ᠲᠤᠮᠳᠠᠳᠤ ᠤᠯᠤᠰ ᠤᠨ ᠢᠷᠬᠡᠳ ᠤᠨ ᠬᠡᠤᠬᠡᠳ ᠦᠷᠡᠴᠢᠯᠡᠬᠦ ᠶᠢ ᠲᠠᠩᠰᠠᠯᠠᠬᠤ ᠠᠷᠭ᠎ᠠ
ᠨᠡᠶᠢᠲᠡᠯᠡᠭᠰᠡᠨ ᠴᠠᠭ᠄
2024/2/9
︵1999 ᠣᠨ ᠤ 5 ᠳ᠋ᠤᠭᠠᠷ ᠰᠠᠷ᠎ᠠ ᠶᠢᠨ 12 ᠤᠨ ᠡᠳᠦᠷ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠵᠦ᠂ 1999 ᠣᠨ ᠤ 5 ᠳ᠋ᠤᠭᠠᠷ ᠰᠠᠷ᠎ᠠ ᠶᠢᠨ 25 ᠤ ᠡᠳᠦᠷ ᠠᠷᠠᠳ ᠤᠨ ᠶᠠᠪᠤᠳᠠᠯ ᠤᠨ ᠶᠠᠮᠤᠨ ᠤ 14 ᠳ᠋ᠦ᠋ᠭᠡᠷ ᠵᠠᠷᠯᠢᠭ ᠢᠶᠠᠷ ᠨᠡᠶᠢᠲᠡᠯᠡᠪᠡ᠂ 2019 ᠣᠨ ᠤ 3 ᠳ᠋ᠤᠭᠠᠷ ᠰᠠᠷ᠎ᠠ ᠶᠢᠨ 2 ᠤᠨ ᠡᠳᠦᠷ ᠤᠨ ︽ᠵᠠᠰᠠᠭ ᠵᠠᠬᠢᠷᠭᠠᠨ ᠤ ᠬᠡᠰᠡᠭ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠦᠨᠳᠦᠰᠦᠯᠡᠨ ᠠᠩᠬ᠎ᠠ ᠤᠳᠠᠭ᠎ᠠ ᠵᠠᠰᠠᠪᠠ᠂ 2023 ᠣᠨ ᠤ 7 ᠰᠠᠷ᠎ᠠ ᠰᠠᠷ᠎ᠠ ᠶᠢᠨ 20 ᠤ ᠡᠳᠦᠷ ᠤᠨ ︽ᠵᠠᠰᠠᠭ ᠵᠠᠬᠢᠷᠭᠠᠨ ᠤ ᠬᠡᠰᠡᠭ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠲᠡᠭᠦᠨ ᠢ ᠬᠦᠴᠦᠨ ᠦᠭᠡᠢ ᠪᠣᠯᠭᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢ︾ ᠶᠢ ᠦᠨᠳᠤᠰᠤᠯᠡᠨ ᠬᠤᠶᠠᠳᠡᠬᠢ ᠤᠳᠠᠭ᠎ᠠ ᠵᠠᠰᠠᠯᠳᠠ ᠤᠷᠤᠭᠤᠯᠪᠠ︶     ᠨᠢᠭᠡᠳᠦᠭᠡᠷ ᠵᠦᠢᠯ᠄ ᠬᠡᠤᠬᠡᠳ ᠦᠷᠡᠴᠢᠯᠡᠬᠦ ᠳᠠᠩᠰᠠᠯᠠᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ ᠶᠢᠨ ᠲᠥᠯᠥᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠢ ᠦᠨᠳᠦᠰᠦᠯᠡᠨ ᠲᠤᠰ ᠠᠷᠭ᠎ᠠ ᠶᠢ ᠲᠣᠭᠲᠠᠭᠠᠪᠠ᠃   ᠬᠤᠶᠠᠳᠤᠭᠠᠷ ᠵᠦᠢᠯ᠄ ᠳᠤᠮᠳᠠᠳᠤ ᠤᠯᠤᠰ ᠤᠨ ᠢᠷᠬᠡᠳ ᠳᠤᠮᠳᠠᠳᠤ ᠤᠯᠤᠰ ᠤᠨ ᠬᠢᠯᠢ ᠶᠢᠨ ᠳᠣᠲᠣᠷ᠎ᠠ ᠦᠷ᠎ᠡ ᠬᠡᠦᠬᠡᠳ  ᠦᠷᠡᠴᠢᠯᠡᠬᠦ ᠪᠤᠶᠤ ᠬᠡᠯᠡᠯᠴᠡᠵᠦ ᠪᠠᠶᠢᠭᠠᠳ ᠦᠷᠡᠴᠢᠯᠡᠬᠦ ᠬᠠᠷᠢᠴᠠᠭ᠎ᠠ ᠪᠠᠨ ᠴᠤᠴᠠᠯᠬᠤ ᠳᠤ ᠲᠤᠰ ᠠᠷᠭ᠎ᠠ ᠶᠢᠨ ᠲᠣᠭᠲᠠᠭᠠᠯ ᠶᠣᠰᠣᠭᠠᠷ ᠳᠠᠩᠰᠠᠯᠠᠭᠤᠯᠬᠤ ᠬᠡᠷᠡᠭᠲᠡᠢ᠃ ᠬᠡᠤᠬᠡᠳ ᠦᠷᠡᠴᠢᠯᠡᠬᠦ ᠶᠢ ᠳᠠᠩᠰᠠᠯᠠᠬᠤ ᠪᠠᠶᠢᠭᠤᠯᠭ᠎ᠠ ᠪᠣᠯ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ  ᠰᠠᠯᠠᠭ᠎ᠠ ᠮᠦᠴᠢᠷ᠃    ᠭᠤᠷᠪᠠᠳᠤᠭᠠᠷ ᠵᠦᠢᠯ᠄ ᠬᠡᠤᠬᠡᠳ ᠦᠷᠡᠴᠢᠯᠡᠬᠦ ᠶᠢ ᠳᠠᠩᠰᠠᠯᠠᠬᠤ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠦᠷᠡᠴᠢᠯᠡᠭᠳᠡᠬᠦ ᠬᠡᠤᠬᠡᠳ ᠲᠤ ᠬᠠᠮᠤᠭ ᠠᠴᠠ ᠠᠰᠢᠭᠲᠠᠢ ᠪᠠᠶᠢᠯᠭᠠᠬᠤ ᠵᠠᠷᠴᠢᠮ ᠢ ᠵᠢᠷᠤᠮᠯᠠᠨ᠂ ᠦᠷᠡᠴᠢᠯᠡᠭᠳᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃   ᠳᠥᠷᠪᠡᠳᠦᠭᠡᠷ ᠵᠦᠢᠯ᠄ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠢᠨ ᠠᠰᠠᠷᠠᠨ ᠲᠡᠵᠢᠬᠡᠵᠤ ᠪᠠᠶᠢᠭ᠎ᠠ ᠲᠦᠷᠦᠭᠰᠡᠨ ᠡᠴᠢᠭᠡ ᠡᠬᠡ ᠶᠢ ᠨᠢ ᠡᠷᠢᠵᠦ ᠣᠯᠬᠤ ᠦᠭᠡᠢ ᠭᠤᠯᠣᠭᠳᠠᠭᠰᠠᠨ ᠨᠢᠯᠬ᠎ᠠ ᠬᠡᠦᠬᠡᠳ᠂ ᠬᠡᠦᠬᠡᠳ ᠪᠠ ᠥᠨᠥᠴᠢᠨ ᠬᠡᠦᠬᠡᠳ ᠢ ᠦᠷᠡᠴᠢᠯᠡᠪᠡᠯ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠬᠡᠤᠬᠡᠳ ᠦᠷᠡᠴᠢᠯᠡᠬᠦ ᠲᠡᠵᠢᠭᠡᠬᠦ ᠶᠢ ᠳᠠᠩᠰᠠᠯᠠᠬᠤ ᠪᠠᠶᠢᠭᠤᠯᠭ᠎ᠠ ᠳᠤ ᠳᠠᠩᠰᠠᠯᠠᠭᠤᠯᠤᠨ᠎ᠠ᠃    ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠳᠤ ᠠᠰᠠᠷᠠᠨ ᠲᠡᠵᠢᠭᠡᠵᠦ ᠪᠠᠶᠢᠭ᠎ᠠ ᠲᠤᠶᠢᠷᠦᠭᠰᠡᠠ ᠡᠴᠢᠭᠡ ᠡᠬᠡ ᠶᠢ  ᠨᠢ ᠡᠷᠢᠵᠦ ᠣᠯᠬᠤ  ᠦᠭᠡᠢ ᠭᠤᠯᠣᠭᠳᠠᠭᠰᠠᠨ ᠨᠢᠯᠬ᠎ᠠ ᠬᠡᠦᠬᠡᠳ ᠪᠠ ᠬᠡᠦᠬᠡᠳ ᠢ  ᠦᠷᠡᠴᠢᠯᠡᠬᠦ ᠳᠤ ᠭᠤᠯᠣᠭᠳᠠᠭᠰᠠᠨ ᠨᠢᠯᠬ᠎ᠠ ᠬᠡᠦᠬᠡᠳ ᠪᠠ ᠬᠡᠦᠬᠡᠳ ᠢ ᠣᠯᠵᠤ ᠮᠡᠳᠡᠭᠰᠡᠨ ᠭᠠᠵᠠᠷ ᠤᠨ ᠬᠡᠤᠬᠡᠳ ᠦᠷᠡᠴᠢᠯᠡᠬᠦ ᠶᠢ ᠳᠠᠩᠰᠠᠯᠠᠬᠤ ᠪᠠᠶᠢᠭᠤᠯᠭ᠎ᠠ ᠳᠤ ᠳᠠᠩᠰᠠᠯᠠᠭᠤᠯᠬᠤ ᠬᠡᠷᠡᠭᠲᠡᠢ᠃   ᠲᠦᠷᠦᠭᠰᠡᠨ ᠡᠴᠢᠭᠡ ᠡᠬᠡ ᠨᠢ ᠣᠨᠴᠠᠭᠠᠶ ᠬᠦᠴᠢᠷᠳᠡᠯ ᠲᠠᠢ ᠠᠴᠠ ᠪᠣᠯᠵᠤ ᠠᠰᠠᠷᠠᠨ ᠲᠡᠵᠢᠭᠡᠬᠦ ᠴᠢᠳᠠᠯ ᠦᠬᠡᠢ ᠪᠣᠯᠤᠭᠰᠠᠨ ᠦᠷ᠎ᠡ ᠬᠡᠦᠬᠡᠳ ᠪᠤᠶᠤ ᠬᠢᠨᠠᠨ ᠬᠠᠮᠠᠭᠠᠯᠠᠭᠴᠢ ᠶᠢᠨ ᠬᠢᠨᠠᠨ ᠬᠠᠮᠠᠭᠠᠯᠠᠵᠤ ᠪᠠᠶᠢᠭ᠎ᠠ ᠥᠨᠥᠴᠢᠨ ᠬᠡᠦᠬᠡᠳ ᠢ ᠦᠷᠡᠴᠢᠯᠡᠬᠦ ᠳᠤ᠂ ᠦᠷᠡᠴᠢᠯᠡᠭᠳᠡᠭᠴᠢ ᠶᠢᠨ ᠡᠴᠢᠭᠡ ᠡᠬᠡ ᠪᠤᠶᠤ ᠬᠢᠨᠠᠨ ᠬᠠᠮᠠᠭᠠᠯᠠᠭᠴᠢ ᠶᠢᠨ ᠪᠠᠶᠢᠩᠭᠤ ᠰᠠᠭᠤᠭ᠎ᠠ ᠡᠷᠦᠭᠡ ᠠᠮᠠ ᠶᠢᠨ ᠲᠡᠩᠰᠠ ᠪᠠᠶᠢᠭ᠎ᠠ ᠭᠠᠵᠠᠷ  ︵ᠵᠣᠬᠢᠶᠠᠨ ᠪᠠᠶᠢᠭᠤᠯᠵᠤ ᠬᠢᠨᠠᠨ ᠬᠠᠮᠠᠭᠠᠯᠠᠭᠴᠢ ᠪᠣᠯᠤᠭᠰᠠᠨ ᠪᠤᠯ ᠲᠤᠰ ᠵᠣᠬᠢᠶᠠᠨ ᠪᠠᠶᠢᠭᠤᠯᠤᠯᠲᠠ ᠶᠢᠨ ᠪᠠᠶᠢᠭ᠎ᠠ ᠭᠠᠵᠠᠷ︶ ᠤᠨ ᠬᠡᠤᠬᠡᠳ ᠦᠷᠡᠴᠢᠯᠡᠬᠦ ᠶᠢ ᠳᠠᠩᠰᠠᠯᠠᠬᠤ ᠪᠠᠶᠢᠭᠤᠯᠭ᠎ᠠ ᠳᠤ ᠪᠦᠷᠢᠳᠬᠡᠭᠦᠯᠬᠦ ᠬᠡᠷᠡᠭᠲᠡᠢ᠃    ᠭᠤᠷᠪᠠᠨ ᠦᠶ᠎ᠡ ᠶᠢᠨ ᠳᠣᠲᠣᠷᠠᠬᠢ ᠦᠶᠡᠯᠢᠳ ᠬᠠᠶᠠᠯᠢᠳ ᠴᠢᠰᠤᠨ ᠲᠤᠶᠢᠷᠦᠯ ᠤᠨ ᠢᠶᠠᠨ ᠦᠷ᠎ᠡ ᠬᠡᠦᠬᠡᠳ ᠢ ᠦᠷᠡᠴᠢᠯᠡᠬᠦ ᠪᠠ ᠬᠤᠶᠢᠲᠤ ᠡᠴᠢᠭᠡ ᠪᠤᠶᠤ ᠬᠤᠶᠢᠲᠤ ᠡᠬᠡ ᠨᠢ ᠳᠠᠭᠠᠭᠤᠯᠢ ᠦᠷ᠎ᠡ ᠬᠡᠦᠬᠡᠳ ᠢ ᠦᠷᠡᠴᠢᠯᠡᠬᠦ ᠳᠤ ᠦᠷᠡᠴᠢᠯᠡᠭᠳᠡᠭᠴᠢ ᠶᠢᠨ ᠲᠦᠷᠦᠭᠰᠡᠨ ᠡᠴᠢᠭᠡ ᠪᠤᠶᠤ ᠲᠦᠷᠦᠭᠰᠡᠨ ᠡᠬᠡ ᠶᠢᠨ ᠬᠢ ᠨᠢ ᠪᠠᠶᠢᠩᠭᠤ ᠶᠢᠨ ᠡᠷᠦᠭᠡ ᠠᠮᠠ ᠶᠢᠨ ᠲᠡᠩᠰᠠ ᠶᠢᠨ ᠪᠠᠶᠢᠭ᠎ᠠ ᠭᠠᠵᠠᠷ ᠤᠨ  ᠬᠡᠤᠬᠡᠳ ᠦᠷᠡᠴᠢᠯᠡᠬᠦ ᠶᠢ ᠳᠠᠩᠰᠠᠯᠠᠬᠤ ᠪᠠᠶᠢᠭᠤᠯᠭ᠎ᠠ ᠳᠤ ᠳᠠᠩᠰᠠᠯᠠᠭᠤᠯᠬᠤ ᠬᠡᠷᠡᠭᠲᠡᠢ᠃    ᠲᠠᠪᠤᠳᠤᠭᠠᠷ ᠵᠦᠢᠯ᠄  ᠬᠡᠤᠬᠡᠳ ᠦᠷᠡᠴᠢᠯᠡᠬᠦ ᠬᠠᠷᠢᠴᠠᠭ᠎ᠠ ᠶᠢᠨ ᠲᠤᠬᠠᠢ ᠶᠢᠨ ᠬᠥᠮᠥᠨ ᠨᠢ ᠬᠡᠤᠬᠡᠳ ᠦᠷᠡᠴᠢᠯᠡᠬᠦ  ᠶᠢ ᠳᠠᠩᠰᠠᠯᠠᠬᠤ ᠪᠠᠶᠢᠭᠤᠯᠭ᠎ᠠ ᠳᠤ ᠪᠡᠶ᠎ᠡ ᠪᠠᠷ ᠢᠶᠠᠨ ᠣᠴᠢᠵᠤ ᠬᠡᠤᠬᠡᠳ ᠦᠷᠡᠴᠢᠯᠡᠬᠦ ᠬᠠᠷᠢᠴᠠᠭ᠎ᠠ ᠪᠠᠶᠢᠭᠤᠯᠤᠭᠰᠠᠨ ᠢ ᠳᠠᠩᠰᠠᠯᠠᠭᠤᠯᠬᠤ ᠭᠠᠷ ᠭᠦᠢᠴᠡᠳᠬᠡᠯ ᠬᠢᠬᠦ ᠬᠡᠷᠡᠭᠲᠡᠢ᠃   ᠡᠷ᠎ᠡ ᠡᠮ᠎ᠡ ᠬᠤᠶᠠᠭᠤᠯᠠ ᠪᠠᠨ ᠬᠠᠮᠲᠤ ᠪᠠᠷ ᠦᠷ᠎ᠡ ᠬᠡᠦᠬᠡᠳ ᠦᠷᠡᠴᠢᠯᠡᠪᠡᠯ᠂ ᠬᠡᠤᠬᠡᠳ ᠦᠷᠡᠴᠢᠯᠡᠬᠦ ᠶᠢ ᠳᠠᠩᠰᠠᠯᠠᠬᠤ ᠪᠠᠶᠢᠭᠤᠯᠭ᠎ᠠ ᠳᠤ ᠬᠠᠮᠲᠤ ᠪᠠᠷ ᠣᠴᠢᠵᠤ ᠳᠠᠩᠰᠠᠯᠠᠭᠤᠯᠬᠤ ᠭᠠᠷ ᠭᠦᠢᠴᠡᠳᠬᠡᠯ ᠬᠢᠬᠦ ᠬᠡᠷᠡᠭᠲᠡᠢ᠃ ᠨᠢᠭᠡ ᠡᠲᠡᠭᠡᠳ ᠨᠢ ᠶᠠᠮᠠᠷ ᠨᠢᠭᠡᠨ ᠰᠢᠯᠲᠠᠭᠠᠨ ᠠᠴᠠ ᠪᠣᠯᠵᠤ ᠪᠡᠶ᠎ᠡ ᠪᠠᠷ ᠢᠶᠠᠨ ᠣᠴᠢᠵᠤ ᠳᠡᠶᠢᠯᠬᠦ  ᠦᠭᠡᠢ ᠪᠣᠯ  ᠨᠦᠬᠦᠬᠡ ᠡᠲᠡᠭᠡᠳ ᠲᠤ ᠪᠠᠨ ᠪᠢᠴᠢᠭ ᠢᠶᠠᠷ ᠨᠠᠶᠢᠳᠠᠵᠤ ᠳᠠᠩᠰᠠᠯᠠᠭᠤᠯᠬᠤ ᠭᠠᠷ ᠭᠦᠢᠴᠡᠳᠬᠡᠯ ᠬᠢᠯᠭᠡᠬᠦ ᠬᠡᠷᠡᠭᠲᠡᠢ᠂ ᠨᠠᠶᠢᠳᠠᠯᠭ᠎ᠠ ᠶᠢᠨ ᠪᠢᠴᠢᠭ ᠢ ᠭᠠᠴᠠᠭᠠᠨ ᠤ ᠠᠷᠠᠳ ᠤᠨ ᠵᠥᠪᠯᠡᠯ ᠪᠤᠶᠤ ᠰᠠᠭᠤᠭᠠᠯᠢ ᠠᠷᠠᠳ ᠤᠨ ᠵᠥᠪᠯᠡᠯ ᠢᠶᠠᠷ ᠭᠡᠷᠡᠴᠢᠯᠡᠭᠦᠯᠬᠦ ᠪᠤᠶᠤ ᠠᠯᠪᠠᠨ ᠭᠡᠷᠡᠴᠢᠯᠡᠭᠡ ᠬᠢᠯᠭᠡᠬᠦ ᠬᠡᠷᠡᠭᠲᠡᠢ᠃   ᠵᠢᠷᠭᠤᠳᠤᠭᠠᠷ ᠵᠦᠢᠯ᠄ ᠦᠷᠡᠴᠢᠯᠡᠭᠴᠢ ᠨᠢ ᠬᠡᠤᠬᠡᠳ ᠦᠷᠡᠴᠢᠯᠡᠬᠦ ᠶᠢ ᠳᠠᠩᠰᠠᠯᠠᠬᠤ ᠪᠠᠶᠢᠭᠤᠯᠭ᠎ᠠ ᠳᠤ ᠬᠡᠤᠬᠡᠳ ᠦᠷᠡᠴᠢᠯᠡᠬᠦ ᠶᠢ ᠭᠤᠶᠤᠴᠢᠯᠠᠬᠤ ᠪᠢᠴᠢᠭ ᠪᠣᠯᠣᠨ ᠲᠠᠷᠠᠭᠠᠬᠢ ᠭᠡᠷᠡᠴᠢ ᠦᠨᠡᠮᠯᠡᠯ᠂ ᠭᠡᠷᠡᠴᠢᠯᠡᠬᠦ ᠮᠠᠲ᠋ᠠᠷᠢᠶᠠᠯ ᠢ ᠲᠤᠰᠢᠶᠠᠬᠤ ᠬᠡᠷᠡᠭᠲᠡᠢ᠄   ︵ᠨᠢᠭᠡ︶ ᠦᠷᠡᠴᠢᠯᠡᠭᠴᠢ ᠶᠢᠨ ᠰᠠᠭᠤᠭᠠᠯᠢ ᠠᠷᠠᠳ ᠤᠨ ᠡᠷᠦᠭᠡ ᠠᠮᠠ ᠶᠢᠨ ᠳᠡᠪᠲᠡᠷ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠃   ︵ᠬᠤᠶᠠᠷ︶ ᠦᠷᠡᠴᠢᠯᠡᠭᠴᠢ ᠶᠢᠨ ᠪᠠᠶᠢᠭ᠎ᠠ ᠨᠢᠭᠡᠴᠢ ᠪᠤᠶᠤ ᠭᠠᠴᠠᠭᠠᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠠᠴᠠ ᠭᠠᠷᠭᠠᠭᠰᠠᠨ ᠲᠤᠰ ᠬᠥᠮᠥᠨ ᠤ ᠤᠷᠤᠬ ᠤᠨ ᠪᠠᠶᠢᠳᠠᠯ ᠪᠠ ᠦᠷᠡᠴᠢᠯᠡᠭᠳᠡᠭᠴᠢ ᠶᠢ ᠠᠰᠠᠷᠠᠨ ᠲᠡᠵᠢᠭᠡᠵᠦ ᠰᠤᠷᠭᠠᠨ ᠬᠥᠮᠥᠵᠢᠭᠦᠯᠬᠦ ᠴᠢᠳᠠᠪᠤᠷᠢ ᠵᠡᠷᠭᠡ ᠪᠠᠶᠢᠳᠠᠯ ᠤᠨ ᠭᠡᠷᠡᠴᠢ ᠪᠤᠯᠤᠨ ᠦᠷᠡᠴᠢᠯᠡᠭᠴᠢ ᠶᠢᠨ ᠭᠠᠷᠭᠠᠭᠰᠠᠨ ᠦᠷ᠎ᠡ ᠬᠡᠦᠬᠡᠳ ᠤᠨ ᠪᠠᠶᠢᠳᠠᠯ ᠤᠨ ᠲᠤᠬᠠᠢ ᠲᠤᠳᠤᠷᠬᠠᠶᠢᠯᠠᠯᠳᠠ᠃ ︵ᠭᠤᠷᠪᠠ︶ ᠰᠢᠶᠠᠨ ᠤ ᠱᠠᠲᠤᠨ ᠠᠴᠠ ᠳᠡᠭᠡᠭᠰᠢᠬᠢ ᠡᠮᠨᠡᠯᠭᠡ ᠶᠢᠨ ᠪᠠᠶᠢᠭᠤᠯᠤᠮᠵᠢ ᠶᠢᠨ ᠭᠠᠷᠭᠠᠭᠰᠠᠨ ᠡᠮᠨᠡᠯᠭᠡ ᠶᠢᠨ ᠤᠬᠠᠭᠠᠨ ᠳᠤ ᠦᠷ᠎ᠡ ᠬᠡᠦᠬᠡᠳ ᠦᠷᠡᠴᠢᠯᠡᠵᠤ ᠲᠡᠵᠢᠭᠡᠵᠦ ᠪᠣᠯᠬᠤ ᠦᠬᠡᠢ ᠭᠡᠵᠦ ᠦᠵᠡᠭᠰᠡᠨ ᠡᠪᠡᠳᠴᠢᠨ ᠳᠤ ᠨᠡᠷᠪᠡᠭᠳᠡᠭᠰᠡᠨ  ᠦᠬᠡᠢ ᠪᠡᠶ᠎ᠡ ᠶᠢᠨ ᠡᠷᠡᠭᠦᠯ ᠮᠡᠡᠳᠦ ᠶᠢᠨ ᠪᠠᠶᠢᠴᠠᠭᠠᠯᠲᠠ ᠶᠢᠨ ᠭᠡᠷᠡᠴᠢ᠃     ᠲᠦᠷᠦᠭᠰᠡᠨ ᠡᠴᠢᠭᠡ ᠡᠬᠡ ᠪᠠᠨ ᠡᠷᠢᠵᠦ ᠣᠯᠬᠤ ᠦᠬᠡᠢ ᠪᠣᠯᠤᠭᠰᠠᠨ ᠭᠤᠯᠣᠭᠳᠠᠮᠠᠯ ᠨᠢᠯᠬ᠎ᠠ ᠬᠡᠦᠬᠡᠳ᠂ ᠬᠡᠦᠬᠡᠳ ᠢ  ᠦᠷᠡᠴᠢᠯᠡᠬᠦ ᠶᠢᠨ ᠬᠠᠮᠲᠤ ᠦᠷᠡᠴᠢᠯᠡᠭᠴᠢ ᠶᠢᠨ ᠪᠠᠶᠢᠡᠭᠭᠤ ᠰᠠᠭᠤᠳᠠᠭ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠬᠢᠨ ᠤ ᠭᠠᠷᠭᠠᠭᠰᠠᠨ ᠦᠷᠡᠴᠢᠯᠡᠭᠴᠢ ᠶᠢᠨ ᠦᠷ᠎ᠡ ᠬᠡᠤᠬᠡᠳ ᠲᠦᠷᠤᠵᠤ ᠦᠰᠭᠡᠭᠰᠡᠨ ᠪᠠᠶᠢᠳᠠᠯ ᠤᠨ ᠭᠡᠷᠡᠴᠢ ᠪᠢᠴᠢᠭ ᠢ ᠲᠤᠰᠢᠶᠠᠬᠤ ᠬᠡᠷᠡᠭᠲᠡᠢ᠃ ᠡᠭᠦᠨ ᠳᠤ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠤᠰᠤ ᠠᠰᠠᠷᠠᠨ ᠲᠡᠵᠢᠬᠡᠵᠤ ᠪᠠᠶᠢᠭ᠎ᠠ ᠡᠴᠢᠭᠡ ᠡᠬᠡ ᠪᠠᠨ ᠡᠷᠢᠵᠦ ᠣᠯᠬᠤ ᠦᠬᠡᠢ ᠭᠤᠯᠣᠭᠳᠠᠭᠰᠠᠨ ᠨᠢᠯᠬ᠎ᠠ ᠬᠡᠦᠬᠡᠳ᠂ ᠬᠡᠦᠬᠡᠳ ᠢ  ᠦᠷᠡᠴᠢᠯᠡᠬᠦ ᠳᠤ ᠦᠷᠡᠴᠢᠯᠡᠭᠴᠢ ᠨᠢ ᠭᠡᠷᠡᠴᠢᠯᠡᠬᠦ ᠮᠠᠲ᠋ᠧᠷᠢᠶᠠᠯ ᠢ ᠲᠤᠰᠢᠶᠠᠬᠤ ᠬᠡᠷᠡᠭᠲᠡᠢ᠄   ︵ᠨᠢᠭᠡ︶ ᠦᠷᠡᠴᠢᠯᠡᠭᠴᠢ ᠶᠢᠨ ᠪᠠᠶᠢᠡᠭᠭᠤ ᠰᠠᠭᠤᠳᠠᠭ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠬᠢᠨ ᠤ ᠭᠠᠷᠭᠠᠭᠰᠠᠨ ᠦᠷᠡᠴᠢᠯᠡᠭᠴᠢ ᠶᠢᠨ ᠦᠷ᠎ᠡ ᠬᠡᠤᠬᠡᠳ ᠤᠨ ᠪᠠᠶᠢᠳᠠᠯ ᠤᠨ ᠭᠡᠷᠡᠴᠢ᠃   ︵ᠬᠤᠶᠠᠷ︶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠤᠨ ᠬᠢᠨ ᠤ ᠭᠠᠷᠭᠠᠭᠰᠠᠨ ᠭᠤᠯᠣᠭᠳᠠᠭᠰᠠᠨ ᠨᠢᠯᠬ᠎ᠠ ᠬᠡᠦᠬᠡᠳ᠂ ᠬᠡᠦᠬᠡᠳ ᠢ ᠣᠯᠵᠤ ᠠᠪᠤᠭᠠᠳ ᠬᠡᠷᠡᠭ ᠮᠡᠳᠡᠭᠦᠯᠦᠭᠰᠡᠨ ᠭᠡᠷᠡᠴᠢ᠃ᠳᠠᠭᠠᠭᠤᠯᠵᠤ ᠢᠷᠡᠭᠰᠡᠨ ᠦᠷ᠎ᠡ ᠬᠡᠦᠬᠡᠳ ᠢ ᠦᠷᠡᠴᠢᠯᠡᠪᠡᠯ ᠵᠥᠪᠬᠡᠨ ᠰᠠᠭᠤᠭᠠᠯᠢ ᠠᠷᠠᠳ ᠤᠨ ᠡᠷᠦᠭᠡ ᠠᠮᠠ ᠶᠢᠨ ᠲᠡᠩᠰᠠ ᠶᠢᠨ ᠳᠡᠪᠲᠡᠷ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ᠦᠷᠡᠴᠢᠯᠡᠭᠴᠢ ᠨᠢ ᠦᠷᠡᠴᠢᠯᠡᠭᠳᠡᠭᠴᠢ  ᠶᠢᠨ ᠲᠦᠷᠦᠭᠰᠡᠨ ᠡᠴᠢᠭᠡ ᠪᠤᠶᠤ ᠲᠦᠷᠦᠭᠰᠡᠨ ᠡᠬᠡ ᠲᠠᠢ ᠪᠠᠨ ᠤᠷᠤᠭᠯᠠᠭᠰᠠᠨ ᠭᠡᠷᠡᠴᠢ ᠶᠢ ᠯᠡ ᠲᠤᠰᠢᠶᠠᠪᠠᠯ ᠪᠤᠯᠴᠢᠬᠠᠨ᠎ᠠ᠃   ᠡᠷᠭᠦᠨ ᠲᠡᠵᠢᠭᠡᠭᠴᠢ ᠶᠢᠨ ᠭᠠᠷᠭᠠᠭᠰᠠᠨ ᠦᠷ᠎ᠡ ᠬᠡᠦᠬᠡᠳ ᠤᠨ ᠪᠠᠶᠢᠳᠠᠯ ᠤᠨ ᠲᠤᠬᠠᠢ ᠢᠯᠡᠷᠬᠡᠶᠢᠯᠡᠯᠲᠡ ᠶᠢ ᠳᠠᠩᠰᠠᠯᠠᠬᠤ ᠪᠠᠶᠢᠭᠤᠯᠭ᠎ᠠ ᠶᠢᠨ ᠬᠢᠨ ᠬᠠᠷᠭᠤᠭᠤᠯᠵᠤ ᠪᠤᠯᠤᠨ᠎ᠠ᠃    ᠳᠣᠯᠣᠳᠤᠭᠠᠷ ᠵᠦᠢᠯ᠄ ᠬᠡᠤᠬᠡᠳ ᠢ ᠦᠷᠡᠴᠢᠯᠡᠬᠦᠯᠦᠭᠴᠢ ᠨᠢ ᠦᠷᠡᠴᠢᠯᠡᠭᠴᠢ ᠶᠢᠨ ᠲᠠᠩᠰᠠᠯᠠᠭᠤᠯᠬᠤ ᠪᠠᠶᠢᠭᠤᠯᠭ᠎ᠠ  ᠳᠤ  ᠲᠠᠷᠠᠭᠠᠬᠢ ᠭᠡᠷᠡᠴᠢ ᠦᠨᠡᠮᠯᠡᠯ ᠪᠠ ᠭᠡᠷᠡᠴᠢᠯᠡᠬᠦ ᠮᠠᠲ᠋ᠧᠷᠢᠶᠠᠯ ᠢ ᠲᠤᠰᠢᠶᠠᠬᠤ ᠬᠡᠷᠡᠭᠲᠡᠢ᠄   ︵ᠨᠢᠭᠡ︶ ᠬᠡᠤᠬᠡᠳ ᠢ ᠦᠷᠡᠴᠢᠯᠡᠬᠦᠯᠦᠭᠴᠢ ᠶᠢᠨ ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ︵ᠬᠢᠨᠠᠨ ᠬᠠᠮᠠᠭᠠᠯᠠᠭᠴᠢ ᠪᠣᠯᠬᠤ ᠶᠢ ᠵᠣᠬᠢᠶᠠᠨ ᠪᠠᠶᠢᠭᠤᠯᠤᠭᠰᠠᠨ ᠪᠤᠯ ᠲᠡᠭᠦᠨ ᠤ ᠬᠠᠷᠢᠭᠤᠴᠠᠯᠭᠠᠲᠠᠨ ᠤ ᠪᠡᠶ᠎ᠡ ᠶᠢᠨ ᠦᠨᠡᠮᠯᠡᠯ ᠢ ᠲᠤᠰᠢᠶᠠᠨ᠎ᠠ︶᠃   ︵ᠬᠤᠶᠠᠷ︶  ᠦᠷᠡᠴᠢᠯᠡᠬᠦᠯᠬᠦ ᠪᠠᠷ ᠬᠦᠷᠭᠡᠬᠦ ᠦᠶ᠎ᠡ ᠳᠤ ᠠᠰᠠᠷᠠᠨ ᠲᠡᠵᠢᠭᠡᠬᠦ ᠡᠭᠦᠷᠭᠡ ᠲᠠᠢ ᠪᠤᠰᠤᠳ ᠬᠥᠮᠥᠨ ᠤ ᠵᠥᠪᠰᠢᠶᠡᠷᠡᠯ ᠢ ᠣᠯᠬᠤ ᠬᠡᠷᠡᠭᠲᠡᠢ ᠭᠡᠵᠦ ᠢᠷᠭᠡᠨ ᠤ ᠬᠠᠤᠯᠢ ᠶᠢᠨ ᠪᠢᠴᠢᠭ ᠲᠤ ᠲᠣᠭᠲᠠᠭᠠᠭᠰᠠᠨ ᠪᠥᠭᠡᠳ ᠠᠰᠠᠷᠠᠨ ᠲᠡᠵᠢᠭᠡᠬᠦ ᠡᠭᠦᠷᠭᠡ ᠲᠠᠢ ᠪᠤᠰᠤᠳ ᠬᠥᠮᠥᠨ ᠤ  ᠦᠷᠡᠴᠢᠯᠡᠬᠦᠯᠬᠦ ᠪᠠᠷ ᠬᠦᠷᠭᠡᠬᠦ ᠶᠢ ᠵᠥᠪᠰᠢᠶᠡᠷᠡᠭᠰᠡᠨ ᠪᠢᠴᠢᠭ ᠤᠨ ᠰᠠᠨᠠᠯ ᠢ ᠲᠤᠰᠢᠶᠠᠬᠤ ᠬᠡᠷᠡᠭᠲᠡᠢ ᠬᠡᠰᠡᠨ ᠶᠤᠮ᠃   ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠨᠢ ᠦᠷᠡᠴᠢᠯᠡᠬᠦᠯᠪᠡᠯ ᠪᠠᠰᠠ ᠭᠤᠯᠣᠭᠳᠠᠮᠠᠯ ᠨᠢᠯᠬ᠎ᠠ ᠬᠡᠦᠬᠡᠳ᠂ ᠬᠡᠦᠬᠡᠳ ᠤᠨ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠳᠤ ᠣᠷᠣᠭᠰᠠᠨ ᠠᠩᠬᠠᠨ ᠤ ᠲᠡᠮᠳᠡᠭᠯᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠤᠨ ᠬᠢᠨ ᠤ ᠭᠠᠷᠭᠠᠭᠰᠠᠨ ᠭᠤᠯᠣᠭᠳᠠᠮᠠᠯ ᠨᠢᠯᠬ᠎ᠠ ᠬᠡᠦᠬᠡᠳ᠂ ᠬᠡᠦᠬᠡᠳ ᠢ ᠣᠯᠵᠤ ᠠᠪᠤᠭᠠᠳ ᠬᠡᠷᠡᠭ ᠮᠡᠳᠡᠭᠦᠯᠦᠭᠰᠡᠨ ᠭᠡᠷᠡᠴᠢ᠂ ᠡᠰᠡᠬᠦᠯ᠎ᠡ ᠥᠨᠥᠴᠢᠨ ᠬᠡᠦᠬᠡᠳ ᠤᠨ ᠲᠦᠷᠦᠭᠰᠡᠨ ᠡᠴᠢᠭᠡ ᠡᠬᠡ ᠨᠢ ᠦᠬᠦᠭᠰᠡᠨ ᠪᠤᠶᠤ ᠦᠬᠦᠭᠰᠡᠨ ᠢ ᠵᠠᠷᠯᠠᠭᠰᠠᠨ ᠭᠡᠷᠡᠴᠢ ᠶᠢ ᠲᠤᠰᠢᠶᠠᠬᠤ ᠬᠡᠷᠡᠭᠲᠡᠢ᠃   ᠬᠢᠨᠠᠨ ᠬᠠᠮᠠᠭᠠᠯᠠᠭᠴᠢ ᠨᠢ  ᠦᠷᠡᠴᠢᠯᠡᠬᠦᠯᠦᠭᠴᠢ ᠪᠤᠯ ᠬᠢᠨᠠᠨ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠢ ᠡᠭᠦᠷᠭᠡᠯᠡᠭᠰᠡᠨ ᠭᠡᠷᠡᠴᠢ᠂ ᠥᠨᠥᠴᠢᠨ ᠬᠡᠦᠬᠡᠳ ᠤᠨ ᠡᠴᠢᠭᠡ ᠡᠬᠡ ᠨᠢ ᠦᠬᠦᠭᠰᠡᠨ ᠪᠤᠶᠤ ᠦᠬᠦᠭᠰᠡᠨ ᠢ ᠵᠠᠷᠯᠠᠭᠰᠠᠨ ᠭᠡᠷᠡᠴᠢ᠂ ᠡᠰᠡᠬᠦᠯ᠎ᠡ  ᠦᠷᠡᠴᠢᠯᠡᠭᠳᠡᠭᠴᠢ ᠶᠢᠨ ᠡᠴᠢᠭᠡ ᠡᠬᠡ ᠨᠢ ᠢᠷᠭᠡᠨ ᠤ ᠬᠡᠷᠡᠭ ᠤᠨ ᠪᠦᠷᠢᠨ ᠠᠵᠢᠯᠯᠠᠭ᠎ᠠ ᠶᠢᠨ ᠴᠢᠳᠠᠪᠤᠷᠢ ᠦᠬᠡᠢ ᠪᠥᠭᠡᠳ ᠦᠷᠡᠴᠢᠯᠡᠭᠳᠡᠭᠴᠢ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠤᠭᠰᠠᠨ ᠭᠡᠷᠡᠴᠢ ᠶᠢ ᠲᠤᠰᠢᠶᠠᠬᠤ ᠬᠡᠷᠡᠭᠲᠡᠢ᠃   ᠲᠦᠷᠦᠭᠰᠡᠨ ᠡᠴᠢᠭᠡ ᠡᠬᠡ ᠨᠢ ᠦᠷᠡᠴᠢᠯᠡᠬᠦᠯᠪᠡᠯ᠂ ᠣᠨᠴᠠᠭᠠᠶ ᠬᠦᠴᠢᠷᠳᠡᠯ ᠲᠠᠢ ᠠᠴᠠ ᠪᠣᠯᠵᠤ ᠦᠷ᠎ᠡ ᠬᠡᠦᠬᠡᠳ ᠢᠶᠠᠨ ᠠᠰᠠᠷᠠᠨ ᠲᠡᠵᠢᠭᠡᠬᠦ ᠴᠢᠳᠠᠯ ᠤᠶᠢᠭᠡᠢ ᠪᠣᠯᠤᠭᠰᠠᠨ ᠪᠤᠯ ᠪᠠᠰᠠ ᠦᠷᠡᠴᠢᠯᠡᠬᠦᠯᠦᠭᠴᠢ ᠳᠤ ᠣᠨᠴᠠᠭᠠᠶ ᠬᠦᠴᠢᠷᠳᠡᠯ ᠲᠠᠢ ᠭᠡᠰᠡᠨ ᠢᠯᠡᠷᠬᠡᠶᠢᠯᠡᠯᠲᠡ ᠶᠢ ᠳᠡᠪᠰᠢᠭᠦᠯᠬᠦ ᠬᠡᠷᠡᠭᠲᠡᠢ᠃ ᠬᠤᠯᠪᠣᠰᠤ ᠪᠠᠨ ᠠᠯᠳᠠᠭᠰᠠᠨ ᠪᠤᠶᠤ ᠨᠢᠭᠡ ᠡᠲᠡᠭᠡᠳ ᠨᠢ ᠰᠤᠷᠠᠭ ᠦᠬᠡᠢ ᠪᠣᠯᠤᠭᠰᠠᠨ ᠠᠴᠠ ᠪᠣᠯᠵᠤ ᠭᠠᠭᠴᠠ ᠡᠲᠡᠭᠡᠳ ᠨᠢ ᠦᠷᠡᠴᠢᠯᠡᠬᠦᠯᠪᠡᠯ ᠬᠤᠯᠪᠣᠰᠤ ᠶᠢᠨ ᠦᠬᠦᠭᠰᠡᠨ ᠪᠤᠶᠤ ᠰᠤᠷᠠᠭ ᠦᠬᠡᠢ ᠪᠣᠯᠤᠭᠰᠠᠨ ᠭᠡᠷᠡᠴᠢ ᠶᠢ ᠪᠠᠰᠠ ᠲᠤᠰᠢᠶᠠᠬᠤ ᠬᠡᠷᠡᠭᠲᠡᠢ᠃  ᠦᠷᠡᠴᠢᠯᠡᠬᠦᠯᠦᠭᠴᠢ  ᠶᠢᠨ ᠣᠨᠴᠠᠭᠠᠶ ᠬᠦᠴᠢᠷᠳᠡᠯ ᠲᠠᠢ ᠬᠡᠰᠡᠨ ᠢᠯᠡᠷᠬᠡᠶᠢᠯᠡᠯᠲᠡ ᠶᠢ ᠳᠠᠩᠰᠠᠯᠠᠬᠤ ᠪᠠᠶᠢᠭᠤᠯᠭ᠎ᠠ ᠠᠴᠠ ᠪᠠᠶᠢᠴᠠᠭᠠᠨ ᠬᠠᠷᠭᠤᠭᠤᠯᠵᠤ ᠪᠣᠯᠣᠨ᠎ᠠ᠃ ᠦᠷ᠎ᠡ ᠬᠡᠦᠬᠡᠳ ᠢ ᠨᠢ ᠭᠤᠷᠪᠠᠨ ᠦᠶ᠎ᠡ ᠶᠢᠨ ᠳᠣᠲᠣᠷᠠᠬᠢ ᠦᠶᠡᠯᠢᠳ ᠬᠠᠶᠠᠯᠢᠳ ᠴᠢᠰᠤᠨ ᠲᠥᠷᠥᠯ ᠨᠢ ᠦᠷᠡᠴᠢᠯᠡᠪᠡᠯ ᠪᠠᠰᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠭᠠᠷᠭᠠᠭᠰᠠᠨ ᠪᠤᠶᠤ ᠠᠯᠪᠠᠨ ᠭᠡᠷᠡᠴᠢᠯᠡᠭᠡ ᠬᠢᠯᠭᠡᠭᠰᠡᠨ ᠦᠷᠡᠴᠢᠯᠡᠭᠳᠡᠭᠴᠢ ᠲᠠᠢ ᠲᠥᠷᠥᠯ ᠰᠠᠳᠤᠨ ᠤ ᠬᠠᠷᠢᠴᠠᠭ᠎ᠠ ᠲᠠᠢ ᠪᠠᠶᠢᠬᠤ ᠭᠡᠷᠡᠴᠢ ᠶᠢ ᠲᠤᠰᠢᠶᠠᠬᠤ ᠬᠡᠷᠡᠭᠲᠡᠢ᠃    ᠦᠷᠡᠴᠢᠯᠡᠭᠳᠡᠭᠴᠢ ᠨᠢ ᠵᠡᠮᠳᠡᠭ ᠬᠡᠦᠬᠡᠳ ᠪᠤᠯ ᠪᠠᠰᠠ ᠰᠢᠶᠠᠨ ᠤ ᠱᠠᠲᠤᠨ ᠠᠴᠠ ᠳᠡᠭᠡᠭᠰᠢᠬᠢ ᠡᠮ ᠡᠮᠨᠡᠯᠭᠡ ᠶᠢᠨ ᠪᠠᠶᠢᠭᠤᠯᠤᠮᠵᠢ ᠶᠢᠨ ᠭᠠᠷᠭᠠᠭᠰᠠᠨ ᠲᠤᠰ ᠬᠡᠦᠬᠡᠳ ᠤᠨ ᠵᠡᠮᠳᠡᠭ ᠪᠣᠯᠤᠭᠰᠠᠨ ᠭᠡᠷᠡᠴᠢ ᠶᠢ ᠲᠤᠰᠢᠶᠠᠬᠤ ᠬᠡᠷᠡᠭᠲᠡᠢ᠃   ᠨᠠᠢᠮᠠᠳᠤᠭᠠᠷ ᠵᠦᠢᠯ᠄  ᠬᠡᠤᠬᠡᠳ ᠦᠷᠡᠴᠢᠯᠡᠬᠦ ᠶᠢ ᠳᠠᠩᠰᠠᠯᠠᠬᠤ ᠪᠠᠶᠢᠭᠤᠯᠭ᠎ᠠ ᠨᠢ ᠬᠡᠤᠬᠡᠳ ᠦᠷᠡᠴᠢᠯᠡᠬᠦ ᠶᠢ ᠳᠠᠩᠰᠠᠯᠠᠭᠤᠯᠬᠤ ᠭᠤᠶᠤᠴᠢᠯᠠᠯ ᠪᠠ ᠬᠤᠯᠪᠣᠭᠳᠠᠯ ᠪᠦᠬᠦᠢ ᠮᠠᠲ᠋ᠧᠷᠢᠶᠠᠯ ᠢ ᠣᠯᠣᠭᠰᠠᠨ ᠤ ᠲᠡᠷᠠᠭ᠎ᠠ ᠮᠠᠷᠭᠠᠰᠢ ᠠᠴᠠ ᠨᠢ ᠡᠬᠢᠯᠡᠬᠡᠳ 30 ᠬᠤᠨᠤᠭ  ᠤᠨ ᠳᠣᠲᠣᠷ᠎ᠠ ᠬᠢᠨᠠᠨ ᠪᠠᠶᠢᠴᠠᠭᠠᠬᠤ ᠬᠡᠷᠡᠭᠲᠡᠢ᠃ ᠢᠷᠭᠡᠨ ᠤ ᠬᠠᠤᠯᠢ ᠶᠢᠨ ᠪᠢᠴᠢᠭ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠤᠯ ᠲᠤᠬᠠᠢ ᠶᠢᠨ ᠬᠥᠮᠥᠨ ᠳᠤ ᠬᠡᠤᠬᠡᠳ ᠦᠷᠡᠴᠢᠯᠡᠬᠦ ᠶᠢ ᠳᠠᠩᠰᠠᠯᠠᠭᠤᠯᠵᠤ᠂  ᠬᠡᠤᠬᠡᠳ ᠦᠷᠡᠴᠢᠯᠡᠬᠦ᠋ᠢ ᠳᠠᠩᠰᠠᠯᠠᠭᠤᠯᠤᠭᠰᠠᠨ ᠦᠨᠡᠮᠯᠡᠯ ᠣᠯᠭᠤᠨ᠎ᠠ᠂  ᠦᠷᠡᠴᠢᠯᠡᠬᠦ ᠬᠠᠷᠢᠴᠠᠭ᠎ᠠ  ᠨᠢ ᠳᠠᠩᠰᠠᠯᠠᠭᠤᠯᠤᠭᠰᠠᠨ ᠡᠳᠦᠷ ᠠᠴᠠ ᠡᠬᠢᠯᠡᠵᠦ ᠪᠠᠶᠢᠭᠤᠯᠤᠭᠳᠠᠨ᠎ᠠ᠃ ᠢᠷᠭᠡᠨ ᠤ ᠬᠠᠤᠯᠢ ᠶᠢᠨ ᠪᠢᠴᠢᠭ ᠲᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠪᠠᠶᠢᠪᠠᠯ ᠲᠠᠩᠰᠠᠯᠠᠵᠤ ᠥᠭᠬᠦ ᠦᠭᠡᠢ ᠪᠥᠭᠡᠳ ᠲᠤᠬᠠᠢ ᠶᠢᠨ ᠬᠥᠮᠥᠨ ᠳᠤ ᠤᠴᠢᠷ ᠰᠢᠯᠲᠠᠭᠠᠨ ᠢ ᠨᠢ ᠲᠣᠳᠣᠷᠬᠠᠶᠢᠯᠠᠵᠤ ᠥᠭᠭᠦᠨ᠎ᠡ᠃   ᠲᠦᠷᠦᠭᠰᠡᠨ ᠡᠴᠢᠭᠡ ᠡᠬᠡ ᠪᠠᠨ ᠡᠷᠢᠵᠦ ᠣᠯᠬᠤ  ᠦᠭᠡᠢ ᠪᠣᠯᠤᠭᠰᠠᠨ ᠭᠤᠯᠣᠭᠳᠠᠮᠠᠯ ᠨᠢᠯᠬ᠎ᠠ ᠬᠡᠦᠬᠡᠳ᠂ ᠬᠡᠦᠬᠡᠳ ᠢ ᠡᠷᠭᠦᠨ ᠲᠡᠵᠢᠬᠡᠪᠡᠯ ᠬᠡᠤᠬᠡᠳ ᠦᠷᠡᠴᠢᠯᠡᠬᠦ ᠶᠢ ᠳᠠᠩᠰᠠᠯᠠᠬᠤ ᠪᠠᠶᠢᠭᠤᠯᠭ᠎ᠠ ᠨᠢ ᠳᠠᠩᠰᠠᠯᠠᠬᠤ ᠠᠴᠠ ᠪᠠᠨ ᠡᠮᠦᠨ᠎ᠡ ᠲᠦᠷᠦᠭᠰᠡᠨ ᠡᠴᠢᠭᠡ ᠡᠬᠡ ᠶᠢ ᠨᠢ ᠡᠷᠢᠬᠦ ᠪᠠᠷ ᠵᠠᠷᠯᠠᠨ ᠨᠡᠶᠢᠲᠡᠯᠡᠬᠦ ᠬᠡᠷᠡᠭᠲᠡᠢ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠪᠦᠬᠦᠯᠢ 60 ᠬᠤᠨᠤᠭ ᠪᠣᠯᠲᠠᠯ᠎ᠠ ᠭᠤᠯᠣᠭᠳᠠᠭᠰᠠᠨ ᠨᠢᠯᠬ᠎ᠠ ᠬᠡᠦᠬᠡᠳ᠂ ᠬᠡᠦᠬᠡᠳ ᠤᠨ ᠲᠦᠷᠦᠭᠰᠡᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠨᠢ ᠲᠠᠨᠢᠵᠤ ᠠᠪᠤᠭᠰᠠᠨ ᠦᠭᠡᠢ ᠪᠠᠶᠢᠪᠠᠯ ᠲᠦᠷᠦᠭᠰᠡᠨ ᠡᠴᠢᠭᠡ ᠡᠬᠡ ᠶᠢ ᠨᠢ ᠡᠷᠢᠵᠦ ᠣᠯᠬᠤ ᠦᠭᠡᠢ ᠭᠤᠯᠣᠭᠳᠠᠭᠰᠠᠨ ᠨᠢᠯᠬ᠎ᠠ ᠬᠡᠦᠬᠡᠳ᠂ ᠬᠡᠦᠬᠡᠳ ᠢᠶᠠᠷ ᠦᠵᠡᠨ᠎ᠡ᠃ ᠠᠯᠪᠠᠨ ᠵᠠᠷ ᠤᠨ ᠬᠤᠭᠤᠴᠠᠭ᠎ᠠ ᠶᠢ ᠲᠠᠩᠰᠠᠯᠠᠵᠦ ᠭᠦᠢᠴᠡᠳᠬᠡᠬᠦ ᠬᠤᠭᠤᠴᠠᠭᠠᠨ ᠳᠤ ᠣᠷᠣᠭᠤᠯᠵᠤ ᠪᠤᠳᠤᠬᠤ ᠦᠭᠡᠢ᠃    ᠶᠢᠰᠦᠳᠦᠭᠡᠷ ᠵᠦᠢᠯ᠄  ᠦᠷᠡᠴᠢᠯᠡᠬᠦ ᠬᠠᠷᠢᠴᠠᠭ᠎ᠠ ᠪᠠᠶᠢᠭᠤᠯᠤᠭᠳᠠᠭᠰᠠᠨ ᠤ ᠲᠡᠷᠠᠭ᠎ᠠ ᠦᠷᠡᠴᠢᠯᠡᠭᠳᠡᠭᠴᠢ ᠳᠤ ᠡᠷᠦᠭᠡ ᠠᠮᠠ ᠶᠢᠨ ᠳᠠᠩᠰᠠᠯᠠᠯᠲᠠ ᠬᠢᠬᠦ ᠪᠤᠶᠤ ᠨᠡᠭᠦᠯᠭᠡᠨ ᠰᠢᠯᠵᠢᠭᠦᠯᠬᠦ ᠭᠠᠷ ᠭᠦᠢᠴᠡᠳᠬᠡᠯ ᠬᠢᠵᠦ ᠥᠭᠬᠦ ᠴᠢᠬᠤᠯᠠᠲᠠᠢ ᠪᠠᠶᠢᠪᠠᠯ ᠦᠷᠡᠴᠢᠯᠡᠭᠴᠢ ᠨᠢ  ᠬᠡᠤᠬᠡᠳ ᠦᠷᠡᠴᠢᠯᠡᠬᠦ ᠶᠢ ᠳᠠᠩᠰᠠᠯᠠᠭᠤᠯᠤᠭᠰᠠᠨ ᠦᠨᠡᠮᠯᠡᠯ ᠢᠶᠠᠨ ᠠᠪᠴᠤ ᠡᠷᠦᠭᠡ ᠠᠮᠠ ᠶᠢᠨ ᠳᠠᠩᠰᠠᠯᠠᠯᠲᠠ ᠶᠢᠨ ᠪᠠᠶᠢᠭᠤᠯᠭ᠎ᠠ ᠳᠤ ᠣᠴᠢᠵᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃    ᠠᠷᠪᠠᠳᠤᠭᠠᠷ ᠵᠦᠢᠯ᠄ ᠦᠷᠡᠴᠢᠯᠡᠭᠰᠡᠨ ᠬᠠᠷᠢᠴᠠᠭ᠎ᠠ ᠶᠢᠨ ᠲᠤᠬᠠᠢ ᠶᠢᠨ ᠬᠥᠮᠥᠨ ᠨᠢ ᠬᠡᠯᠡᠯᠴᠡᠵᠦ ᠪᠠᠶᠢᠭᠠᠳ ᠦᠷᠡᠴᠢᠯᠡᠭᠰᠡᠨ ᠬᠠᠷᠢᠴᠠᠭ᠎ᠠ ᠪᠠᠨ ᠴᠤᠴᠠᠯᠠᠬᠤ ᠬᠡᠪᠡᠯ ᠴᠤᠴᠠᠯᠠᠬᠴᠢ ᠨᠢ ᠰᠠᠭᠤᠭᠠᠯᠢ ᠠᠷᠠᠳ ᠤᠨ ᠡᠷᠦᠭᠡ ᠠᠮᠠ ᠶᠢᠨ ᠲᠡᠩᠰᠠ ᠶᠢᠨ ᠳᠡᠪᠲᠡᠷ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂  ᠬᠡᠤᠬᠡᠳ ᠦᠷᠡᠴᠢᠯᠡᠬᠦ ᠶᠢ ᠳᠠᠩᠰᠠᠯᠠᠭᠤᠯᠤᠭᠰᠠᠨ ᠦᠨᠡᠮᠯᠡᠯ ᠪᠠ  ᠦᠷᠡᠴᠢᠯᠡᠭᠰᠡᠨ ᠬᠠᠷᠢᠴᠠᠭ᠎ᠠ ᠪᠠᠨ ᠴᠤᠴᠠᠯᠬᠤ ᠪᠢᠴᠢᠭ ᠤᠨ ᠬᠡᠯᠡᠯᠴᠡᠭᠡᠷ ᠢᠶᠠᠨ ᠠᠪᠴᠤ᠂  ᠦᠷᠡᠴᠢᠯᠡᠭᠳᠡᠭᠴᠢ ᠶᠢᠨ ᠪᠠᠶᠢᠩᠭᠤ ᠰᠠᠭᠤᠭ᠎ᠠ ᠡᠷᠦᠭᠡ ᠠᠮᠠ ᠶᠢᠨ ᠲᠡᠩᠰᠠ ᠪᠠᠶᠢᠭ᠎ᠠ ᠭᠠᠵᠠᠷ ᠤᠨ ᠬᠡᠤᠬᠡᠳ ᠦᠷᠡᠴᠢᠯᠡᠬᠦ ᠶᠢ ᠳᠠᠩᠰᠠᠯᠠᠬᠤ ᠪᠠᠶᠢᠭᠤᠯᠭ᠎ᠠ ᠳᠤ ᠬᠠᠮᠲᠤ ᠪᠠᠷ ᠣᠴᠢᠵᠤ ᠦᠷᠡᠴᠢᠯᠡᠬᠦ ᠬᠠᠷᠢᠴᠠᠭ᠎ᠠ ᠪᠠᠨ ᠴᠤᠴᠠᠯᠤᠭᠰᠠᠨ ᠳᠠᠩᠰᠠᠯᠠᠯᠲᠠ ᠬᠢᠯᠭᠡᠬᠦ ᠬᠡᠷᠡᠭᠲᠡᠢ᠃ᠠᠷᠪᠠᠨ ᠨᠢᠭᠡᠳᠦᠭᠡᠷ ᠵᠦᠢᠯ᠄ ᠬᠡᠤᠬᠡᠳ ᠦᠷᠡᠴᠢᠯᠡᠬᠦ ᠶᠢ ᠳᠠᠩᠰᠠᠯᠠᠬᠤ ᠪᠠᠶᠢᠭᠤᠯᠭ᠎ᠠ ᠨᠢ  ᠦᠷᠡᠴᠢᠯᠡᠭᠰᠡᠨ ᠬᠠᠷᠢᠴᠠᠭ᠎ᠠ ᠪᠠᠨ ᠴᠤᠴᠠᠯᠬᠤ ᠳᠠᠩᠰᠠᠯᠠᠯᠲᠠ ᠶᠢᠨ ᠪᠢᠴᠢᠭ ᠪᠠ ᠬᠤᠯᠪᠣᠭᠳᠠᠯ ᠪᠦᠬᠦᠢ ᠮᠠᠲ᠋ᠧᠷᠢᠶᠠᠯ ᠢ ᠣᠯᠣᠭᠰᠠᠨ ᠤ ᠲᠡᠷᠠᠭ᠎ᠠ᠂ ᠮᠠᠷᠭᠠᠰᠢ ᠠᠴᠠ ᠨᠢ   ᠡᠬᠢᠯᠡᠬᠡᠳ 30 ᠬᠤᠨᠤᠭ ᠤᠨ ᠳᠣᠲᠣᠷ᠎ᠠ ᠬᠢᠨᠠᠨ ᠪᠠᠶᠢᠴᠠᠭᠠᠬᠤ ᠬᠡᠷᠡᠭᠲᠡᠢ᠃ ᠢᠷᠭᠡᠨ ᠤ ᠬᠠᠤᠯᠢ ᠶᠢᠨ ᠪᠢᠴᠢᠭ ᠤᠨ ᠲᠣᠭᠲᠠᠭᠠᠯ ᠳᠤ ᠨᠡᠶᠢᠴᠡᠵᠦ ᠪᠠᠶᠢᠪᠠᠯ ᠲᠤᠬᠠᠢ ᠶᠢᠨ ᠬᠥᠮᠥᠨ ᠢ ᠦᠷᠡᠴᠢᠯᠡᠭᠰᠡᠨ ᠬᠠᠷᠢᠴᠠᠭ᠎ᠠ ᠪᠠᠨ ᠴᠤᠴᠠᠯᠤᠭᠰᠠᠨ ᠳᠠᠩᠰᠠᠯᠠᠯᠲᠠ ᠬᠢᠯᠭᠡᠵᠦ᠂  ᠬᠡᠤᠬᠡᠳ ᠦᠷᠡᠴᠢᠯᠡᠬᠦ ᠶᠢ ᠳᠠᠩᠰᠠᠯᠠᠭᠤᠯᠤᠭᠰᠠᠨ ᠦᠨᠡᠮᠯᠡᠯ ᠢ ᠨᠢ ᠬᠤᠷᠢᠶᠠᠨ ᠠᠪᠴᠤ᠂  ᠦᠷᠡᠴᠢᠯᠡᠭᠰᠡᠨ ᠬᠠᠷᠢᠴᠠᠭ᠎ᠠ ᠪᠠᠨ ᠴᠤᠴᠠᠯᠤᠭᠰᠠᠨ ᠭᠡᠷᠡᠴᠢ ᠣᠯᠭᠤᠨ᠎ᠠ᠃   ᠠᠷᠪᠠᠨ ᠬᠤᠶᠠᠳᠤᠭᠠᠷ ᠵᠦᠢᠯ᠄ ᠦᠷᠡᠴᠢᠯᠡᠬᠦ ᠬᠠᠷᠢᠴᠠᠭ᠎ᠠ ᠲᠠᠢ ᠲᠤᠬᠠᠢ ᠶᠢᠨ ᠬᠥᠮᠥᠨ ᠳᠤ ᠭᠡᠷᠡᠴᠢᠯᠡᠬᠦ ᠮᠠᠲ᠋ᠧᠷᠢᠶᠠᠯ ᠭᠠᠷᠭᠠᠵᠤ ᠥᠭᠬᠦ ᠵᠣᠬᠢᠶᠠᠨ ᠪᠠᠶᠢᠭᠤᠯᠤᠯᠲᠠ ᠨᠢ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ ᠦᠨᠡᠨ ᠮᠥᠨ ᠢᠶᠠᠷ  ᠨᠢ ᠭᠠᠷᠭᠠᠵᠤ ᠥᠭᠬᠦ ᠬᠡᠷᠡᠭᠲᠡᠢ᠃ ᠬᠤᠳᠠᠯ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠭᠠᠷᠭᠠᠵᠤ ᠥᠭᠭᠦᠭᠰᠡᠨ ᠪᠠᠶᠢᠪᠠᠯ  ᠬᠡᠤᠬᠡᠳ ᠦᠷᠡᠴᠢᠯᠡᠬᠦ ᠶᠢ ᠳᠠᠩᠰᠠᠯᠠᠬᠤ ᠪᠠᠶᠢᠭᠤᠯᠭ᠎ᠠ ᠶᠢᠨ ᠬᠢᠨ ᠬᠤᠳᠠᠯ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠢ ᠨᠢ ᠬᠤᠷᠢᠶᠠᠨ ᠠᠪᠬᠤ ᠪᠥᠭᠡᠳ ᠰᠢᠭᠤᠳ ᠬᠠᠷᠢᠭᠤᠴᠠᠯᠭ᠎ᠠ ᠲᠠᠢ ᠬᠥᠮᠥᠨ ᠢ ᠨᠢ ᠰᠢᠭᠦᠮᠵᠢᠯᠡᠵᠦ ᠰᠤᠷᠭᠠᠬᠤ ᠪᠤᠶᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ᠂ ᠰᠠᠬᠢᠯᠭ᠎ᠠ ᠪᠠᠲᠤ ᠶᠢᠨ ᠰᠢᠢᠳᠬᠡᠯ ᠥᠭᠭᠦᠭᠦᠯᠬᠦ ᠪᠠᠷ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠳᠤ ᠰᠠᠨᠠᠭᠤᠯᠬᠤ ᠬᠡᠷᠡᠭᠲᠡᠢ᠃   ᠠᠷᠪᠠᠨ ᠭᠤᠷᠪᠠᠳᠤᠭᠠᠷ ᠵᠦᠢᠯ᠄ ᠦᠷᠡᠴᠢᠯᠡᠭᠰᠡᠨ ᠬᠠᠷᠢᠴᠠᠭ᠎ᠠ ᠶᠢᠨ ᠲᠤᠬᠠᠢ ᠶᠢᠨ ᠬᠥᠮᠥᠨ ᠨᠢ ᠬᠤᠳᠠᠯ ᠬᠡᠯᠡᠵᠦ ᠬᠠᠭᠤᠷᠮᠠᠭᠯᠠᠨ ᠦᠢᠯᠡᠳᠴᠦ ᠬᠡᠤᠬᠡᠳ ᠦᠷᠡᠴᠢᠯᠡᠬᠦ ᠳᠠᠩᠰᠠᠯᠠᠯᠲᠠ ᠶᠢ ᠮᠡᠬᠡᠯᠡᠨ ᠣᠯᠣᠭᠰᠠᠨ ᠪᠠᠶᠢᠪᠠᠯ ᠦᠷᠡᠴᠢᠯᠡᠭᠰᠡᠨ ᠬᠠᠷᠢᠴᠠᠭ᠎ᠠ ᠨᠢ ᠬᠦᠴᠦᠨ ᠦᠬᠡᠢ᠂  ᠬᠡᠤᠬᠡᠳ ᠦᠷᠡᠴᠢᠯᠡᠬᠦ ᠶᠢ ᠳᠠᠩᠰᠠᠯᠠᠬᠤ ᠪᠠᠶᠢᠭᠤᠯᠭ᠎ᠠ ᠠᠴᠠ ᠳᠠᠩᠰᠠᠯᠠᠯᠲᠠ ᠶᠢ  ᠨᠢ ᠬᠦᠴᠦᠨ ᠦᠬᠡᠢ ᠪᠣᠯᠭᠠᠵᠤ᠂  ᠬᠡᠤᠬᠡᠳ ᠦᠷᠡᠴᠢᠯᠡᠬᠦ ᠪᠠᠷ ᠳᠠᠩᠰᠠᠯᠠᠭᠤᠯᠤᠭᠰᠠᠨ ᠦᠨᠡᠮᠯᠡᠯ ᠢ ᠨᠢ ᠬᠤᠷᠢᠶᠠᠨ ᠠᠪᠤᠨ᠎ᠠ᠃   ᠠᠷᠪᠠᠨ ᠳᠥᠷᠪᠡᠳᠦᠭᠡᠷ ᠵᠦᠢᠯ᠄ ᠲᠤᠰ ᠠᠷᠭ᠎ᠠ ᠳᠤ ᠲᠣᠭᠲᠠᠭᠠᠭᠰᠠᠨ ᠬᠡᠤᠬᠡᠳ ᠦᠷᠡᠴᠢᠯᠡᠬᠦ ᠶᠢ ᠳᠠᠩᠰᠠᠯᠠᠭᠤᠯᠤᠭᠰᠠᠨ ᠦᠨᠡᠮᠯᠡᠯ᠂ ᠦᠷᠡᠴᠢᠯᠡᠭᠰᠡᠨ ᠬᠠᠷᠢᠴᠠᠭ᠎ᠠ ᠶᠢ ᠴᠤᠴᠠᠯᠤᠭᠰᠠᠨ ᠭᠡᠷᠡᠴᠢ ᠶᠢᠨ ᠬᠡᠪ ᠵᠠᠭᠪᠤᠷ ᠢ ᠲᠤᠶᠢᠷᠦ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠲᠣᠭᠲᠠᠭᠠᠨ᠎ᠠ᠃     ᠠᠷᠪᠠᠨ ᠲᠠᠪᠤᠳᠤᠭᠠᠷ ᠵᠦᠢᠯ᠄ ᠲᠤᠮᠳᠠᠳᠤ ᠶᠢᠨ ᠬᠠᠷᠢᠶᠠᠲᠤ ᠪᠤᠯᠤᠨ ᠰᠢᠶᠠᠩᠭᠠᠩ᠂ ᠣᠣᠮᠧᠨ᠂ ᠲᠠᠶᠢᠸᠠᠨ ᠣᠷᠣᠨ ᠳᠤ ᠰᠠᠭᠤᠵᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ ᠳᠣᠲᠣᠷ᠎ᠠ ᠭᠠᠵᠠᠷ ᠲᠤ ᠦᠷ᠎ᠡ ᠬᠡᠦᠬᠡᠳ ᠦᠷᠡᠴᠢᠯᠡᠪᠡᠯ ᠬᠡᠤᠬᠡᠳ ᠦᠷᠡᠴᠢᠯᠡᠬᠦ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠶᠢᠨ ᠬᠠᠷᠢᠶᠠᠯᠠᠯ ᠪᠤᠯᠤᠨ ᠭᠠᠷᠭᠠᠵᠤ ᠥᠭᠬᠦ ᠴᠢᠬᠤᠯᠠᠲᠠᠢ ᠭᠡᠷᠡᠴᠢ ᠦᠨᠡᠮᠯᠡᠯ ᠪᠠ ᠭᠡᠷᠡᠴᠢᠯᠡᠬᠦ ᠮᠠᠲ᠋ᠧᠷᠢᠶᠠᠯ ᠢ ᠲᠦᠷᠤ ᠶᠢᠨ ᠶᠠᠪᠤᠳᠠᠯ ᠤᠨ ᠬᠤᠷᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃     ᠠᠷᠪᠠᠨ ᠵᠢᠷᠭᠤᠳᠤᠭᠠᠷ ᠵᠦᠢᠯ᠄ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号