ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠡᠦᠬᠡᠳ ᠤᠨ ᠠᠰᠠᠷᠠᠮᠵᠢ ᠶᠢᠨ ᠭᠠᠵᠠᠷ ᠤᠨ ᠨᠠᠮ ᠤᠨ ᠡᠭᠦᠷ᠂ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ᠂ ᠬᠥᠬᠡᠬᠤᠲᠠ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ ᠤᠨ ᠨᠠᠮ ᠤᠨ ᠡᠭᠦᠷ ᠤᠨ ᠬᠢᠨ ᠬᠠᠮᠲᠤᠷᠠᠨ ︽  ᠶᠡᠭᠡ ᠬᠠᠶᠢᠷ᠎ᠠ ᠶᠢᠨ ᠤᠮᠠᠷᠠᠳᠤ ᠬᠢᠯᠢ᠂ ᠬᠡᠦᠬᠡᠳ  ᠤᠨ ᠢᠷᠡᠭᠡᠳᠦᠢ ᠶᠢ ᠬᠠᠯᠠᠮᠵᠢᠯᠠᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/3/15
     ᠭᠡᠷ ᠲᠤ ᠪᠠᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠬᠤ ᠠᠵᠢᠯ ᠢ ᠰᠠᠶᠢᠲᠤᠷ ᠬᠢᠵᠦ᠂ ᠬᠡᠦᠬᠡᠳ ᠤᠨ ᠠᠰᠠᠷᠠᠮᠵᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠡᠦᠬᠡᠳ ᠤᠨ ᠠᠰᠠᠷᠠᠮᠵᠢ ᠶᠢᠨ ᠭᠠᠵᠠᠷ ᠤᠨ ᠨᠠᠮ ᠤᠨ ᠡᠭᠦᠷ ᠤᠨ ᠬᠢᠨ3 ᠳ᠋ᠤᠭᠠᠷ ᠰᠠᠷ᠎ᠠ ᠶᠢᠨ 6 ᠤ ᠡᠳᠦᠷ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ᠂ ᠬᠥᠬᠡᠬᠤᠲᠠ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ ᠤᠨ ᠨᠠᠮ ᠤᠨ ᠡᠭᠦᠷ ᠤᠨ ᠬᠢᠨ ᠲᠠᠢ ᠬᠠᠮᠲᠤᠷᠠᠨ ︽ᠶᠡᠭᠡ ᠬᠠᠶᠢᠷ᠎ᠠ ᠶᠢᠨ ᠤᠮᠠᠷᠠᠳᠤ ᠬᠢᠯᠢ᠂ ᠬᠡᠦᠬᠡᠳ ᠤᠨ ᠢᠷᠡᠭᠡᠳᠦᠢ ᠶᠢ ᠬᠠᠯᠠᠮᠵᠢᠯᠠᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃     ᠲᠤᠰ ᠭᠤᠣᠯ ᠰᠡᠳᠦᠪᠲᠦ ᠨᠠᠮ ᠤᠨ ᠡᠳᠦᠷ ᠤᠨ ᠬᠠᠮᠲᠤᠷᠠᠭᠰᠠᠨ ᠠᠵᠢᠯᠯᠠᠭ᠎ᠠ ᠳᠤ ︽ᠶᠠᠷᠢᠯᠴᠠᠬᠤ᠂ ᠪᠠᠶᠢᠴᠠᠭᠠᠨ ᠰᠤᠳᠤᠯᠬᠤ︾ ᠠᠷᠭ᠎ᠠ ᠶᠢ ᠠᠪᠤᠬᠰᠠᠨ ᠤ ᠵᠤᠷᠢᠯᠭ᠎ᠠ ᠨᠢ ᠦᠨᠳᠦᠰᠦᠨ ᠱᠠᠲᠤᠨ ᠤ ᠭᠡᠷ ᠲᠤ ᠪᠠᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠬᠤ ᠠᠵᠢᠯ ᠤᠨ ᠪᠠᠶᠢᠳᠠᠯ ᠢ ᠭᠦᠨᠵᠡᠭᠡᠢ ᠣᠶᠢᠯᠠᠭᠠᠵᠤ᠂ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠠᠵᠢᠯ ᠤᠨ ᠰᠡᠳᠬᠢᠴᠡ ᠪᠠᠨ ᠲᠡᠭᠦᠯᠳᠡᠷᠵᠢᠭᠦᠯᠵᠦ᠂ ᠨᠠᠮ ᠤᠨ ᠭᠡᠰᠢᠭᠦᠨ ᠤ ︽ᠨᠠᠮ ᠤᠨ ᠪᠠᠶᠢᠭᠤᠯᠤᠯᠲᠠ ᠪᠠᠷ ᠠᠵᠢᠯ ᠢᠶᠠᠨ ᠠᠬᠢᠭᠤᠯᠵᠤ᠂ ᠠᠵᠢᠯ ᠢᠶᠠᠷ ᠨᠠᠮ ᠤᠨ ᠪᠠᠶᠢᠭᠤᠯᠤᠯᠲᠠ ᠪᠠᠨ ᠬᠦᠴᠦᠷᠬᠡᠭᠵᠢᠭᠦᠯᠬᠦ︾ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠴᠢᠩᠭᠠᠳᠬᠠᠵᠤ᠂ ︽ᠶᠡᠭᠡ ᠬᠠᠶᠢᠷ᠎ᠠ ᠶᠢᠨ ᠤᠮᠠᠷᠠᠳᠤ ᠬᠢᠯᠢ᠂ ᠬᠡᠦᠬᠡᠳ ᠤᠨ ᠢᠷᠡᠭᠡᠳᠦᠢ ᠶᠢ ᠬᠠᠯᠠᠮᠵᠢᠯᠠᠶ᠎ᠠ︾ — ᠨᠠᠮ ᠤᠨ ᠪᠠᠶᠢᠭᠤᠯᠤᠯᠲᠠ ᠪᠠᠷ ᠬᠡᠦᠬᠡᠳ ᠤᠨ ᠠᠰᠠᠷᠠᠮᠵᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠠᠭᠠᠭᠤᠯᠬᠤ ᠠᠵᠢᠯ ᠤᠨ ᠲᠦᠷᠦᠯ ᠲᠡᠮᠳᠡᠭ ᠢ ᠦᠷᠭᠦᠯᠵᠢᠯᠡᠨ ᠡᠭᠦᠳᠬᠦ ᠶᠤᠮ᠃       ᠬᠤᠷᠠᠯ ᠳᠤ ᠣᠷᠣᠯᠴᠠᠭᠰᠠᠳ ᠭᠡᠷ ᠲᠤ ᠪᠠᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠬᠰᠠᠨ ᠨᠡᠶᠢᠲᠡᠯᠢᠭ ᠬᠡᠷᠡᠭ ᠤᠨ ᠵᠢᠱᠢᠶ᠎ᠡ᠂ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠥᠯᠥ ᠭᠦᠷᠦᠭᠰᠡᠳ ᠢ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠬᠦ ᠨᠢᠬᠡᠴᠢ ᠶᠢ ᠡᠭᠦᠳᠦᠨ ᠪᠠᠶᠢᠭᠤᠯᠤᠭᠰᠠᠨ᠂ ᠡᠯ᠎ᠡ ᠱᠠᠲᠤᠨ ᠤ ᠭᠡᠷ ᠲᠤ ᠪᠠᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ  ᠬᠠᠯᠠᠮᠵᠢᠯᠠᠬᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠤᠭᠰᠠᠨ ᠵᠡᠷᠭᠡ ᠪᠠᠶᠢᠳᠠᠯ ᠤᠨ ᠲᠤᠬᠠᠢ  ᠪᠤᠳᠤᠯ ᠰᠠᠨᠠᠯ ᠢᠶᠠᠨ ᠭᠦᠨᠵᠡᠭᠡᠢ ᠰᠣᠯᠢᠯᠴᠠᠪᠠ᠃ ᠤᠯᠠᠨ ᠢᠶᠠᠷ ᠢᠶᠠᠨ᠄ ︽ᠡᠷᠡᠯᠬᠡᠭᠯᠡᠨ ᠤᠷᠤᠭᠰᠢᠯᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠬᠡᠦᠬᠡᠳ ᠤᠨ ᠠᠰᠠᠷᠠᠮᠵᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ︾ ᠭᠡᠵᠦ ᠢᠯᠡᠳᠬᠡᠵᠡᠭᠡᠪᠡ᠃     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠡᠦᠬᠡᠳ ᠤᠨ ᠠᠰᠠᠷᠠᠮᠵᠢ ᠶᠢᠨ ᠭᠠᠵᠠᠷ ᠤᠨ ᠨᠠᠮ ᠤᠨ ᠡᠭᠦᠷ᠂ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ᠂ ᠬᠥᠬᠡᠬᠤᠲᠠ ᠶᠢᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠲᠥᠪ ᠤᠨ ᠨᠠᠮ ᠤᠨ ᠡᠭᠦᠷ ᠤᠨ ᠨᠠᠮ ᠤᠨ ᠭᠡᠰᠢᠭᠦᠨ ᠪᠠ ᠡᠯ᠎ᠡ ᠬᠤᠰᠢᠭᠤ ᠰᠢᠶᠠᠨ ᠲᠣᠭᠤᠷᠢᠭ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠵᠢᠱᠢᠶ᠎ᠡ ᠦᠷᠳᠡᠭᠡ ᠶᠢᠨ ᠬᠠᠷᠢᠭᠤᠴᠠᠯᠭᠠᠲᠠᠨ ᠵᠡᠷᠬᠡ ᠭᠤᠴᠢᠭᠠᠳ ᠬᠦᠮᠦᠰ ᠠᠵᠢᠯᠯᠠᠭ᠎ᠠ ᠳᠤ ᠤᠷᠤᠯᠴᠠᠪᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号