ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ | ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 3 ᠳ᠋ᠤᠭᠠᠷ ᠰᠠᠷ᠎ᠠ ᠶᠢᠨ 15 ᠤ ᠡᠳᠦᠷ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ 2 ᠳ᠋ᠤᠭᠠᠷ | ᠰᠠᠷ᠎ᠠ ᠶᠢᠨ 29 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ᠂ ᠲᠥᠪ ᠤᠨ | ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ︽ᠴᠢᠨᠠᠷ ᠰᠠᠶᠢᠲᠠᠢ ᠥᠨᠳᠥᠷ | ᠪᠦᠲᠦᠮᠵᠢᠲᠡᠶ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮ ᠢ ᠲᠦᠷᠭᠡᠨ ᠪᠠᠶᠢᠭᠤᠯᠬᠤ ᠠᠵᠢᠯᠯᠠᠭ᠎ᠠ ᠶᠢᠨ | ᠲᠥᠰᠥᠯ︾ ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ | ᠠᠷᠭ᠎ᠠ︾ ᠶᠢ ᠬᠢᠨᠠᠨ ᠵᠥᠪᠯᠡᠵᠦ ᠪᠠᠳᠤᠯᠠᠬᠰᠠᠨ ᠪᠦᠬᠡᠳ ᠠᠷᠪᠢᠳᠠᠢ ᠭᠠᠮᠳᠠᠢ ᠠᠮᠢᠳᠤᠷᠠᠵᠤ᠂ ᠥᠷᠢ ᠥᠭᠴᠡᠭᠡ ᠶᠢᠨ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ︽ᠨᠢᠭᠡ ᠪᠦᠰᠡ ᠨᠢᠭᠡ ᠵᠠᠮ︾ ᠤᠨ ᠨᠠᠢᠮᠠᠨ ᠠᠵᠢᠯᠯᠠᠭ᠎ᠠ ᠶᠢᠨ ᠠᠷᠭ᠎ᠠ ᠶᠢ | ᠨᠠᠶᠢᠳᠠᠪᠤᠷᠢᠵᠢᠭᠤᠯᠬᠤ ᠵᠡᠷᠭᠡ ᠵᠦᠢᠯᠡᠰ ᠢ ᠰᠤᠳᠤᠯᠪᠠ᠃ | ᠬᠤᠷᠠᠯ ᠲᠡᠬᠡᠷ᠎ᠡ ᠰᠢ ᠶᠢᠨ ᠫᠢᠡᠭ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠶᠤᠰᠤᠴᠢᠯᠠᠨ ᠲᠤᠭᠤᠰᠢᠯᠠᠭᠤᠯᠵᠤ᠂ ᠠᠵᠢᠯ ᠢ ᠪᠤᠰᠢᠭᠤᠬᠠᠨ ᠪᠠᠶᠢᠷᠢᠯᠠᠭᠤᠯᠵᠤ᠂ ︽ᠵᠢᠷᠭᠤᠭᠠᠨ | ᠢᠨᠵᠧᠨᠧᠷᠢᠩ︾᠂ ᠪᠡᠭᠡᠵᠢᠩ᠂ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠵᠢᠷᠭᠤᠭ᠎ᠠ ᠶᠢ ᠲᠠᠬᠢᠨ ᠢᠶᠠᠷ | ᠨᠡᠮᠡᠭᠳᠡᠭᠦᠯᠬᠦ ᠲᠥᠯᠥᠪᠯᠡᠭᠡ︾᠂ ᠬᠠᠪᠤᠷ ᠤᠨ ᠲᠠᠷᠢᠶᠠᠯᠠᠭ᠎ᠠ᠂ ᠠᠵᠤ ᠦᠢᠯᠡᠳᠪᠦᠷᠢ ᠶᠢᠨ ᠦᠢᠯᠡᠳᠪᠤᠷᠢᠯᠡᠯ ᠢ ᠬᠡᠮᠵᠢᠶ᠎ᠡ | ᠪᠠ ᠭᠠᠷᠤᠯᠲᠠ ᠶᠢᠨ ᠪᠠᠷᠢᠮᠵᠢᠶ᠎ᠠ ᠳᠤ ᠬᠦᠷᠭᠡᠬᠦ ᠵᠡᠷᠭᠡ ᠭᠤᠣᠯᠳᠠᠯᠭ᠎ᠠ ᠲᠠᠢ ᠠᠵᠢᠯ ᠢ ᠨᠢᠭᠡ ᠮᠥᠴᠡ ᠴᠦ ᠰᠤᠯᠠᠷᠠᠭᠤᠯᠤᠯ | ᠦᠭᠡᠢ ᠠᠬᠢᠭᠤᠯᠵᠤ᠂ ᠲᠦᠷᠤᠬᠦᠤ ᠤᠯᠠᠷᠢᠯ ᠳᠤ ᠰᠠᠶᠢᠨ ᠡᠬᠢᠯᠡᠯᠲᠡ ᠲᠠᠢ ᠪᠤᠯᠭᠠᠬᠤ ᠬᠡᠷᠡᠭᠲᠡᠢ᠃ ᠲᠥᠬᠦᠭᠡᠷᠦᠮᠵᠢ ᠶᠢ | ᠶᠡᠭᠡ ᠬᠡᠪᠴᠢᠶ᠎ᠡ ᠪᠠᠷ ᠰᠢᠨᠡᠳᠬᠡᠬᠦ ᠪᠠ ᠬᠠᠭᠤᠴᠢᠨ ᠬᠡᠷᠡᠭᠯᠡᠭᠡᠨ ᠤ ᠵᠦᠢᠯ ᠢ ᠰᠢᠨ᠎ᠡ ᠶᠢ ᠰᠣᠯᠢᠬᠤ ᠶᠢ ᠠᠬᠢᠭᠤᠯᠵᠤ᠂ | ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠵᠠᠮ | ᠲᠡᠭᠡᠭᠡᠪᠦᠷᠢ ᠶᠢᠨ ᠠᠵᠤ ᠦᠢᠯᠡᠰ ᠢ ᠪᠤᠵᠠᠭᠠᠶᠢᠷᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠲᠡᠬᠡᠷ᠎ᠡ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠦᠢᠯᠡᠴᠢᠯᠡᠭᠡᠨ ᠤ ᠦᠢᠯᠡᠰ ᠤᠨ ᠰᠢᠨ᠎ᠡ | ᠰᠢᠰᠲ᠋ᠧᠮ ᠢ ᠲᠦᠷᠭᠡᠨ ᠪᠠᠶᠢᠭᠤᠯᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠠᠵᠤ ᠦᠢᠯᠡᠰ ᠲᠤ ᠠᠩᠬᠠᠷᠤᠯ ᠢᠶᠠᠨ | ᠲᠥᠪᠯᠡᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ᠂ ᠪᠡᠶ᠎ᠡ ᠶᠢᠨ ᠲᠠᠮᠢᠷ᠂ ᠡᠮ ᠡᠮᠨᠡᠯᠭᠡ᠂ ᠨᠠᠰᠤᠵᠢᠯ ᠤᠨ | ᠠᠰᠠᠷᠠᠮᠵᠢ᠂ ᠨᠠᠶᠢᠳᠠᠨ ᠬᠥᠮᠥᠵᠢᠭᠦᠯᠬᠦ᠂ ᠮᠡᠳᠡᠭᠡ ᠵᠠᠩᠭᠢ ᠶᠢᠨ ᠮᠡᠷᠭᠡᠵᠢᠯ᠂ ᠰᠢᠨ᠎ᠡ ᠡᠨᠧᠷᠭᠢ ᠶᠢᠨ ᠠᠵᠢᠯᠯᠠᠭᠤᠯᠵᠤ | ᠪᠠᠲᠤᠯᠠᠬᠤ ᠵᠡᠷᠭᠡ ᠦᠢᠯᠡᠴᠢᠯᠡᠭᠡᠨ ᠤ ᠦᠢᠯᠡᠰ ᠤᠨ ᠬᠡᠯᠪᠡᠷᠢ ᠶᠢ ᠬᠥᠭᠵᠢᠭᠦᠯᠦᠨ᠂ ᠮᠥᠩᠭᠦᠨ ᠭᠦᠢᠯᠭᠡᠭᠡᠨ ᠤ ᠡᠷᠬᠡ | ᠴᠢᠯᠦᠭᠡ ᠪᠠᠨ ᠣᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠡᠷᠦᠬᠡ ᠠᠮᠠ ᠶᠢᠨ ᠳᠠᠩᠰᠠᠨ ᠤ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠷᠦᠬᠡ ᠠᠮᠠ ᠶᠢᠨ ᠳᠠᠩᠰᠠ ᠪᠦᠬᠦᠢ ᠬᠥᠮᠥᠨ ᠠᠮᠠ ᠶᠢᠨ ᠬᠤᠲᠠ | ᠪᠠᠯᠭᠠᠰᠤᠵᠢᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠬᠤᠲᠠ ᠶᠢᠨ ᠠᠷᠠᠳ ᠤᠨ ᠬᠡᠷᠡᠭᠯᠡᠬᠡᠨ ᠤ | ᠨᠦᠬᠡᠴᠨ ᠬᠦᠴᠤᠨ ᠢ ᠬᠦᠭᠵᠢᠬᠡᠬᠦ ᠬᠡᠷᠡᠭᠳᠡᠢ ᠭᠡᠵᠤ ᠱᠠᠭᠠᠷᠳᠠᠪᠠ᠃ | ᠬᠤᠷᠠᠯ ᠲᠡᠬᠡᠷ᠎ᠡ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢ | ᠴᠢᠩᠭᠠᠳᠬᠠᠵᠤ᠂ ᠬᠠᠮᠢᠶᠠᠷᠤᠯᠲᠠ ᠶᠢᠨ ᠠᠷᠭ᠎ᠠ ᠶᠢᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠠᠳᠬᠤᠵᠤ᠂ ᠰᠠᠭᠤᠷᠢ | ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠨᠡᠶᠢᠭᠡᠮ ᠤᠨ ᠪᠡᠯᠡ ᠣᠷᠣᠭᠤᠯᠤᠯᠲᠠ ᠶᠢ | ᠳᠠᠶᠢᠴᠢᠯᠠᠬᠤ᠂ ᠠᠵᠤ ᠦᠢᠯᠡᠰ ᠤᠨ ᠬᠦᠭᠵᠢᠬᠦᠯᠤᠯᠳᠡ ᠶᠢ ᠲᠠᠶᠢᠴᠢᠯᠠᠬᠤ ᠴᠢᠬᠤᠯᠠ ᠦᠢᠯᠡᠳᠦᠯ ᠢ ᠨᠡᠩ ᠰᠠᠶᠢᠲᠤᠷ | ᠪᠠᠳᠠᠷᠠᠭᠤᠯᠬᠤ ᠬᠡᠷᠡᠭᠲᠡᠢ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ᠲᠦᠷᠦᠭᠦᠯᠡᠨ ᠠᠷᠪᠢᠯᠠᠨ ᠭᠠᠮᠨᠠᠵᠤ᠂ ᠠᠷᠪᠢᠯᠠᠨ ᠭᠠᠮᠨᠠᠬᠤ ᠲᠡᠶᠢᠰᠢ ᠬᠦᠳᠤᠯᠬᠦ ᠶᠢ ᠳᠠᠳᠬᠠᠯ᠂ ᠵᠢᠷᠤᠮᠵᠢᠯ᠂ ᠪᠣᠯᠪᠠᠰᠤᠨ | ᠰᠤᠷᠳᠠᠯ ᠪᠣᠯᠬᠤ ᠬᠡᠷᠡᠭᠲᠡᠢ᠃ ︽ᠳᠥᠷᠪᠡᠨ ᠨᠢᠭᠡ ᠪᠦᠯᠦᠭ︾ ᠵᠡᠷᠭᠡ ᠠᠷᠭ᠎ᠠ ᠶᠢ ᠶᠡᠭᠡ ᠪᠠᠷ ᠨᠠᠶᠢᠳᠠᠪᠤᠷᠢᠵᠢᠭᠤᠯᠤᠨ | ᠤᠬᠠᠭᠤᠯᠵᠤ᠂ ᠥᠷᠢ ᠥᠭᠴᠡᠭᠡ ᠶᠢᠨ ᠲᠦᠭᠰᠢᠭᠦᠷᠢ ᠶᠢ ᠴᠢᠷᠮᠠᠶᠢᠨ ᠰᠡᠷᠭᠡᠶᠢᠯᠡᠨ ᠠᠷᠢᠯᠭᠠᠬᠤ ᠬᠡᠷᠡᠭᠲᠡᠢ᠃ ︽ᠨᠢᠭᠡ | ᠪᠦᠰᠡ ᠨᠢᠭᠡ ᠵᠠᠮ︾ ᠤᠨ ᠨᠠᠢᠮᠠᠨ ᠠᠵᠢᠯᠯᠠᠭ᠎ᠠ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠵᠤ᠂ ︽ᠠᠰᠢᠭ | ᠤᠨᠠᠭᠠᠵᠤ ᠲᠡᠶᠢᠯᠬᠦ ᠦᠬᠡᠢ᠂ ᠲᠠᠭᠠᠷᠢᠭᠠᠳ ᠦᠡᠭᠭᠡᠷᠡᠬᠦ ᠯᠨ ᠲᠡᠳᠣᠢ酒肉穿肠过︾ ᠠᠰᠠᠭᠤᠳᠠᠯ ᠢ | ᠴᠢᠷᠮᠠᠶᠢᠨ ᠰᠢᠢᠳᠪᠤᠷᠢᠯᠡᠵᠤ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠠᠬᠢᠴᠠ ᠶᠢ | ᠲᠦᠷᠭᠡᠳᠬᠡᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠰᠠᠶᠢᠲᠤᠷ ᠪᠠᠶᠢᠭᠤᠯᠬᠤ | ᠬᠡᠷᠡᠭᠲᠡᠢ ᠭᠡᠵᠤ ᠲᠤᠷᠠᠳᠤᠯ᠎ᠠ᠃ | | | |