︽ᠠᠷᠠᠳ ᠲᠤ ᠠᠰᠢᠭ ᠬᠦᠷᠲᠡᠭᠡᠵᠦ᠂ ᠠᠷᠠᠳ ᠤᠨ ᠵᠤᠪᠠᠨᠢᠯ ᠢ ᠠᠷᠢᠯᠭᠠᠨ᠂ ᠠᠷᠠᠳ ᠤᠨ ᠰᠡᠳᠬᠢᠯ ᠢ ᠲᠤᠯᠠᠭᠠᠴᠠᠭᠤᠯᠤᠶ᠎ᠠ︾ — ︽ᠨᠢᠭᠦᠯᠡᠰᠦᠩᠭᠦᠢ ᠶᠢᠨ ᠦᠢᠯᠡᠰ + ᠲᠤᠰᠠᠯᠠᠮᠵᠢ + ᠬᠠᠯᠠᠭᠤᠨ ᠲᠤᠯᠠᠭᠠᠨ ᠡᠪᠤᠯᠵᠢᠬᠦᠯᠬᠦ︾ ᠠᠵᠢᠯᠯᠠᠭ᠎ᠠ᠄ ᠤᠯᠠᠭᠠᠨᠬᠠᠳᠠ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ  ᠬᠢᠨ ᠨᠡᠶᠢᠭᠡᠮ ᠤᠨ ᠨᠢᠭᠦᠯᠡᠰᠦᠩᠭᠦᠢ ᠶᠢᠨ ᠬᠦᠴᠦᠨ ᠤ ᠬᠢᠨ ᠲᠠᠢ ᠬᠠᠮᠲᠤᠷᠠᠨ ᠴᠠᠭᠠᠨ ᠰᠠᠷ᠎ᠠ ᠠᠴᠠ ᠡᠮᠦᠨ᠎ᠡ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠬᠤ ᠠᠵᠢᠯᠯᠠᠭ᠎ᠠ ᠶᠢ ᠬᠠᠮᠳᠤ ᠪᠠᠷ ᠦᠷᠨᠢᠬᠦᠯᠪᠡ
ᠨᠡᠶᠢᠲᠡᠯᠡᠭᠰᠡᠨ ᠴᠠᠭ᠄
2024/2/22
    ᠤᠯᠠᠭᠠᠨᠬᠠᠳᠠ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ ᠶᠠᠳᠠᠭᠤ ᠬᠦᠴᠢᠷᠳᠡᠯᠲᠡᠢ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢ ᠶᠢ ᠬᠦᠷᠬᠡᠵᠤ᠂ ᠨᠢᠭᠦᠯᠡᠰᠦᠩᠭᠦᠢ ᠶᠢᠨ ᠠᠵᠤ ᠠᠬᠤᠶᠢᠯᠠᠯ ᠤᠨ ᠬᠢᠨ ᠬᠠᠶᠢᠷ᠎ᠠ ᠬᠠᠨᠳᠢᠪ ᠢᠶᠠᠨ ᠡᠷᠬᠦᠬᠦ ᠳᠤ ᠲᠤᠰᠠᠯᠠᠬᠤ ᠶᠢᠨ ᠲᠥᠯᠥᠭᠡ 1 ᠳ᠋ᠤᠬᠡᠷ ᠰᠠᠷ᠎ᠠ ᠶᠢᠨ 29 ᠤ ᠡᠳᠦᠷ ︽ᠨᠡᠶᠢᠭᠡᠮ ᠤᠨ ᠬᠢᠨ ᠬᠤᠯᠪᠤᠭᠠᠯᠠᠨ ᠬᠦᠳᠡᠯᠤᠯᠴᠡᠵᠤ᠂ ᠬᠠᠯᠠᠭᠤᠮᠰᠤᠭ ᠢᠶᠠᠷ ᠲᠤᠰᠠᠯᠠᠬᠤ︾ ᠪᠠᠷ ᠭᠤᠣᠯ ᠰᠡᠳᠦᠪ ᠪᠣᠯᠭᠠᠭᠰᠠᠨ᠂ ᠵᠠᠰᠠᠭ᠂ ᠠᠵᠤ ᠠᠬᠤᠶᠢᠯᠠᠯ ᠤᠨ ᠬᠢᠨ ᠬᠤᠯᠪᠤᠭᠠᠯᠠᠵᠤ᠂ ᠴᠠᠭᠠᠨ ᠰᠠᠷ᠎ᠠ ᠪᠤᠯᠬᠤ ᠠᠴᠠ ᠡᠮᠦᠨ᠎ᠡ ᠶᠠᠳᠠᠭᠤ ᠬᠦᠴᠢᠷᠳᠡᠯᠲᠡᠢ ᠣᠯᠠᠨ ᠲᠦᠮᠡᠨ ᠢ ᠬᠠᠯᠠᠮᠵᠢᠯᠠᠨ ᠲᠤᠬᠤᠨᠢᠭᠤᠯᠬᠤ ᠠᠵᠢᠯᠯᠠᠭ᠎ᠠ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠳᠤ ᠡᠬᠢᠯᠡᠪᠡ᠃ ᠤᠯᠠᠭᠠᠨᠬᠠᠳᠠ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠤᠯᠠᠭᠠᠨᠬᠠᠳᠠ ᠬᠤᠳᠠ ᠶᠢᠨ ᠨᠢᠭᠦᠯᠡᠰᠦᠩᠭᠦᠢ ᠶᠢᠨ ᠦᠢᠯᠡᠰ ᠤᠨ ᠶᠡᠷᠦᠩᠬᠡᠢ ᠡᠪᠯᠡᠯ ᠨᠢ ᠨᠢᠭᠦᠯᠡᠰᠦᠩᠭᠦᠢ ᠶᠢᠨ ᠠᠵᠤ ᠠᠬᠤᠶᠢᠯᠠᠯ ᠤᠨ ᠬᠢᠨ ᠲᠠᠢ ᠬᠠᠮᠲᠤᠷᠠᠵᠤ᠂ ᠴᠠᠭᠠᠨ ᠰᠠᠷ᠎ᠠ ᠠᠴᠠ ᠡᠮᠦᠨ᠎ᠡ ᠬᠦᠴᠢᠷᠳᠡᠯᠲᠡᠢ ᠤᠯᠠᠨ ᠲᠦᠮᠡᠨ ᠢ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠶᠢ ᠡᠷᠴᠢᠮᠳᠠᠢ ᠥᠷᠨᠢᠭᠦᠯᠪᠡ᠃ 
 微信图片_20240222110133.jpg
