ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠨᠠᠰᠤᠵᠢᠯ ᠤᠨ ᠠᠰᠠᠷᠠᠮᠵᠢ ᠶᠢᠨ ᠭᠠᠵᠠᠷ ᠤᠨ ᠨᠠᠮ ᠤᠨ ᠡᠭᠦᠷ᠂ ᠨᠡᠶᠢᠭᠡᠮ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠡᠭᠦᠷ ᠤᠨ ᠬᠢᠨ ᠲᠠᠢ ᠬᠠᠮᠲᠤᠷᠠᠨ ︽ᠨᠠᠰᠤᠲᠠᠶᠢᠴᠤᠳ ᠤᠨ ᠡᠷᠡᠬᠦᠯ ᠮᠡᠨᠳᠤ ᠳᠤ ᠦᠢᠯᠡᠴᠢᠯᠡᠵᠤ ᠨᠠᠰᠤᠲᠠᠶᠢᠴᠤᠳ ᠤᠨ ᠰᠡᠳᠬᠢᠯ ᠢ ᠬᠠᠶᠢᠷ᠎ᠠ ᠪᠠᠷ ᠳᠤᠯᠠᠭᠠᠴᠠᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/2/9
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠨᠠᠰᠤᠲᠠᠶᠢᠴᠤᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠠᠮ ᠤᠨ ᠠᠴᠢ ᠶᠢ ᠮᠡᠳᠡᠷᠡᠵᠤ᠂ ᠨᠠᠮ ᠤᠨ ᠦᠭᠡ ᠶᠢ ᠰᠤᠨᠤᠰᠤᠨ᠂ ᠨᠠᠮ ᠢᠶᠠᠨ ᠳᠠᠭᠠᠬᠤ︾ ᠣᠯᠠᠨ  ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ  ᠠᠬᠢᠭᠤᠯᠬᠤ ᠶᠢᠨ ᠲᠦᠯᠤᠬᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠰᠤᠵᠢᠯ ᠤᠨ ᠠᠰᠠᠷᠠᠮᠵᠢ ᠶᠢᠨ ᠭᠠᠵᠠᠷ ᠤᠨ ᠨᠠᠮ ᠤᠨ ᠡᠭᠦᠷ ᠤᠨ ᠬᠢᠨ ᠤᠷᠴᠢᠮ ᠳᠤ ᠨᠡᠶᠢᠭᠡᠮ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠡᠭᠦᠷ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠳ ᠤᠨ ᠨᠡᠶᠢᠭᠡᠮᠯᠢᠭ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯ  ᠢ ᠹᠢᠽᠢᠺ ᠵᠠᠰᠠᠯ ᠢᠶᠠᠷ ᠵᠠᠰᠠᠬᠤ ᠨᠡᠶᠢᠭᠡᠮᠯᠢᠭ ᠤᠨ ᠬᠢᠨ ᠲᠠᠢ ᠬᠠᠮᠲᠤᠷᠠᠨ  ︽ᠨᠠᠰᠤᠲᠠᠶᠢᠴᠤᠳ ᠤᠨ ᠡᠷᠡᠬᠦᠯ ᠮᠡᠨᠳᠤ ᠳᠤ ᠦᠢᠯᠡᠴᠢᠯᠡᠵᠤ ᠨᠠᠰᠤᠲᠠᠶᠢᠴᠤᠳ ᠤᠨ ᠰᠡᠳᠬᠢᠯ ᠢ ᠬᠠᠶᠢᠷ᠎ᠠ ᠪᠠᠷ ᠳᠤᠯᠠᠭᠠᠴᠠᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠲᠢᠶᠠᠨ ᠽᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ ᠬᠦᠷᠴᠦ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠪᠡ᠃    