ᠮᠠᠨ ᠤ ᠤᠷᠤᠨ ᠤ ᠬᠢᠨ ᠮᠠᠯᠴᠢᠨ ᠲᠠᠷᠢᠶᠠᠴᠢᠨ ᠤ ᠬᠠᠵᠠᠭᠤ ᠬᠠᠪᠢ ᠳᠤ ᠪᠠᠨ ᠠᠵᠢᠯ ᠤᠯᠬᠤ ᠲᠡᠶᠢᠰᠢ ᠬᠦᠳᠤᠯᠵᠤ ︽ᠵᠠᠭᠤᠨ ᠰᠤᠮᠤ ᠰᠢᠶᠠᠩ ᠪᠠᠯᠭᠠᠰᠤ ᠮᠢᠩᠭᠠᠨ ᠭᠠᠴᠠᠭ᠎ᠠ ᠲᠤᠰᠬᠤᠨ ᠲᠦᠮᠡᠨ ᠬᠦᠷᠢᠶ᠎ᠡ ᠬᠠᠰᠢᠶ᠎ᠠ︾ ᠶᠢᠨ ᠠᠵᠢᠯᠯᠠᠭ᠎ᠠ ᠪᠠᠷ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠪᠤᠵᠠᠭᠠᠶᠢᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/3/18
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ  ᠬᠢᠨ ᠠᠴᠠ ᠣᠶᠢᠯᠠᠭᠠᠭᠰᠠᠨ ᠢᠶᠠᠷ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ ᠂ ᠮᠠᠯᠴᠢᠨ ᠲᠠᠷᠢᠶᠠᠴᠢᠨ ᠤ ᠬᠠᠵᠠᠭᠤ ᠬᠠᠪᠢ ᠳᠤ ᠪᠠᠨ ᠠᠵᠢᠯ ᠣᠯᠵᠤ ᠦᠢᠯᠡᠰ ᠪᠤᠰᠬᠠᠬᠤ  ᠶᠢ ᠵᠣᠷᠢᠭᠵᠢᠭᠤᠯᠤᠨ ᠲᠠᠶᠢᠴᠢᠯᠠᠬᠤ ᠶᠢᠨ ᠲᠥᠯᠥᠭᠡ   ᠮᠠᠨ ᠤ ᠤᠷᠤᠨ ᠤ ᠬᠢᠨ ︽ᠵᠠᠭᠤᠨ ᠰᠢᠶᠠᠩ ᠮᠢᠩᠭᠠᠨ ᠲᠣᠰᠬᠤᠨ ᠲᠦᠮᠡᠨ ᠬᠦᠷᠢᠶᠡᠯᠡᠩ︾ ᠤᠨ ᠠᠵᠢᠯᠯᠠᠭ᠎ᠠ ᠥᠷᠨᠢᠭᠦᠯᠵᠦ ᠬᠦᠷᠢᠶᠡᠨ ᠤ ᠠᠵᠤ ᠠᠬᠤᠢ ᠶᠢ ᠪᠤᠵᠠᠭᠠᠶᠢᠷᠠᠭᠤᠯᠬᠤ ᠪᠠᠷ ᠪᠣᠶ᠂ ︽  ᠵᠠᠭᠤᠨ ᠰᠤᠮᠤ ᠰᠢᠶᠠᠩ ᠪᠠᠯᠭᠠᠰᠤ ᠮᠢᠩᠭᠠᠨ ᠭᠠᠴᠠᠭ᠎ᠠ ᠲᠤᠰᠬᠤᠨ ᠲᠦᠮᠡᠨ ᠬᠦᠷᠢᠶ᠎ᠡ ᠬᠠᠰᠢᠶ᠎ᠠ︾ ᠤᠨ ᠠᠵᠢᠯᠯᠠᠭᠠᠨ ᠤ ᠲᠥᠰᠥᠯ ︵︽ᠠᠵᠢᠯᠯᠠᠭᠠᠨ ᠤ ᠲᠥᠰᠥᠯ︾ ᠭᠡᠵᠦ ᠲᠦᠬᠦᠮᠴᠢᠯᠡᠶ᠎ᠡ︶ ᠢ ᠲᠦᠷᠦᠭᠦᠬᠡᠨ ᠨᠡᠶᠢᠲᠡᠯᠡᠪᠡ᠃   ︽ᠠᠵᠢᠯᠯᠠᠭ᠎ᠠ ᠶᠢᠨ ᠲᠥᠰᠥᠯ︾ ᠳᠤ ᠨᠢᠭᠡ ᠪᠦᠯᠦᠭ ᠬᠦᠷᠢᠶ᠎ᠡ ᠬᠠᠰᠢᠶ᠎ᠠ ᠶᠢᠨ ᠣᠨᠴᠠᠯᠢᠭᠲᠤ ᠲᠠᠷᠢᠮᠠᠯ᠂ ᠬᠦᠷᠢᠶ᠎ᠡ ᠬᠠᠰᠢᠶ᠎ᠠ ᠶᠢᠨ ᠣᠨᠴᠠᠯᠢᠭᠲᠤ ᠲᠡᠵᠢᠭᠡᠨ ᠦᠷᠡᠵᠢᠭᠦᠯᠬᠦ ᠦᠢᠯᠡᠰ᠂ ᠬᠦᠷᠢᠶ᠎ᠡ ᠬᠠᠰᠢᠶ᠎ᠠ ᠶᠢᠨ ᠣᠨᠴᠠᠯᠢᠭᠲᠤ ᠭᠠᠷ ᠦᠢᠯᠡᠳᠪᠦᠷᠢ᠂ ᠬᠦᠷᠢᠶ᠎ᠡ ᠬᠠᠰᠢᠶ᠎ᠠ ᠶᠢᠨ ᠣᠨᠴᠠᠯᠢᠭᠲᠤ ᠰᠡᠯᠡᠭᠦᠴᠡᠯ ᠵᠢᠭᠤᠯᠴᠢᠯᠠᠯ᠂ ᠬᠦᠷᠢᠶ᠎ᠡ ᠬᠠᠰᠢᠶ᠎ᠠ ᠶᠢᠨ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡ ᠶᠢ ᠬᠥᠭᠵᠢᠭᠦᠯᠬᠦ ᠪᠠ ᠨᠢᠭᠡ ᠪᠦᠯᠦᠭ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠵᠠᠮ ᠢ ᠰᠦᠪᠡᠭᠴᠢᠯᠡᠬᠦ 6 ᠬᠦᠭᠵᠢᠬᠦᠯᠤᠯᠳᠡ ᠶᠢᠨ ᠭᠤᠣᠯᠳᠠᠯᠭ᠎ᠠ ᠶᠢ ᠲᠤᠷᠠᠳᠤᠬᠰᠠᠨ ᠤ ᠬᠠᠮᠲᠤ ᠮᠠᠯᠴᠢᠨ ᠲᠠᠷᠢᠶᠠᠴᠢᠨ ᠡᠷᠦᠬᠡ ᠶᠢ ᠭᠦᠢᠴᠡᠳ  ᠲᠠᠶᠢᠴᠢᠯᠠᠵᠤ ᠪᠠᠶᠢᠭᠠᠳ ᠬᠦᠷᠢᠶ᠎ᠡ ᠬᠠᠰᠢᠶ᠎ᠠ ᠂ ᠭᠡᠷ ᠤᠨ ᠠᠷᠤ ᠥᠪᠥᠷ ᠲᠤ ᠰᠤᠯᠠ ᠭᠠᠵᠠᠷ ᠢ ᠠᠰᠢᠭᠯᠠᠨ᠂ ᠳᠠᠷᠢᠬᠤ ᠳᠤ ᠲᠣᠬᠢᠷᠠᠪᠠᠯ ᠳᠠᠷᠢᠵᠤ᠂ ᠲᠡᠵᠢᠭᠡᠬᠦ ᠳᠤ ᠲᠣᠬᠢᠷᠠᠪᠠᠯ ᠲᠡᠵᠢᠭᠡᠵᠦ᠂ ᠬᠤᠳᠠᠯᠳᠤᠭ᠎ᠠ ᠬᠢᠬᠦ ᠳᠤ ᠲᠣᠬᠢᠷᠠᠪᠠᠯ ᠬᠤᠳᠠᠯᠳᠤᠭ᠎ᠠ ᠡᠷᠭᠢᠯᠡᠵᠦ᠂ ᠬᠥᠳᠡᠭᠡ ᠲᠣᠰᠬᠤᠨ ᠤ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠢᠷᠡᠯᠲᠡ ᠶᠢ ᠥᠷᠭᠡᠳᠬᠡᠵᠦ᠂ 2027 ᠣᠨ ᠪᠣᠯᠬᠤ ᠳᠤ 100 ᠰᠤᠮᠤ ᠰᠢᠶᠠᠩ ᠪᠠᠯᠭᠠᠰᠤ᠂ 1000 ᠭᠠᠴᠠᠭ᠎ᠠ ᠲᠣᠰᠬᠤᠨ᠂ 10000 ᠡᠵᠡᠩᠨᠡᠯᠲᠡ ᠶᠢᠨ ᠡᠷᠦᠬᠡ ᠶᠢ ᠭᠤᠣᠯᠳᠠᠯᠭ᠎ᠠ ᠲᠠᠢ ᠪᠠᠶᠢᠭᠤᠯᠵᠤ᠂ 5 ᠲᠦᠮᠡ ᠣᠷᠴᠢᠮ ᠡᠷᠦᠬᠡ ᠶᠢ ᠳᠠᠶᠢᠴᠢᠯᠠᠬᠤ ᠪᠠᠷ ᠴᠢᠷᠮᠠᠶᠢᠵᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 5000 ᠲᠥᠭᠦᠷᠢᠭ ᠠᠴᠠ ᠳᠡᠭᠡᠭᠰᠢ ᠨᠡᠮᠡᠭᠳᠡᠭᠦᠯᠬᠦ ᠡᠭᠦᠷᠭᠡ ᠬᠠᠷᠠᠯᠲᠠ ᠶᠢ ᠪᠡᠶᠡᠯᠡᠭᠦᠯᠦᠨ᠎ᠡ ᠭᠡᠵᠦ ᠲᠣᠳᠣᠷᠬᠠᠢ ᠲᠣᠭᠲᠠᠭᠠᠵᠠᠢ᠃     ︽ᠠᠵᠢᠯᠯᠠᠭ᠎ᠠ ᠶᠢᠨ ᠲᠥᠰᠥᠯ︾ ᠳᠤ ᠮᠥᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠵᠤ᠂ ᠠᠶᠢᠮᠠᠭ ᠬᠤᠲᠠ᠂ ᠬᠤᠰᠢᠭᠤ ᠰᠢᠶᠠᠨ ᠤ ᠡᠯ᠎ᠡ ᠱᠠᠲᠤᠨ ᠤ ᠡᠳ᠋ ᠤᠨ ᠵᠠᠰᠠᠭ ᠤᠨ ᠵᠣᠯᠭᠠᠭᠤᠯᠬᠤ ᠪᠡᠯᠡ ᠮᠥᠩᠭᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠡᠯᠡ ᠮᠥᠩᠭᠦ᠂ ᠴᠡᠭ ᠲᠣᠭᠲᠠᠭᠠᠨ ᠲᠡᠳᠬᠦᠬᠦ ᠪᠡᠯᠡ ᠮᠥᠩᠭᠦ᠂ ᠲᠥᠪ ᠤᠨ ᠡᠳ᠋ ᠤᠨ ᠵᠠᠰᠠᠭ ᠠᠴᠠ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠦᠭᠵᠢᠬᠦᠯᠤᠯᠳᠡ ᠶᠢ ᠳᠡᠮᠵᠢᠬᠦ ᠵᠡᠷᠭᠡ ᠣᠲᠣ ᠶᠢᠨ ᠪᠠᠶᠢᠭ᠎ᠠ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠬᠦ ᠶᠢ ᠵᠣᠷᠢᠭᠵᠢᠭᠤᠯᠵᠤ᠂ ᠭᠠᠴᠠᠭ᠎ᠠ ᠲᠣᠰᠬᠤᠨ ᠤ ᠰᠢᠨ᠎ᠡ ᠬᠡᠯᠪᠡᠷᠢ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠬᠦᠭᠵᠢᠬᠦᠯᠤᠯᠳᠡ ᠶᠢ ᠲᠡᠳᠬᠦᠬᠦ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠦᠭᠵᠢᠯᠳᠡ ᠶᠢ ᠳᠡᠮᠵᠢᠨ᠎ᠡ᠃ ᠠᠵᠢᠯ ᠢᠶᠠᠨ ᠠᠬᠢᠭᠤᠯᠬᠤ ᠡᠷᠴᠢᠮ ᠢᠶᠠᠷ ᠴᠢᠩᠭ᠎ᠠ᠂ ᠬᠥᠭᠵᠢᠯᠲᠡ ᠶᠢᠨ ᠦᠷ᠎ᠡ ᠪᠦᠲᠦᠮᠵᠢ ᠪᠠᠷ ᠰᠠᠶᠢᠨ ᠭᠠᠵᠠᠷ ᠣᠷᠣᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠤᠷᠢᠳ ᠢᠶᠠᠷ ᠦᠭᠴᠤ᠂ ᠪᠥᠬᠦ ᠣᠷᠣᠨ ᠤ  ᠲᠤᠭᠤᠷᠢᠨ ᠦᠵᠡᠵᠤ ᠰᠤᠷᠤᠯᠴᠠᠬᠤ ᠲᠤᠬᠠᠢ ᠶᠢᠨ ᠲᠠᠯᠠᠪᠤᠷ ᠤᠨ ᠬᠤᠷᠠᠯ  ᠢ ᠬᠤᠷᠠᠯᠳᠤᠭᠤᠯᠤᠨ᠎ᠠ᠃ ᠪᠥᠬᠦ ᠣᠷᠣᠨ ᠤ ᠲᠤᠬᠠᠢ ᠶᠢᠨ ᠲᠠᠯᠠᠪᠠᠶ ᠶᠢᠨ ᠬᠤᠷᠠᠯ ᠢ ᠳᠠᠭᠠᠭᠠᠨ ᠬᠢᠭᠰᠡᠨ ᠬᠤᠰᠢᠭᠤ ᠰᠢᠶᠠᠨ ᠳᠤ ᠥᠪᠡᠷᠲᠡᠭᠡᠨ ᠵᠠᠰᠠᠬᠤ ᠣᠷᠣᠨ ᠠᠴᠠ 1000 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠵᠤ᠂ ᠬᠤᠰᠢᠭᠤ ᠰᠢᠶᠠᠨ ᠨᠢ ᠪᠣᠳᠠᠲᠠᠢ ᠳᠠᠭᠠᠭᠠᠨ  ᠬᠢᠭᠰᠡᠨ ᠰᠤᠮᠤ ᠰᠢᠶᠠᠩ ᠪᠠᠯᠭᠠᠰᠤ ᠪᠠ ᠭᠠᠴᠠᠭ᠎ᠠ ᠲᠣᠰᠬᠤᠨ ᠳᠤ ᠲᠣᠰ ᠲᠣᠰ 500 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠵᠤ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠳᠡᠮᠵᠢᠬᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠬᠦ ᠳᠤ ᠬᠡᠷᠡᠭᠯᠡᠨ᠎ᠡ᠃ ᠬᠦᠷᠢᠶ᠎ᠡ ᠬᠠᠰᠢᠶᠠᠨ ᠤ ᠠᠵᠤ ᠠᠬᠤᠢ ᠶᠢᠨ ᠡᠵᠡᠩᠨᠡᠯᠲᠡ ᠶᠢᠨ ᠡᠷᠦᠬᠡ ᠶᠢᠨ ᠬᠥᠭᠵᠢᠯᠲᠡ ᠶᠢ ᠳᠠᠶᠢᠴᠢᠯᠠᠭᠰᠠᠨ ᠦᠷ᠎ᠡ ᠪᠦᠲᠦᠮᠵᠢ ᠪᠠᠷ ᠰᠠᠶᠢᠨ ᠡᠵᠡᠩᠨᠡᠭᠰᠡᠨ ᠭᠤᠣᠯ ᠴᠣᠭᠴᠠ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠢᠱᠢᠶ᠎ᠡ ᠦᠵᠡᠭᠦᠯᠬᠦ ᠬᠤᠷᠰᠢᠶ᠎ᠠ ᠪᠠ ᠬᠥᠲᠥᠴᠢ ᠠᠵᠤ ᠠᠬᠤᠶᠢᠯᠠᠯ ᠢᠶᠠᠷ ᠦᠨᠡᠯᠡᠨ᠎ᠡ᠃ ᠲᠣᠰ ᠭᠠᠵᠠᠷ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠢᠨᠵᠧᠨᠧᠷᠢᠩ ᠵᠡᠷᠭᠡ ᠠᠵᠢᠯ ᠳᠤ ᠬᠦᠷᠢᠶ᠎ᠡ ᠬᠠᠰᠢᠶᠠᠨ ᠤ ᠠᠵᠤ ᠠᠬᠤᠢ ᠶᠢᠨ ᠡᠵᠡᠩᠨᠡᠯᠲᠡ ᠶᠢᠨ ᠡᠷᠦᠬᠡ ᠶᠢᠨ  ᠬᠢᠨ ᠤᠷᠢᠳ ᠢᠶᠠᠷ ᠣᠷᠣᠯᠴᠠᠬᠤ ᠶᠢ ᠳᠡᠮᠵᠢᠨ᠎ᠡ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号