   ︽ᠨᠡᠶᠢᠭᠡᠮ ᠢᠶᠠᠷ ᠢᠶᠠᠨ ᠬᠤᠯᠪᠤᠭᠠᠯᠠᠨ ᠬᠥᠳᠡᠯᠦᠯᠴᠡᠵᠦ ᠬᠠᠯᠠᠭᠤᠨ ᠳᠤᠯᠠᠭᠠᠨ ᠢᠶᠠᠷ ᠠᠪᠤᠷᠠᠨ ᠲᠤᠰᠠᠯᠠᠬᠤ︾ᠠᠵᠤ ᠠᠬᠤᠶᠢᠯᠠᠯ ᠪᠣᠯᠣᠨ ᠬᠦᠴᠢᠷᠳᠡᠯᠲᠡᠢ ᠤᠯᠠᠨ ᠲᠦᠮᠡᠨ ᠰᠡᠳᠬᠢᠯ ᠵᠢᠷᠦᠬᠡ ᠪᠠᠨ ᠬᠤᠯᠪᠣᠵᠤ ᠪᠡᠯᠡᠭᠯᠡᠨ ᠬᠦᠷᠭᠡᠬᠦ ᠶᠣᠰᠣᠯᠠᠯ
  微信图片_20240222110145.jpg    ᠤᠯᠠᠭᠠᠨᠬᠠᠳᠠ ᠬᠤᠲᠠ ᠶᠢᠨ ᠨᠢᠭᠦᠯᠡᠰᠦᠩᠭᠦᠢ ᠶᠢᠨ ᠦᠢᠯᠡᠰ ᠤᠨ ᠶᠡᠷᠦᠩᠬᠡᠢ ᠡᠪᠯᠡᠯ ᠤᠨ ᠨᠠᠷᠢᠨ ᠪᠢᠴᠢᠭ ᠤᠨ
ᠳᠠᠷᠤᠭ᠎ᠠ ᠬᠠᠨᠳᠢᠪᠯᠡᠨ ᠬᠦᠷᠭᠡᠭᠰᠡᠨ ᠠᠵᠤ ᠠᠬᠤᠶᠢᠯᠠᠯ ᠳᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠵᠤ ᠪᠠᠶᠢᠭ᠎ᠠ ᠨᠢ    ᠲᠣᠰ ᠤᠳᠠᠭᠠᠨ ᠤ ︽ᠨᠡᠶᠢᠭᠡᠮ ᠨᠡᠶᠢᠲᠡ ᠪᠠᠷ ᠢᠶᠠᠨ ᠬᠤᠯᠪᠤᠭᠠᠯᠠᠨ ᠬᠦᠳᠡᠯᠤᠯᠴᠡᠵᠤ ᠬᠠᠯᠠᠭᠤᠮᠰᠤᠭ ᠢᠶᠠᠷ ᠲᠤᠰᠠᠯᠠᠬᠤ︾ ᠠᠵᠢᠯᠯᠠᠭ᠎ᠠ ᠳᠤ ᠨᠢᠭᠦᠯᠡᠰᠦᠩᠭᠦᠢ ᠶᠢᠨ ᠠᠵᠤ ᠠᠬᠤᠶᠢᠯᠠᠯ ᠤᠨ ᠬᠢᠨ ᠤ ᠬᠠᠨᠳᠢᠪᠯᠡᠭ᠌ᠰᠠᠨ ᠠᠮᠤ᠂ ᠲᠣᠰᠣ ᠵᠡᠷᠭᠡ 4.8 ᠲᠦᠮᠡᠨ ᠲᠥᠭᠦᠷᠢᠭ ᠤᠨ ᠬᠠᠶᠢᠷ᠎ᠠ ᠬᠠᠯᠠᠮᠵᠢ ᠶᠢᠨ ᠡᠳ᠋ ᠪᠣᠳᠠᠰ ᠢ ᠴᠤᠭᠯᠠᠭᠤᠯᠵᠤ᠂ ᠨᠡᠶᠢᠲᠡ 54 ᠬᠦᠴᠢᠷᠳᠡᠯᠲᠡᠢ ᠭᠡᠷ ᠪᠦᠯᠢ ᠶᠢ ᠲᠣᠬᠤᠨᠢᠭᠤᠯᠵᠤ᠂ ᠨᠠᠮ ᠪᠠ ᠵᠠᠰᠠᠭ ᠤᠨ ᠣᠷᠳᠣᠨ ᠤ ᠳᠣᠲᠣᠨᠣ ᠬᠠᠯᠠᠮᠵᠢᠯᠠᠯ ᠵᠢᠴᠢ ᠨᠡᠶᠢᠭᠡᠮ ᠤᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ ᠬᠠᠶᠢᠷ᠎ᠠ ᠬᠠᠯᠠᠮᠵᠢ ᠶᠢᠨ ᠬᠥᠮᠥᠰ ᠤᠨ ᠬᠠᠶᠢᠷ᠎ᠠ ᠬᠠᠯᠠᠮᠵᠢ ᠪᠠ ᠴᠠᠭᠠᠨ ᠰᠠᠷ᠎ᠠ ᠶᠢᠨ ᠮᠡᠨᠳᠦᠴᠢᠯᠡᠯ ᠢ ᠬᠦᠴᠢᠷᠳᠡᠯᠲᠡᠢ ᠣᠯᠠᠨ ᠲᠦᠮᠡᠨ ᠤ ᠭᠡᠷ ᠲᠤ ᠬᠦᠷᠭᠡᠭᠰᠡᠨ ᠪᠠᠶᠢᠨ᠎ᠠ᠃ ᠬᠠᠯᠠᠭᠤᠨ ᠮᠡᠨᠳᠦᠴᠢᠯᠡᠯ ᠢᠶᠠᠷ ᠦᠭᠡ ᠪᠣᠯᠭᠠᠨ ᠢ ᠬᠠᠯᠠᠮᠵᠢᠯᠠᠨ ᠮᠡᠨᠳᠦᠴᠢᠯᠡᠨ᠎ᠡ᠂ ᠰᠡᠳᠬᠢᠯ ᠰᠠᠨᠠᠭ᠎ᠠ ᠶᠢ ᠳᠤᠯᠠᠭᠠᠴᠠᠭᠤᠯᠤᠨ᠎ᠠ᠃ ᠲᠣᠬᠤᠨᠢᠭᠤᠯᠬᠤ ᠳᠤᠭᠤᠶᠢᠯᠠᠩ ᠤᠨ ᠬᠢᠨ ᠡᠷᠦᠬᠡ ᠳᠠᠷᠠᠭᠠᠯᠠᠨ ᠰᠤᠷᠪᠤᠯᠵᠢᠯᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠠᠮᠤ ᠪᠤᠳᠠᠭ᠎ᠠ ᠲᠣᠰᠣ ᠵᠡᠷᠭᠡ ᠠᠮᠢᠳᠤᠷᠠᠯ ᠤᠨ ᠴᠢᠬᠤᠯᠠ ᠬᠡᠷᠡᠭᠰᠡᠯ ᠢ ᠬᠦᠷᠭᠡᠵᠦ᠂ ᠳᠡᠳᠡᠨ ᠤ ᠬᠦᠰᠡᠵᠦ ᠪᠠᠶᠢᠭ᠎ᠠ ᠵᠦᠢᠯ ᠢ ᠬᠦᠯᠢᠴᠡᠩᠭᠦᠢ ᠪᠠᠷ ᠰᠣᠨᠣᠰᠴᠤ᠂ ᠳᠡᠳᠡᠨ ᠤ ᠪᠡᠶ᠎ᠡ ᠮᠠᠬᠠᠪᠤᠳ ᠤᠨ ᠪᠠᠶᠢᠳᠠᠯ ᠪᠣᠯᠣᠨ ᠠᠮᠢᠳᠤᠷᠠᠯ ᠤᠨ ᠪᠠᠲᠤᠯᠠᠪᠤᠷᠢ ᠶᠢᠨ ᠪᠠᠶᠢᠳᠠᠯ ᠢ ᠨᠠᠷᠢᠨ ᠣᠶᠢᠯᠠᠭᠠᠵᠤ᠂ ᠳᠡᠳᠡᠨ ᠳᠤ ᠬᠦᠴᠢᠷᠳᠡᠯ ᠲᠤᠯᠭᠠᠷᠠᠪᠠᠯ ᠴᠠᠭ ᠲᠤᠬᠠᠢ ᠳᠤᠨᠢ ᠲᠤᠰᠬᠠᠵᠤ᠂ ᠪᠡᠶ᠎ᠡ ᠪᠠᠨ ᠭᠠᠮᠨᠠᠭᠠᠷᠠᠢ ᠭᠡᠵᠦ ᠰᠠᠨᠠᠭᠤᠯᠵᠤ᠂ ᠳᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠢᠳᠡᠪᠬᠢᠲᠡᠢ ᠪᠠᠶᠠᠰᠤᠩᠭᠤᠢ ᠣᠪᠣᠷ ᠢᠶᠠᠷ ᠠᠮᠢᠳᠤᠷᠠᠯ ᠳᠤ ᠬᠠᠨᠳᠤᠬᠤ ᠶᠢᠨ ᠬᠠᠮᠲᠤ ᠳᠡᠳᠡᠨ ᠳᠤ ᠴᠢᠩ ᠰᠡᠳᠬᠢᠯ ᠤᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠦᠭᠡᠷᠡᠢ ᠭᠡᠵᠦ ᠵᠣᠷᠢᠭᠵᠢᠭᠤᠯᠪᠠ᠃
 微信图片_20240222110149.jpg 
   ᠲᠣᠬᠤᠨᠢᠭᠤᠯᠬᠤ ᠳᠤᠭᠤᠶᠢᠯᠠᠩ ᠤᠨ ᠬᠢᠨ ᠬᠦᠴᠢᠷᠳᠡᠯᠲᠡᠢ ᠣᠯᠠᠨ ᠲᠦᠮᠡᠨ ᠲᠠᠢ ᠶᠠᠷᠢᠯᠴᠠᠵᠤ᠂ ᠦᠨᠳᠦᠰᠦᠨ ᠠᠮᠢᠳᠤᠷᠠᠯ ᠤᠨ ᠪᠠᠶᠢᠳᠠᠯ ᠢ ᠤᠶᠢᠯᠠᠭᠠᠵᠤ ᠪᠠᠶᠢᠭ᠎ᠠ ᠨᠢ
微信图片_20240222110152.jpg 
  ᠬᠠᠨᠳᠢᠪ ᠡᠷᠬᠦᠭᠰᠡᠨ ᠠᠵᠤ ᠠᠬᠤᠶᠢᠯᠠᠯ ᠤᠨ ᠬᠢᠨ ᠬᠦᠴᠢᠷᠳᠡᠯᠲᠡᠢ ᠣᠯᠠᠨ ᠲᠦᠮᠡᠨ ᠳᠤ ᠠᠮᠢᠳᠤᠷᠠᠯ ᠤᠨ ᠡᠳ᠋ ᠪᠣᠳᠠᠰ ᠬᠠᠨᠳᠢᠪᠯᠠᠵᠤ ᠪᠠᠶᠢᠭ᠎ᠠ ᠨᠢ     ᠬᠦᠴᠢᠷᠳᠡᠯᠳᠡᠢ ᠣᠯᠠᠨ ᠲᠦᠮᠡᠨ ᠢ ᠠᠶᠤᠯ ᠦᠬᠡᠢ᠂ ᠠᠮᠤᠷ ᠲᠦᠪᠰᠢᠨ ᠠᠵᠤ ᠲᠦᠷᠤᠬᠦᠯᠬᠦ ᠪᠤᠯ ᠨᠠᠮ ᠪᠠ ᠵᠠᠰᠠᠭ ᠤᠨ ᠣᠷᠳᠣᠨ ᠤ ᠢᠮᠠᠬᠳᠠ ᠬᠠᠮᠤᠭ ᠰᠠᠨᠠᠭᠠᠰᠢᠷᠠᠳᠠᠭ ᠶᠠᠪᠤᠳᠠᠯ ᠶᠤᠮ᠃ ᠤᠯᠠᠭᠠᠨᠬᠠᠳᠠ ᠬᠤᠲᠠ ᠶᠢᠨ ᠠᠷᠠᠳ  ᠤᠨ ᠶᠠᠪᠤᠳᠠᠯ ᠤᠨ ᠲᠣᠪᠴᠢᠶ᠎ᠠ ᠶᠢᠨ ᠬᠢᠨ ︽ᠬᠠᠯᠠᠭᠤᠨ ᠳᠤᠯᠠᠭᠠᠨ ᠡᠪᠤᠯᠵᠢᠬᠦᠯᠬᠦ ᠢᠨᠵᠧᠨᠧᠷᠢᠩ︾ ᠢ ᠪᠦᠬᠦ ᠬᠦᠴᠦᠨ ᠢᠶᠠᠷ ᠢᠶᠠᠨ ᠨᠢᠮᠪᠠᠢ  ᠨᠠᠶᠢᠳᠠᠪᠤᠷᠢᠵᠢᠭᠤᠯᠵᠤ᠂ ᠨᠡᠶᠢᠭᠡᠮ ᠤᠨ  ᠲᠤᠰᠠᠯᠠᠮᠵᠢ ᠶᠢᠨ ᠰᠢᠰᠲ᠋ᠧᠮ ᠤᠨ ᠪᠠᠶᠢᠭᠤᠯᠤᠯᠲᠠ  ᠶᠢ ᠦᠷᠭᠦᠯᠵᠢᠯᠡᠨ ᠴᠢᠩᠭᠠᠳᠬᠠᠵᠤ᠂ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ  ᠲᠤᠰᠠᠯᠠᠮᠵᠢ  ᠶᠢᠨ ᠰᠢᠰᠲ᠋ᠧᠮ ᠢ ᠲᠦᠷᠭᠡᠨ ᠬᠥᠭᠵᠢᠭᠦᠯᠵᠦ᠂ ︽ᠨᠢᠭᠦᠯᠡᠰᠦᠩᠭᠦᠢ +  ᠲᠤᠰᠠᠯᠠᠮᠵᠢ︾ ︽ᠪᠣᠳᠠᠰ + ᠲᠤᠰᠠᠯᠠᠮᠵᠢ︾  ᠶᠢᠨ ᠦᠢᠯᠡᠴᠢᠯᠡᠭᠡᠨ ᠤ ᠳᠡᠰ ᠳᠡᠪᠰᠢᠬᠦ ᠶᠢ ᠰᠦᠪᠡᠭᠴᠢᠯᠡᠨ ᠠᠬᠢᠭᠤᠯᠵᠤ᠂ ᠨᠢᠭᠦᠯᠡᠰᠦᠩᠭᠦᠢ ᠶᠢᠨ ᠬᠦᠴᠦᠨ ᠤ ᠨᠡᠶᠢᠭᠡᠮ ᠤᠨ ᠲᠤᠰᠠᠯᠠᠮᠵᠢ ᠶᠢᠨ ᠠᠵᠢᠯ ᠳᠤ ᠣᠷᠣᠯᠴᠠᠬᠤ ᠶᠢ ᠶᠡᠭᠡ ᠪᠠᠷ ᠵᠣᠷᠢᠭᠵᠢᠭᠤᠯᠬᠤ ᠪᠠ  ᠲᠠᠶᠢᠴᠢᠯᠠᠨ ᠵᠢᠯᠤᠭᠤᠳᠴᠤ᠂ ᠵᠠᠰᠠᠭ ᠤᠨ ᠣᠷᠳᠣᠨ ᠤ  ᠲᠤᠰᠠᠯᠠᠮᠵᠢ ᠪᠠ ᠨᠢᠭᠦᠯᠡᠰᠦᠩᠭᠦᠢ ᠶᠢᠨ ᠲᠡᠳᠬᠦᠮᠵᠢ ᠶᠢ ᠪᠦᠲᠦᠮᠵᠢᠲᠡᠶ  ᠵᠤᠯᠭᠠᠭᠤᠯᠤᠨ᠂ ᠠᠵᠤ ᠠᠬᠤᠶᠢᠯᠠᠯ ᠬᠢᠭᠡᠳ ᠨᠢᠭᠦᠯᠡᠰᠦᠩᠭᠦᠢ ᠶᠢᠨ ᠬᠢᠨ ᠬᠤᠭᠤᠷᠤᠨᠳᠤ ᠪᠠᠨ ᠲᠤᠰᠠᠯᠠᠯᠴᠠᠬᠤ ᠬᠥᠭᠦᠷᠭᠡ ᠪᠠᠶᠢᠭᠤᠯᠬᠤ   ᠠᠵᠢᠯ ᠢ ᠠᠬᠢᠭᠤᠯᠵᠤ᠂ ᠤᠯᠠᠭᠠᠨᠬᠠᠳᠠ ᠬᠤᠲᠠ ᠶᠢᠨ ︽ᠴᠢᠩ ᠦᠨᠡᠨᠴᠢ ᠪᠠᠷ ᠬᠠᠪᠰᠤᠷᠤᠯᠴᠠᠬᠤ ᠦᠶᠦᠭ ᠲᠤᠯᠠᠭᠠᠬᠠᠨ ᠤᠯᠠᠭᠠᠨᠬᠠᠳᠠ︾ ᠨᠢᠭᠦᠯᠡᠰᠦᠩᠭᠦᠢ ᠶᠢᠨ ᠲᠤᠰᠠᠯᠠᠮᠵᠢ ᠶᠢᠨ ᠨᠠᠷᠠᠲᠤ ᠲᠡᠮᠳᠡᠭᠲᠦ ᠶᠢ ᠡᠬᠦᠳᠦᠭᠰᠡᠨ  ᠢᠶᠠᠷ ᠬᠠᠨᠳᠢᠪ ᠡᠷᠬᠦᠬᠦ ᠨᠡᠩ ᠤᠯᠠᠨ ᠬᠠᠯᠠᠮᠵᠢ ᠶᠢᠨ ᠠᠵᠤ ᠠᠬᠤᠶᠢᠯᠠᠯ ᠤᠨ ᠬᠢᠨ ᠬᠦᠴᠢᠷᠳᠡᠯᠲᠡᠢ ᠣᠯᠠᠨ ᠲᠦᠮᠡᠨ  ᠯᠦᠭᠡ ᠰᠡᠳᠬᠢᠯ ᠵᠢᠷᠦᠬᠡ ᠪᠠᠨ ᠬᠤᠯᠪᠤᠵᠤ᠂ ᠤᠮᠠᠷᠠᠲᠤ ᠬᠢᠯᠢ ᠶᠢ ᠪᠦᠳᠤᠬᠡᠨ ᠪᠠᠶᠢᠭᠤᠯᠤᠯᠳᠠ ᠳᠤ ᠬᠦᠴᠦᠨ ᠨᠡᠮᠡᠷᠢᠯᠡᠪᠡ ᠃ ᠤᠯᠠᠨ ᠲᠦᠮᠡᠨ ᠬᠦᠴᠢᠷᠳᠡᠯ ᠵᠤᠪᠠᠨᠢᠯ ᠲᠠᠢ ᠦᠶ᠎ᠡ ᠳᠤ ᠰᠡᠳᠬᠢᠯ ᠠᠴᠠ ᠪᠠᠨ ᠬᠠᠯᠠᠮᠵᠢᠯᠠᠵᠤ᠂ ᠰᠠᠶᠢᠲᠤᠷ ᠦᠢᠯᠡᠴᠢᠯᠡᠵᠦ᠂ ᠰᠠᠶᠢᠲᠤᠷ ᠰᠢᠢᠳᠪᠦᠷᠢᠯᠡᠵᠦ᠂ ᠬᠦᠴᠢᠷᠳᠡᠯ ᠲᠠᠢ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠳᠤ ᠲᠥᠷᠥᠭᠳᠡᠯ ᠢ ᠨᠡᠮᠡᠭᠳᠡᠬᠦᠯᠦᠭᠰᠡᠬᠡᠷ ᠪᠠᠶᠢᠨ᠎ᠠ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号