ᠲᠣᠰ ᠠᠵᠢᠯᠯᠠᠭ᠎ᠠ ᠪᠠᠷ 30 ᠭᠠᠷᠤᠢ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠠᠩᠭᠠᠭᠰᠠᠨ ᠪᠠᠶᠢᠨ᠎ᠠ᠃ ᠡᠮᠨᠡᠯᠭᠡ ᠶᠢᠨ ᠠᠵᠢᠯᠲᠠᠳ ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠠᠶᠢᠳᠠᠯ ᠢ ᠨᠠᠷᠢᠨ ᠬᠢᠨᠠᠮᠠᠭᠠᠢ ᠠᠰᠠᠭᠤᠨ᠂ ᠲᠡᠳᠡᠨ ᠳᠤ ᠬᠡᠪᠡᠯᠢ ᠶᠢᠨ ᠬᠡᠰᠡᠭ ᠤᠨ B ᠬᠡᠲᠦ ᠳᠣᠯᠭᠢᠶᠠᠨ᠂ ᠵᠢᠷᠦᠬᠡᠨ ᠤ ᠯᠤᠭᠰᠢᠯᠲᠠ ᠶᠢᠨ ᠵᠢᠷᠤᠭ᠂ ᠪᠡᠶ᠎ᠡ ᠶᠢᠨ ᠪᠠᠶᠢᠴᠠᠭᠠᠯᠲᠠ᠂ ᠴᠢᠰᠤᠨ ᠤ ᠬᠡᠪ ᠤᠨ ᠪᠠᠶᠢᠳᠠᠯ᠂ ᠴᠢᠰᠤᠨ ᠤ ᠠᠮᠢᠳᠤ ᠪᠣᠳᠠᠰ ᠤᠨ ᠬᠢᠮᠢ᠂ ᠰᠢᠭᠡᠰᠦᠨ ᠤ ᠬᠡᠪ ᠤᠨ ᠪᠠᠶᠢᠳᠠᠯ ᠢ ᠲᠤᠰᠬᠠᠢ  ᠪᠠᠶᠢᠴᠠᠭᠠᠬᠰᠠᠨ ᠪᠥᠭᠡᠳ ᠨᠠᠰᠤᠲᠠᠶᠢᠴᠤᠳ ᠤᠨ ᠡᠷᠡᠭᠦᠯ ᠮᠡᠨᠳᠦ ᠳᠤ ᠲᠤᠰᠬᠠᠢ ᠮᠡᠷᠭᠡᠵᠢᠯ ᠤᠨ ᠰᠠᠨᠠᠭᠤᠯᠭ᠎ᠠ ᠬᠠᠩᠭᠠᠵᠤ᠂ ᠬᠥᠯ ᠵᠠᠰᠠᠬᠤ ᠹᠢᠽᠢᠺ ᠵᠠᠰᠠᠯ ᠤᠨ ᠨᠡᠶᠢᠭᠡᠮᠯᠢᠭ ᠤᠨ ᠰᠠᠶᠢᠨ ᠲᠤᠷᠠᠴᠤᠤᠯ ᠤᠨ ᠪᠦᠯᠬᠦᠮ ᠤᠨ ᠬᠢᠨ ᠪᠠᠰᠠ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ ᠬᠥᠯ ᠢ ᠨᠢ ᠢᠯᠢᠵᠤ ᠨᠤᠬᠤᠯᠵᠤ ᠥᠭᠭᠦᠭᠰᠡᠨ ᠪᠠᠶᠢᠨ᠎ᠠ᠃  ᠲᠣᠰ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠦᠭᠰᠡᠨ ᠨᠢ ᠨᠠᠰᠤᠲᠠᠶᠢᠴᠤᠳ ᠲᠤ ᠬᠠᠯᠠᠭᠤᠨ ᠳᠤᠯᠠᠭᠠᠨ ᠪᠠ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠵᠦ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂  ᠠᠮᠤᠷ  ᠠᠮᠤᠭᠤᠯᠠᠩ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠠᠰᠠᠷᠠᠵᠤ ᠨᠠᠰᠤᠲᠠᠨ ᠢᠶᠠᠨ ᠲᠤᠰᠠᠯᠠᠬᠤ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠵᠠᠢ᠃    ᠥᠪᠥᠷ ᠮᠣᠩᠭᠤᠯ ᠤᠨ ᠲᠧᠯᠸᠢᠰ ᠬᠤᠷᠢᠶ᠎ᠠ ᠶᠢᠨ ᠪᠧᠨ ᠲᠸᠡᠭ ᠬᠠᠮ ᠵᠠᠭᠤᠴᠢᠯᠠᠭᠤᠷ ᠤᠨ ᠬᠢᠨ ᠲᠤᠰ ᠠᠵᠢᠯᠯᠠᠭ᠎ᠠ ᠶᠢ ᠪᠦᠬᠦ ᠶᠠᠪᠤᠴᠠ ᠪᠠᠷ ᠰᠢᠭᠤᠳ ᠨᠡᠪᠲᠡᠷᠡᠭᠦᠯᠵᠡᠢ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号