ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠬᠢᠨ  ᠮᠠᠨ ᠤ ᠤᠷᠤᠨ ᠤ ᠴᠢᠨᠠᠷ ᠰᠠᠶᠢᠲᠠᠶ ᠬᠥᠭᠵᠢᠯᠲᠡ ᠶᠢ 20 ᠠᠷᠭ᠎ᠠ ᠪᠠᠷ ᠳᠡᠮᠵᠢᠪᠡ
ᠨᠡᠶᠢᠲᠡᠯᠡᠭᠰᠡᠨ ᠴᠠᠭ᠄
2024/2/27
     ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠬᠢᠨ ᠤᠷᠴᠢᠮ ᠳᠤ ︽ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠳᠡᠮᠵᠢᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ︾ ᠢ ᠳᠠᠷᠤᠮᠠᠯᠯᠠᠨ ᠲᠠᠷᠬᠠᠭᠠᠬᠰᠠᠨ ᠪᠠᠶᠢᠨ᠎ᠠ᠃     ︽ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠳᠡᠮᠵᠢᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ︾ ᠳᠤ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢ ᠳᠡᠮᠵᠢᠨ ᠲᠡᠭᠦᠯᠳᠡᠷᠵᠢᠭᠦᠯᠬᠦ᠂ ᠠᠭᠤᠷᠬᠠᠶ ᠮᠠᠯᠲᠠᠬᠤ ᠪᠠ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠪᠠᠲᠤᠯᠠᠭ᠎ᠠ ᠶᠢ ᠴᠢᠩᠭᠠᠳᠬᠠᠬᠤ᠂ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠤᠨ ᠬᠦᠷᠢᠶᠡᠯᠡᠩ ᠲᠣᠭᠤᠷᠢᠭ ᠤᠨ ᠵᠦᠶ ᠵᠣᠬᠢᠰᠲᠠᠶ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ᠂ ᠰᠠᠭᠤᠷᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠳᠤ ᠨᠡᠶᠢᠭᠡᠮ ᠤᠨ ᠪᠠᠯᠠ ᠮᠥᠩᠭᠦ ᠶᠢᠨ ᠣᠷᠣᠯᠴᠠᠬᠤ ᠶᠢ ᠪᠠᠲᠤᠯᠠᠬᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠡᠷᠴᠢᠮ ᠢ ᠴᠢᠩᠭᠠᠷᠠᠭᠤᠯᠬᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ᠂ ᠨᠡᠭᠦᠷᠡᠰᠦ ᠲᠠᠢ ᠬᠠᠮᠲᠤ ᠤᠷᠤᠰᠢᠬᠤ ᠡᠬᠢ ᠪᠠᠶᠠᠯᠢᠭ ᠢ ᠶᠡᠷᠤᠩᠭᠡᠶᠢᠯᠡᠨ ᠨᠡᠬᠡᠬᠡᠨ ᠠᠰᠢᠬᠯᠠᠬᠤ ᠶᠢ ᠵᠤᠷᠢᠬᠵᠢᠭᠤᠯᠬᠤ᠂ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠬᠤ 8 ᠲᠠᠯ᠎ᠠ ᠪᠠᠷ 20 ᠠᠷᠭ᠎ᠠ  ᠶᠢ  ᠨᠡᠶᠢᠳᠡᠯᠡᠭᠰᠡᠨ ᠤ ᠬᠠᠮᠲᠤ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠠᠯᠠ ᠮᠥᠩᠭᠦ ᠵᠡᠷᠭᠡ ᠲᠠᠯ᠎ᠠ ᠪᠠᠷ ᠮᠠᠨ ᠤ ᠤᠷᠤᠨ ᠤ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠪᠣᠳᠠᠲᠠᠶ ᠠᠷᠭ᠎ᠠ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂  ᠮᠠᠨ ᠤ ᠤᠷᠤᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠠᠵᠤ ᠠᠬᠤᠶ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠠᠵᠢᠯ ᠢ‌‍ᠢ ᠦᠨᠡᠨ ᠬᠦ  ᠠᠬᠢᠭᠤᠯᠬᠤ ᠪᠤᠯᠤᠨ᠎ᠠ᠃     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ᠄ ︽ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠳᠡᠮᠵᠢᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ︾ ᠢ ᠨᠡᠶᠢᠲᠡᠯᠡᠭᠰᠡᠨ ᠨᠢ ᠮᠠᠨ ᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠥᠪᠥᠷ ᠮᠣᠩᠭᠤᠯ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ︽ᠰᠢᠨ᠎ᠡ ᠵᠠᠮ ᠢ ᠨᠡᠭᠡᠭᠡᠬᠦ᠂  ᠲᠤᠮᠳᠠ ᠲᠦᠪᠰᠢᠨ ᠳᠤ ᠤᠷᠤᠬᠤ︾ ᠬᠠᠷᠠᠯᠲᠠ ᠶᠢ ᠪᠡᠶᠡᠯᠡᠭᠦᠯᠬᠦ ᠳᠤ ᠢᠳᠡᠪᠬᠢᠲᠡᠶ ᠠᠬᠢᠭᠤᠯᠬᠤ ᠪᠠ ᠪᠠᠲᠤᠯᠠᠬᠤ ᠦᠢᠯᠡᠳᠦᠯ ᠦᠵᠡᠭᠦᠯᠬᠦ ᠪᠣᠯᠤᠨ᠎ᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨ ᠡᠨᠡ ᠬᠦ ᠲᠣᠬᠢᠶᠠᠯ ᠢ ᠡᠵᠡᠮᠳᠡᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠠᠵᠢᠯ ᠤᠨ ᠲᠥᠰᠦᠯ ᠲᠣᠭᠲᠠᠭᠠᠨ᠂ ᠨᠠᠶᠢᠳᠠᠪᠤᠷᠢᠵᠢᠭᠤᠯᠬᠤ ᠠᠷᠭ᠎ᠠ ᠶᠢ ᠨᠠᠷᠢᠯᠢᠬᠵᠢᠭᠤᠯᠵᠤ᠂ ︽ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠳᠡᠮᠵᠢᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠤᠯᠤᠰ ᠤᠨ ᠠᠮᠢ ᠠᠬᠤᠶ᠂ ᠡᠨᠧᠷᠭᠢ᠂ ᠠᠮᠤ ᠪᠤᠳᠠᠭ᠎ᠠ᠂ ᠠᠵᠤ ᠦᠢᠯᠡᠰ ᠪᠠ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠤᠷᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠤᠨ᠎ᠠ︾ ᠭᠡᠵᠤ ᠶᠠᠷᠢᠬᠰᠠᠨ ᠪᠠᠶᠢᠨ᠎ᠠ᠃     
 
ᠢᠷᠡᠯᠲᠡ᠄ ​ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号