᠂ ᠲᠡᠷᠳᠡᠬᠡᠬᠢ ᠨᠢ ᠲᠤᠰᠠᠯᠠᠬᠤ︾᠂ ︽ᠪᠠᠴᠢᠮ ᠪᠠᠶᠢᠳᠠᠯ ᠲᠠᠢ ᠦᠶ᠎ᠡ ᠳᠤ  ᠨᠢ ᠲᠤᠰᠠᠯᠠᠨ᠂ ᠬᠦᠴᠢᠷᠳᠡᠯ ᠲᠠᠢ ᠦᠶ᠎ᠡ ᠳᠤ ᠨᠢ ᠬᠠᠪᠰᠤᠷᠴᠤ᠂ ᠠᠷᠠᠳ ᠤᠨ ᠬᠦᠴᠢᠷᠳᠡᠯ ᠢ ᠰᠢᠢᠳᠪᠤᠷᠢᠯᠡᠬᠦ︾ ︽ᠰᠤᠷᠪᠤᠯᠵᠢᠯᠠᠨ ᠲᠣᠬᠤᠨᠢᠭᠤᠯᠵᠤ ᠦᠨᠡᠨ ᠪᠠᠶᠢᠳᠠᠯ ᠢ ᠳᠠᠮᠵᠢᠭᠤᠯᠬᠤ︾ ᠳᠥᠷᠪᠡᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ 2024 ᠣᠨ ᠤ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠨᠥᠬᠦᠪᠦᠷᠢ ᠶᠢᠨ ᠪᠡᠯᠡ ᠮᠥᠩᠭᠦ ᠶᠢ 56.82 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠵᠤ᠂ 9.1 ᠲᠦᠮᠡᠨ ᠬᠦᠴᠢᠷᠳᠡᠯᠲᠡᠢ ᠣᠯᠠᠨ ᠲᠦᠮᠡᠨ ᠢ ᠣᠶᠢᠯᠠᠭᠠᠨ ᠵᠢᠭᠰᠠᠭᠠᠵᠤ᠂ 1.1 ᠲᠦᠮᠡᠨ ᠬᠥᠮᠥᠨ  ᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠴᠠᠭ ᠲᠤᠬᠠᠢ ᠳᠤ ᠨᠢ ᠤᠷᠤᠭᠤᠯᠤᠬᠰᠠᠨ ᠪᠠᠶᠢᠨ᠎ᠠ᠃    ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ︽︿ᠬᠠᠯᠠᠭᠤᠨ ᠳᠤᠯᠠᠭᠠᠨ ᠡᠪᠤᠯᠵᠢᠬᠦᠯᠬᠦ ᠢᠨᠵᠧᠨᠧᠷᠢᠩ﹀ ᠢ ᠬᠡᠷᠡᠭᠵᠢᠭᠦᠯᠬᠦ ᠲᠤᠬᠠᠢ ᠠᠵᠢᠯ ᠤᠨ ᠰᠡᠳᠬᠢᠴᠡ ᠠᠷᠭ᠎ᠠ︾ ᠶᠢ ᠲᠣᠭᠲᠠᠭᠠᠵᠤ᠂ ᠣᠨᠴᠠᠭᠠᠶ ᠬᠦᠴᠢᠷᠳᠡᠯᠲᠡᠢ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ᠂ ᠬᠦᠴᠢᠷᠳᠡᠯᠲᠡᠢ ᠬᠦᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠠᠬᠢᠭᠤᠯᠬᠤ᠂ ᠨᠡᠶᠢᠭᠡᠮ ᠤᠨ ᠦᠨᠳᠦᠰᠦᠨ ᠦᠢᠯᠡᠴᠢᠯᠡᠭᠡᠨ ᠤ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠵᠡᠷᠭᠡ ᠭᠤᠷᠪᠠᠨ ᠲᠠᠯ᠎ᠠ ᠠᠴᠠ ᠬᠦᠴᠢᠷᠳᠡᠯᠲᠡᠢ ᠣᠯᠠᠨ ᠲᠦᠮᠡᠨ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠶ ᠬᠦᠴᠢᠷᠳᠡᠯᠲᠡᠢ ᠬᠦᠮᠦᠰ ᠢ ᠬᠠᠯᠠᠭᠤᠨ ᠳᠤᠯᠠᠭᠠᠨ ᠡᠪᠤᠯᠵᠢᠬᠦᠯᠬᠦ 10 ᠠᠷᠭ᠎ᠠ ᠶᠢ ᠲᠤᠬᠳᠠᠭᠠᠪᠠ᠃     ᠨᠡᠶᠢᠭᠡᠮ ᠤᠨ ᠶᠠᠪᠤᠳᠠᠯ ᠤᠨ ᠲᠤᠬᠠᠢ    ᠦᠬᠠᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠴᠠᠭᠠᠨ ᠰᠠᠷ᠎ᠠ ᠶᠢᠨ ᠲᠠᠬᠢᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠠᠶᠢᠷᠢᠯᠠᠭᠤᠯᠬᠤ ᠳᠤ ᠪᠠᠨ ᠦᠢᠯᠡᠴᠢᠯᠡᠭᠡᠨ ᠤ ᠠᠷᠭ᠎ᠠ ᠶᠢ ᠴᠢᠩᠭᠠᠷᠠᠭᠤᠯᠤᠨ᠂ ᠵᠠᠩ ᠳᠠᠳᠬᠠᠯ ᠢ ᠥᠭᠡᠷᠡᠴᠢᠯᠡᠬᠦ᠂ ᠪᠣᠯᠪᠠᠰᠤᠨ ᠢᠶᠠᠷ ᠲᠠᠬᠢᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠠᠷ ᠪᠣᠶ ᠪᠣᠯᠭᠠᠪᠠ᠃ ᠴᠠᠭᠠᠨ ᠰᠠᠷ᠎ᠠ ᠶᠢᠨ ᠬᠤᠭᠤᠴᠠᠭᠠᠨ ᠳᠤ ᠪᠥᠬᠦ ᠬᠤᠲᠠ ᠪᠠᠷ ᠢᠶᠠᠨ ᠣᠯᠠᠨ ᠲᠦᠮᠡᠨ ᠢ 6 ᠤᠳᠠᠭ᠎ᠠ᠂ ᠮᠠᠰᠢᠨ ᠲᠡᠷᠭᠡ ᠶᠢ 2.8 ᠲᠦᠮᠡᠨ ᠤᠳᠠᠭ᠎ᠠ ᠭᠥᠯᠢᠶᠡᠨ ᠠᠪᠴᠤ᠂ ᠴᠠᠭᠠᠨ ᠰᠠᠷ᠎ᠠ ᠶᠢᠨ ᠲᠠᠶᠢᠯᠭ᠎ᠠ ᠲᠠᠬᠢᠯᠭ᠎ᠠ ᠶᠢᠨ ᠲᠦᠷ ᠴᠠᠭ ᠤᠨ ᠲᠤᠰᠬᠠᠢ ᠱᠤᠭᠤᠮ ᠢ ᠨᠠᠪᠲᠠᠷᠡᠭᠦᠯᠵᠦ᠂ ᠣᠯᠠᠨ ᠲᠦᠮᠡᠨ ᠤ ᠲᠠᠬᠢᠯᠭ᠎ᠠ ᠶᠢᠨ ᠠᠮᠤᠷ ᠲᠦᠪᠰᠢᠨ ᠪᠣᠯᠪᠠᠰᠤᠨ ᠡᠮᠬᠢ ᠵᠢᠷᠤᠮ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠣᠯᠠᠨ ᠲᠦᠮᠡᠨ ᠤ ᠴᠠᠭᠠᠨ ᠰᠠᠷ᠎ᠠ ᠶᠢᠨ ᠲᠠᠬᠢᠯᠭ᠎ᠠ ᠶᠢᠨ ᠬᠡᠷᠡᠭᠴᠡᠭᠡ ᠶᠢ ᠪᠦᠳᠤᠮᠵᠢᠳᠠᠢ ᠬᠠᠨᠭ᠍ᠭᠠᠯ᠎ᠠ᠃   ᠬᠡᠦᠬᠡᠳ ᠤᠨ ᠠᠰᠠᠷᠠᠮᠵᠢ ᠶᠢᠨ ᠲᠤᠬᠠᠢ     ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠭᠡᠷ  ᠲᠤ ᠪᠠᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠢ ᠵᠠᠯᠭᠠᠨ ᠠᠪᠤᠭᠰᠠᠨ ᠠᠴᠠ ᠨᠠᠭᠠᠰᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠳᠡᠮᠵᠢᠨ, ᠬᠠᠯᠠᠮᠵᠢᠯᠠᠬᠤ ᠦᠢᠯᠡᠴᠢᠯᠡᠭᠡᠨ ᠤ ᠡᠬᠢ ᠪᠠᠶᠠᠯᠢᠭ ᠢ ᠬᠤᠯᠪᠣᠵᠤ᠂ ᠬᠠᠨᠳᠤᠯᠭᠠᠲᠤ ᠴᠢᠨᠠᠷᠲᠠᠢ ᠪᠠᠷ ᠨᠠᠷᠢᠯᠢᠭᠵᠢᠭᠤᠯᠤᠭᠰᠠᠨ᠂ ᠨᠠᠷᠢᠯᠢᠭ ᠣᠨᠣᠴᠠᠲᠠᠢ᠂ ᠲᠤᠰᠬᠠᠶᠢᠵᠢᠭᠰᠠᠨ ᠬᠠᠯᠠᠮᠵᠢᠯᠠᠨ ᠲᠡᠳᠬᠦᠬᠦ ᠠᠵᠢᠯ ᠢ ᠡᠷᠴᠢᠮᠳᠠᠢ ᠦᠷᠨᠢᠬᠦᠯᠪᠡ᠃ 2023 ᠣᠨ ᠳᠤ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠬᠤ ᠠᠵᠢᠯᠯᠠᠭ᠎ᠠ ᠶᠢ 58 ᠤᠳᠠᠭ᠎ᠠ ᠥᠷᠨᠢᠭᠦᠯᠵᠦ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠰᠡᠳᠬᠢᠴᠡ ᠶᠢᠨ ᠵᠦᠢ ᠶᠢᠨ ᠲᠤᠰᠬᠠᠢ ᠮᠡᠷᠭᠡᠵᠢᠯᠲᠡᠨ ᠢ ᠤᠷᠢᠵᠤ ᠰᠡᠳᠬᠢᠴᠡ ᠶᠢᠨ ᠬᠠᠯᠠᠮᠵᠢᠯᠠᠬᠤ ᠠᠵᠢᠯᠯᠠᠭ᠎ᠠ ᠶᠢ 37 ᠤᠳᠠᠭ᠎ᠠ ᠦᠷᠨᠢᠬᠦᠯᠤᠬᠡᠳ ᠵᠠᠷᠤᠴᠠᠭᠤᠯᠤᠬᠰᠠᠨ ᠨᠡᠶᠢᠭᠡᠮ ᠤᠨ ᠨᠢᠭᠦᠯᠡᠰᠦᠩᠭᠦᠢ ᠶᠢᠨ ᠡᠬᠢ ᠪᠠᠶᠠᠯᠢᠭ ︵ᠪᠡᠯᠡ ᠮᠥᠩᠭᠦ᠂ ᠡᠳ᠋ ᠪᠣᠳᠠᠰ ᠪᠠᠭᠲᠠᠨ᠎ᠠ︶ ᠢ ᠠᠷᠠᠳ ᠶᠢ ᠵᠤᠭᠤᠰ ᠢᠶᠠᠷ ᠨᠤᠭᠤᠯᠤᠨ ᠪᠤᠳᠤᠪᠠᠯ 18 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ᠃    ᠨᠢᠭᠦᠯᠡᠰᠦᠩᠭᠦᠢ ᠦᠢᠯᠡᠰ ᠤᠨ ᠲᠤᠬᠠᠢ    ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 2 ᠳ᠋ᠤᠭᠠᠷ ᠰᠠᠷ᠎ᠠ ᠶᠢᠨ 20 ᠤ ᠡᠳᠦᠷ ︽ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ 2023 ᠣᠨ ᠤ ᠮᠡᠳᠡᠭᠦᠯᠦᠯᠲᠡ ᠶᠢᠨ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠠᠶᠢᠮᠠᠭ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠲᠣᠬᠢᠷᠠᠭᠤᠯᠵᠤ᠂ ᠲᠣᠰ ᠭᠠᠵᠠᠷ ᠣᠷᠣᠨ ᠤ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠣᠨ ᠤ ᠮᠡᠳᠡᠭᠦᠯᠦᠯᠲᠡ ᠶᠢ ᠲᠡᠪᠰᠢᠬᠦᠯᠬᠦ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠱᠠᠯᠠᠪᠳᠠᠭᠤᠯᠵᠤ᠂ ᠡᠯ᠎ᠡ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠬᠢᠨ ᠢ ᠣᠨ ᠤ ᠮᠡᠳᠡᠭᠦᠯᠦᠯᠲᠡ ᠶᠢᠨ ᠪᠠᠶᠢᠳᠠᠯ ᠢ ᠪᠦᠷᠢᠳᠬᠡᠬᠦ᠂ ᠬᠢᠨᠠᠨ ᠬᠠᠷᠭᠤᠭᠤᠯᠬᠤ ᠪᠠ ᠮᠡᠳᠡᠭᠡ ᠵᠠᠩᠭᠢ ᠶᠢ  ᠢᠯᠡᠵᠢᠬᠦᠯᠬᠦ ᠵᠡᠷᠭᠡ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃              
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号